︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ | ᠭᠠᠩ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠪᠣᠯᠣᠨ ᠵᠠᠯᠠᠭᠤᠴᠤᠳ ᠤᠨ ᠰᠢᠨ᠎ᠡ ᠶᠢ ᠡᠭᠦᠳᠴᠦ | ᠦᠢᠯᠡᠰ ᠪᠣᠰᠬᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ | ᠪᠣᠣ ᠭᠠᠩ ᠨᠠᠷ ᠤᠷᠢᠳ ᠬᠤᠵᠢᠳ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠴᠡᠴᠡᠭ ᠤᠨ | ᠲᠠᠯᠠᠢ᠂ ᠣᠢ ᠶᠢᠨ ᠰᠡᠯᠡᠭᠦᠴᠡᠯ ᠤᠨ ᠭᠠᠵᠠᠷ᠂ ᠨᠠᠭᠤᠷ ᠤᠨ ᠦᠵᠡᠮᠵᠢᠲᠦ ᠭᠠᠵᠠᠷ᠂ ᠬᠤᠳᠠ ᠶᠢᠨ ᠬᠡᠭᠡᠷ᠎ᠡ | ᠪᠠᠭᠤᠳᠠᠯᠯᠠᠬᠤ ᠭᠠᠵᠠᠷ ᠪᠣᠯᠣᠨ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠴᠡᠴᠡᠷᠯᠢᠭ ᠵᠡᠷᠭᠡ | ᠭᠠᠵᠠᠷ ᠤᠳ ᠢᠶᠠᠷ ᠬᠦᠷᠴᠦ᠂ ᠠᠳᠠᠯᠢ ᠪᠤᠰᠤ ᠭᠤᠣᠯ ᠰᠡᠳᠦᠪᠲᠦ ᠦᠵᠡᠮᠵᠢ ᠶᠢᠨ ᠣᠷᠣᠨ ᠤ ᠪᠠᠶᠢᠭᠤᠯᠤᠯᠲᠠ ᠵᠢᠴᠢ | ᠦᠵᠡᠮᠵᠢ ᠶᠢᠨ ᠣᠷᠣᠨ ᠤ ᠬᠠᠮᠢᠶᠠᠷᠤᠯᠲᠠ᠂ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ | ᠬᠡᠯᠡᠬᠦ ᠳᠡᠭᠡᠨ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠪᠣᠯ ᠲᠥᠪ ᠬᠤᠲᠠ ᠶᠢᠨ ᠡᠮᠦᠨᠡᠲᠦ | ᠬᠡᠰᠡᠭ ᠤᠨ ᠠᠮᠢ ᠠᠬᠤᠢ ᠶᠢᠨ ᠬᠠᠯᠬᠠᠪᠴᠢ ᠮᠥᠨ᠂ ᠮᠥᠨ ᠴᠦ ᠬᠤᠲᠠ ᠶᠢᠨ ᠠᠷᠠᠳ ᠤᠨ ᠪᠠᠶᠢᠭᠠᠯᠢ ᠳᠤ ᠠᠭᠤᠰᠴᠤ᠂ | ᠬᠡᠭᠡᠷ᠎ᠡ ᠲᠠᠯ᠎ᠠ ᠳᠤ ᠣᠶᠢᠷᠠᠲᠤᠨ ᠠᠮᠠᠷᠠᠵᠤ ᠰᠡᠯᠡᠭᠦᠴᠡᠬᠦ ᠱᠠᠭᠠᠷᠳᠠᠯᠭ᠎ᠠ ᠶᠢ ᠬᠠᠩᠭᠠᠵᠤ ᠪᠠᠶᠢᠨ᠎ᠠ᠂ ᠬᠤᠲᠠ ᠶᠢᠨ | ᠲᠡᠭᠦᠷᠭᠡ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠲᠦᠯᠬᠢᠨ ᠠᠬᠢᠭᠤᠯᠬᠤ ᠳᠤᠮᠳᠠ᠂ ᠠᠮᠢ | ᠠᠬᠤᠢ ᠶᠢᠨ ᠵᠠᠰᠠᠯᠲᠠ ᠶᠢ ᠰᠣᠶᠣᠯ ᠵᠢᠭᠤᠯᠴᠢᠯᠠᠯ ᠤᠨ ᠠᠵᠤ ᠦᠢᠯᠡᠰ ᠯᠦᠭᠡ ᠬᠠᠷᠢᠯᠴᠠᠨ ᠤᠶᠠᠯᠳᠤᠭᠤᠯᠵᠤ᠂ | ᠴᠢᠳᠠᠮᠵᠢ ᠶᠢ ᠨᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠢᠨᠠᠷ ᠲᠠᠰ ᠢ ᠨᠢ ᠳᠡᠭᠡᠭᠰᠢᠯᠡᠭᠦᠯᠵᠦ᠂ | ᠵᠤᠭᠠᠴᠠᠭᠰᠠᠳ ᠤᠨ ᠢᠳᠡᠬᠦ᠂ ᠬᠤᠨᠣᠬᠤ᠂ ᠵᠤᠭ᠎ᠠ ᠴᠡᠩᠭᠡᠯ ᠵᠡᠷᠭᠡ ᠲᠠᠯ᠎ᠠ ᠶᠢᠨ ᠲᠣᠭᠤᠷᠢᠨ ᠳᠤ ᠨᠠᠷᠢᠯᠢᠭ ᠰᠣᠳᠣᠨ | ᠪᠦᠲᠦᠭᠡᠯ ᠤᠨ ᠲᠠᠯ᠎ᠠ ᠪᠠᠷ ᠬᠦᠴᠦ ᠣᠷᠤᠭᠤᠯᠵᠤ᠂ ᠣᠨᠴᠠᠯᠢᠭᠲᠤ ᠵᠢᠭᠤᠯᠴᠢᠯᠠᠯ ᠤᠨ ᠦᠢᠯᠡᠰ ᠤᠨ ᠬᠡᠯᠪᠡᠷᠢ | ᠪᠠᠶᠢᠳᠠᠯ ᠢ ᠶᠡᠬᠡᠪᠡᠷ ᠨᠡᠭᠡᠭᠡᠨ ᠬᠥᠭᠵᠢᠭᠦᠯᠵᠦ᠂ ᠡᠯ᠎ᠡ ᠲᠥᠷᠥᠯ ᠤᠨ ᠬᠥᠮᠥᠰ ᠤᠨ ᠣᠷᠤᠯᠴᠠᠬᠤ ᠲᠥᠷᠥᠭᠳᠡᠯ᠂ | ᠣᠶᠢᠯᠠᠭᠠᠬᠤ ᠲᠥᠷᠥᠭᠳᠡᠯ ᠢ ᠨᠡᠮᠡᠭᠳᠡᠭᠦᠯᠦᠨ᠂ ᠵᠤᠭᠠᠴᠠᠭᠰᠠᠳ ᠤᠨ ᠣᠯᠠᠨ ᠶᠠᠩᠵᠤ ᠶᠢᠨ᠂ ᠥᠪᠡᠷᠮᠢᠴᠡ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠶᠡᠭᠡ ᠲᠦᠷᠭᠡᠨ ᠭᠤᠣᠯ ᠳᠠᠭᠠᠤ ᠶᠢᠨ ᠲᠣᠰᠬᠤᠨ ᠤ ᠰᠠᠭᠤᠭᠠᠯᠢ ᠠᠷᠠᠳ ᠤᠨ | ᠠᠶᠢᠯ ᠪᠠᠭᠤᠴᠠ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠵᠤ᠂ ᠠᠮᠢ ᠠᠬᠤᠢ ᠶᠢᠨ ᠦᠷᠳᠡᠭ ᠤᠨ | ᠬᠤᠪᠢᠷᠠᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠬᠡᠷᠡᠭᠲᠡᠢ᠃ ᠤᠰᠤᠨ ᠳᠡᠭᠡᠷ᠎ᠡ ᠤᠬᠠᠭᠠᠨ ᠪᠣᠳᠣᠯᠭ᠎ᠠ ᠭᠠᠷᠭᠠᠨ᠂ ᠤᠰᠤᠨ ᠳᠤ ᠣᠶᠢᠷᠠᠬᠠᠨ᠂ ᠵᠢᠷᠤᠭ ᠰᠢᠭ᠋ ᠥᠩᠭᠡ | ᠦᠵᠡᠮᠵᠢ ᠲᠠᠢ ᠭᠤᠣᠯ ᠤᠨ ᠬᠦᠪᠡᠭᠡ ᠶᠢᠨ ᠪᠠᠶᠢᠭᠠᠯᠢ ᠶᠢᠨ ᠦᠵᠡᠮᠵᠢ ᠶᠢᠨ ᠪᠦᠰᠡ ᠶᠢ ᠪᠣᠶ ᠪᠣᠯᠭᠠᠵᠤ᠂ ᠬᠤᠲᠠ ᠶᠢᠨ | ᠠᠷᠠᠳ ᠲᠤ ᠨᠠᠭᠠᠳᠴᠤ ᠠᠮᠠᠷᠠᠵᠤ ᠰᠡᠯᠡᠭᠦᠴᠡᠬᠦ ᠨᠣᠮᠢᠨ ᠤᠰᠤ᠂ ᠴᠡᠴᠡᠭ ᠤᠨ ᠲᠡᠯᠡᠶ᠂ ᠵᠦᠯᠭᠡ ᠨᠣᠭᠤᠭ᠎ᠠ ᠬᠠᠩᠭᠠᠵᠤ᠂ | ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠢ ᠪᠡᠶᠡᠯᠡᠭᠦᠯᠦᠨ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠢ | ᠥᠩᠭᠡ ᠲᠠᠢ ᠦᠵᠡᠮᠵᠢ ᠲᠠᠢ ᠠᠭᠤᠯᠤᠭᠳᠠᠬᠤᠨ ᠲᠠᠢ ︽ᠰᠦᠯᠵᠢᠶᠡᠨ ᠬᠠᠯᠠᠮᠰᠢᠯ ᠭᠠᠵᠠᠷ︾ ᠪᠣᠯᠭᠠᠬᠤ ᠬᠡᠷᠡᠭᠲᠡᠢ | ᠭᠡᠵᠡᠢ᠃ | ᠳᠠᠷᠠᠭ᠎ᠠ ᠪᠠᠷ ᠨᠢ᠂ ᠪᠣᠣ ᠭᠠᠩ ᠰᠠᠶᠢᠬᠠᠨ ᠲᠣᠭᠤᠷᠢᠭ ᠤᠨ ᠼᠠᠢ ᠬᠤᠩ ᠴᠧᠩ ᠬᠤᠳᠠ ᠶᠢᠨ ᠣᠶᠤᠲᠠᠳ ᠤᠨ | ᠨᠡᠶᠢᠲᠡ ᠶᠢᠨ ᠪᠠᠶᠢᠷᠢ ᠪᠣᠯᠣᠨ ︽ᠰᠢᠨ᠎ᠡ ᠶᠢ ᠡᠭᠦᠳᠴᠦ ᠦᠢᠯᠡᠰ ᠪᠣᠰᠬᠠᠬᠤ︾ ᠵᠢᠱᠢᠶ᠎ᠡ ᠦᠵᠡᠭᠦᠯᠬᠦ ᠬᠦᠷᠢᠶᠡᠯᠡᠩ · | ᠰᠢᠩ ᡁᠢ ᠶᠤᠸᠠᠨ ᠬᠦᠷᠢᠶᠡᠯᠡᠩ ᠳᠤ ᠬᠦᠷᠴᠦ᠂ ᠣᠶᠤᠲᠠᠳ ᠤᠨ ᠨᠡᠶᠢᠲᠡ ᠶᠢᠨ ᠪᠠᠶᠢᠷᠢ ᠶᠢ ᠪᠡᠯᠡ ᠮᠦᠩᠭᠦ | ᠴᠤᠭᠯᠠᠭᠤᠯᠤᠨ ᠥᠭᠡᠷᠡᠴᠢᠯᠡᠨ ᠪᠠᠶᠢᠭᠤᠯᠤᠭᠰᠠᠨ ᠲᠤᠭ᠎ᠠ᠂ ᠰᠠᠭᠤᠬᠤ ᠨᠥᠬᠦᠴᠡᠯ᠂ ᠭᠤᠶᠤᠴᠢᠯᠠᠬᠤ ᠶᠠᠪᠤᠴᠠ ᠵᠢᠴᠢ | ᠰᠢᠩ ᡁᠢ ᠨᠡᠪᠴᠢᠭᠦᠯᠬᠦ ᠬᠦᠷᠢᠶᠡᠯᠡᠩ ᠤᠨ ᠦᠢᠯᠡᠰ ᠪᠣᠰᠬᠠᠬᠤ ᠭᠤᠣᠯ ᠴᠣᠭᠴᠠ ᠶᠢᠨ ᠣᠷᠣᠵᠤ ᠰᠠᠭᠤᠭᠰᠠᠨ ᠪᠠᠶᠢᠳᠠᠯ | ᠵᠡᠷᠭᠡ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠵᠠᠯᠠᠭᠤᠴᠤᠳ ᠪᠣᠳᠣᠯᠭ᠎ᠠ ᠲᠠᠢ ᠠᠮᠢᠵᠢᠷᠠᠯ ᠤᠨ | ᠬᠦᠴᠦᠨ ᠲᠠᠢ ᠪᠥᠭᠡᠳ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠪᠠ ᠣᠷᠭᠢᠯᠤᠮ᠎ᠠ ᠰᠡᠳᠬᠢᠯᠭᠡ ᠲᠠᠢ ᠶᠤᠮ᠂ | ᠡᠨᠡ ᠪᠣᠯ ᠨᠢᠭᠡᠨ ᠬᠤᠳᠠ ᠶᠢᠨ ᠬᠥᠭᠵᠢᠯᠲᠡ ᠶᠢᠨ ᠢᠷᠡᠭᠡᠳᠦᠢ ᠪᠠ ᠬᠦᠰᠡᠯ ᠡᠷᠡᠮᠡᠯᠵᠡᠯ ᠪᠣᠯᠣᠨ᠎ᠠ᠃ ᠴᠢᠳᠠᠪᠤᠷᠢᠲᠠᠨ ᠤ | ᠨᠡᠶᠢᠲᠡ ᠶᠢᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠪᠠ ᠨᠡᠪᠴᠢᠭᠦᠯᠬᠦ ᠬᠦᠷᠢᠶᠡᠯᠡᠩ ᠤᠨ ᠡᠵᠡᠩᠨᠡᠯᠲᠡ | ᠬᠠᠮᠢᠶᠠᠷᠤᠯᠲᠠ ᠶᠢ ᠰᠠᠶᠢᠲᠤᠷ ᠠᠳᠬᠤᠬᠤ ᠪᠣᠯ ᠴᠢᠳᠠᠪᠤᠷᠢᠲᠠᠨ ᠤᠷᠢᠵᠣ ᠣᠶᠣᠨ ᠤᠬᠠᠭᠠᠨ ᠣᠷᠤᠭᠤᠯᠤᠨ | ᠠᠪᠴᠢᠷᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠲᠠ ᠶᠢᠨ ᠲᠠᠲᠠᠬᠤ ᠬᠦᠴᠦᠨ ᠢ | ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠃ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ | ᠮᠥᠴᠢᠷ ᠤᠳ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠪᠥᠬᠦ | ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠵᠦ᠂ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠰᠢᠨᠵᠢᠯᠡᠬᠦ | ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠲᠠᠯ᠎ᠠ ᠪᠠᠷ | ᠬᠦᠴᠦ ᠣᠷᠤᠭᠤᠯᠵᠤ᠂ ᠬᠤᠲᠠ ᠶᠢ ᠨᠠᠩ ᠨᠥᠬᠦᠷᠰᠡᠭ᠂ ᠵᠠᠯᠠᠭᠤᠴᠤᠳ ᠢ ᠨᠠᠩ ᠴᠢᠷᠮᠠᠶᠢᠯᠭ᠎ᠠ ᠲᠠᠢ ᠪᠣᠯᠭᠠᠬᠤ ᠬᠡᠷᠡᠭᠲᠡᠢ | ᠃ ᠴᠢᠳᠠᠪᠤᠷᠢᠲᠠᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠴᠢᠨᠠᠭᠰᠢᠳᠠ | ᠥᠷᠭᠡᠳᠬᠡᠵᠦ᠂ ᠵᠠᠯᠠᠭᠤᠴᠤᠳ ᠤᠨ ᠱᠠᠲᠤ ᠦᠶ᠎ᠡ ᠶᠢᠨ ᠴᠢᠨᠠᠷᠲᠠᠢ ᠣᠷᠣᠨ ᠰᠠᠭᠤᠴᠠ ᠶᠢᠨ ᠬᠦᠴᠢᠷᠳᠡᠯ ᠢ ᠠᠯᠬᠤᠮ | ᠠᠯᠬᠤᠮ ᠢᠶᠠᠷ ᠨᠠᠮᠳᠠᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ︽ᠡᠭᠦᠷ ᠵᠠᠰᠠᠵᠤ | ᠭᠠᠷᠤᠳᠢ ᠢᠷᠡᠭᠦᠯᠬᠦ︾ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠴᠢᠳᠠᠪᠤᠷᠢᠲᠠᠨ ᠪᠣᠯ ᠨᠢᠭᠡᠳᠦᠭᠡᠷ | ᠡᠬᠢ ᠪᠠᠶᠠᠯᠢᠭ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠵᠠᠯᠠᠭᠤᠴᠤᠳ ᠤᠨ ᠰᠢᠨ᠎ᠡ ᠶᠢ ᠡᠭᠦᠳᠴᠦ | ᠦᠢᠯᠡᠰ ᠪᠣᠰᠬᠠᠬᠤ ᠳᠤ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠦᠢᠯᠡᠴᠢᠯᠡᠵᠦ᠂ ᠵᠠᠯᠠᠭᠤ | ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠬᠤᠶᠢᠰᠢᠳᠠ ᠶᠢᠨ ᠵᠣᠪᠠᠨᠢᠯ ᠢ ᠪᠦᠬᠦ ᠲᠠᠯ᠎ᠠ ᠪᠠᠷ᠂ ᠪᠦᠬᠦ | ᠬᠦᠴᠦᠨ ᠵᠦᠢᠯ᠂ ᠪᠦᠬᠦ ᠬᠡᠯᠬᠢᠶ᠎ᠡ ᠪᠠᠷ ᠰᠢᠢᠳᠪᠦᠷᠢᠯᠡᠵᠦ᠂ ᠵᠠᠯᠠᠭᠤᠴᠤᠳ ᠢ ᠨᠡᠩ ᠰᠠᠶᠢᠨ ᠢᠶᠠᠷ ᠣᠷᠣᠨ ᠤ ᠲᠥᠪ ᠲᠤ | ᠰᠠᠨᠠᠭ᠎ᠠ ᠠᠮᠤᠷ ᠠᠵᠢᠯ ᠣᠯᠵᠤ᠂ ᠦᠨᠳᠦᠰᠦ ᠬᠠᠳᠬᠤᠨ ᠦᠢᠯᠡᠰ ᠴᠤᠭᠴᠠᠯᠠᠵᠤ᠂ ᠡᠷᠦᠬᠡ ᠪᠠᠨ ᠥᠭᠡᠳᠡᠯᠡᠭᠦᠯᠦᠨ | ᠦᠢᠯᠡᠰ ᠪᠣᠰᠬᠠᠬᠤ ᠪᠣᠯᠭᠠᠵᠤ᠂ ᠬᠤᠳᠠ ᠪᠣᠯᠣᠨ ᠵᠠᠯᠠᠭᠤᠴᠤᠳ ᠤᠨ ︽ᠬᠤᠣᠰ ᠴᠢᠭᠯᠡᠯ ᠢᠶᠠᠷ ᠴᠢᠷᠮᠠᠶᠢᠬᠤ︾ ᠶᠢ | ᠪᠡᠶᠡᠯᠡᠭᠦᠯᠬᠦ ᠬᠡᠷᠡᠭᠲᠡᠢ ᠭᠡᠵᠡᠢ᠃ | ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠪᠠᠰᠠ ᠬᠡᠰᠡᠭ ᠨᠡᠪᠴᠢᠭᠦᠯᠬᠦ ᠬᠦᠷᠢᠶᠡᠯᠡᠩ ᠳᠤ ᠣᠷᠣᠵᠤ | ᠰᠠᠭᠤᠭᠰᠠᠨ ᠠᠵᠤ ᠠᠬᠤᠶᠢᠯᠠᠯ ᠳᠤ ᠬᠦᠷᠴᠦ᠂ ᠵᠠᠯᠠᠭᠤ ᠦᠢᠯᠡᠰ ᠪᠣᠰᠬᠠᠭᠴᠢᠳ ᠲᠠᠢ ᠳᠣᠲᠣᠨᠣ ᠪᠠᠷ ᠶᠠᠷᠢᠯᠴᠠᠵᠤ᠂ | ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠠᠯᠤᠰ ᠢ ᠬᠠᠷᠠᠵᠤ᠂ ᠴᠥᠬᠦᠷᠡᠰᠢ ᠦᠭᠡᠢ ᠲᠡᠮᠡᠴᠡᠬᠦ ᠳᠤᠮᠳᠠ | ᠠᠮᠢᠳᠤᠷᠠᠬᠤᠢ ᠶᠢᠨ ᠦᠷᠳᠡᠭ ᠢᠶᠠᠨ ᠪᠡᠶᠡᠯᠡᠭᠦᠯᠦᠭᠡᠷᠡᠢ ᠭᠡᠵᠦ ᠵᠣᠷᠢᠭᠵᠢᠭᠤᠯᠪᠠ᠃ | ᠬᠤᠳᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ ᠵᠢᠴᠢ ᠬᠠᠮᠢᠶ᠎ᠠ ᠪᠦᠬᠦᠢ ᠭᠠᠵᠠᠷ ᠣᠷᠣᠨ᠂ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |