ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ ᠯᠢᠦ ᠬᠤᠢ ᠬᠤᠢ︶ 8 ᠳ᠋ᠤᠭᠠᠷ ᠰᠠᠷ᠎ᠠ ᠶᠢᠨ 22 ᠤᠨ ᠡᠳᠦᠷ᠂ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ ᠴᠢᠬᠤᠯᠠᠴᠢᠯᠠᠭᠰᠠᠨ ᠨᠢ᠂ ︽ᠬᠢᠵᠢᠭ ᠤᠨ ᠪᠠᠶᠢᠳᠠᠯ ᠢ | ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢᠨ ᠠᠶᠤᠯᠭᠦᠢ ᠶᠢ ᠪᠠᠲᠤᠯᠠᠬᠤ︾ ᠴᠢᠬᠤᠯᠠ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ | ᠴᠢᠩᠭᠠᠳᠬᠠᠵᠤ᠂ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠡᠯ᠎ᠡ ᠵᠦᠢᠯ ᠤᠨ ᠡᠭᠦᠷᠭᠡ ᠬᠠᠷᠠᠯᠲᠠ ᠪᠠᠨ ᠦᠨᠡᠨᠬᠦ ᠪᠡᠶᠡᠯᠡᠭᠦᠯᠬᠦ ᠬᠡᠷᠡᠭᠲᠡᠢ᠃ ᠲᠥᠪ ᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠴᠢᠩᠭ᠎ᠠ ᠠᠳᠬᠤᠵᠤ᠂ ᠠᠭᠤᠯᠠ ᠶᠢ ᠵᠠᠰᠠᠬᠤ᠂ ᠤᠰᠤ ᠶᠢ ᠵᠠᠰᠠᠬᠤ᠂ | ᠬᠤᠳᠠ ᠶᠢ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠮᠠᠷᠠᠲᠤ ᠬᠡᠰᠡᠭ ᠤᠨ ᠳᠠᠯᠠᠨ ᠬᠠᠷ᠎ᠠ ᠠᠭᠤᠯᠠ ᠶᠢᠨ | ᠡᠮᠦᠨ᠎ᠡ ᠪᠡᠯ ᠤᠨ ︽ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠪᠦᠰᠡ︾᠂ ᠡᠮᠦᠨᠡᠲᠦ ᠬᠡᠰᠡᠭ ᠤᠨ ᠶᠡᠭᠡ | ᠲᠦᠷᠭᠡᠨ ᠭᠤᠣᠯ ᠤᠨ ︽ᠬᠤᠳᠠ ᠶᠢᠨ ᠲᠡᠭᠦᠷᠭᠡ ᠶᠢᠨ ᠴᠡᠴᠡᠭᠲᠦ ᠪᠦᠰᠡ︾᠂ ᠵᠡᠭᠦᠨ ᠭᠤᠣᠯ ᠪᠠᠷᠠᠭᠤᠨ ᠭᠤᠣᠯ | ᠪᠠᠭ᠎ᠠ ᠲᠦᠷᠭᠡᠨ ᠭᠤᠣᠯ ᠤᠨ ︽ᠬᠤᠳᠠ ᠶᠢ ᠲᠣᠭᠤᠷᠢᠭᠰᠠᠨ ᠤᠰᠤᠨ ᠤ ᠪᠦᠰᠡ︾ ᠪᠣᠯᠣᠨ ᠲᠣᠷᠭᠠᠨ ᠵᠠᠮ ᠤᠨ | ᠴᠡᠴᠡᠷᠯᠢᠭ ᠤᠨ ︽ᠰᠣᠶᠣᠯ ᠤᠨ ᠪᠦᠰᠡ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠨ ᠲᠦᠮᠡᠨ ᠤ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠷᠲᠡᠮᠵᠢ ᠶᠢᠨ ᠲᠥᠷᠥᠭᠳᠡᠯ ᠢ ᠳᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠦᠶᠡᠷ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠦᠶᠡᠷ ᠤᠨ | ᠪᠠᠶᠢᠳᠠᠯ ᠢ ᠬᠢᠨᠠᠨ ᠬᠡᠮᠵᠢᠬᠦ ᠠᠵᠢᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠲᠡᠭᠦᠯᠳᠡᠷᠵᠢᠭᠦᠯᠵᠦ᠂ ᠪᠡᠯᠡᠳᠬᠡᠭᠡᠳ ᠬᠡᠷᠡᠭᠯᠡᠬᠦ ᠦᠭᠡᠢ ᠪᠠᠶᠢᠵᠤ ᠪᠣᠯᠬᠤ ᠠᠴᠠ ᠪᠢᠰᠢ ᠬᠡᠷᠡᠭᠯᠡᠬᠦ ᠦᠶ᠎ᠡ ᠳᠤ ᠪᠡᠯᠡᠳᠬᠡᠯ | ᠦᠭᠡᠢ ᠪᠠᠶᠢᠵᠤ ᠪᠣᠯᠬᠤ ᠦᠭᠡᠢ᠂ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ | ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠪᠦᠬᠦ ᠰᠡᠳᠬᠢᠯ ᠪᠦᠬᠦ ᠬᠦᠴᠦᠨ ᠢᠶᠠᠷ ᠢᠶᠠᠨ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ︽ᠨᠠᠰᠤᠲᠠᠨ ᠨᠢᠯᠬᠠᠰ︾ ᠤᠨ ᠦᠢᠯᠡᠴᠢᠯᠡᠭᠡ ᠵᠡᠷᠭᠡ ᠡᠯ᠎ᠡ | ᠵᠦᠢᠯ ᠤᠨ ᠠᠵᠢᠯ ᠢ ᠰᠠᠶᠢᠲᠤᠷ ᠬᠢᠵᠦ᠂ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠰᠢᠨ᠎ᠡ ᠶᠢ ᠡᠭᠦᠳᠬᠦ | ᠣᠷᠴᠢᠨ ᠲᠣᠭᠤᠷᠢᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢ | ᠴᠤᠭᠯᠠᠭᠤᠯᠬᠤ᠂ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠬᠡᠷᠡᠭᠯᠡᠬᠦ ᠵᠡᠷᠭᠡ ᠲᠠᠯ᠎ᠠ ᠶᠢᠨ ᠠᠰᠠᠭᠤᠳᠠᠯ ᠤᠨ | ᠳᠤᠲᠠᠭᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠪᠦᠬᠦ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠴᠢᠳᠠᠪᠤᠷᠢᠲᠠᠨ ᠤ ᠥᠨᠳᠦᠷᠯᠢᠭ ᠢ ᠦᠨᠡᠨᠬᠦ ᠴᠣᠭᠴᠠᠯᠠᠬᠤ ᠬᠡᠷᠡᠭᠲᠡᠢ᠃ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠨᠣᠪᠴᠢᠲᠠᠢ ᠬᠠᠷᠢᠭᠤᠴᠠᠯᠭ᠎ᠠ ᠠᠰᠠᠭᠤᠨ ᠬᠠᠷᠢᠭᠤᠴᠠᠯᠭ᠎ᠠ ᠨᠡᠬᠡᠮᠵᠢᠯᠡᠵᠦ | ᠂ ᠬᠠᠷᠢᠭᠤᠴᠠᠯᠭ᠎ᠠ ᠲᠠᠢ ᠬᠦᠮᠦᠨ ᠳᠤ ᠬᠠᠷᠢᠭᠤᠴᠠᠵᠤ᠂ ᠪᠣᠳᠠᠲᠠᠢ ᠠᠵᠢᠯ ᠬᠢᠳᠡᠭ ᠬᠦᠮᠦᠨ ᠳᠤ ᠲᠦᠰᠢᠭ ᠪᠣᠯᠵᠤ᠂ | ᠺᠠᠳ᠋ᠷᠴᠤᠳ ᠤᠨ ᠵᠣᠷᠢᠭᠲᠠᠢ ᠪᠠᠷ ᠠᠵᠢᠯ ᠬᠢᠵᠦ ᠦᠢᠯᠡᠰ ᠪᠦᠲᠦᠭᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ | ᠭᠡᠵᠡᠢ᠃ | ᠬᠤᠷᠠᠯ ᠠᠴᠠ ᠮᠠᠨ ᠤ ᠬᠤᠲᠠ ᠶᠢᠨ ︽ᠲᠠᠪᠤᠨ ᠲᠤᠶᠢᠯᠪᠤᠷᠢᠲᠠᠢ ᠪᠠᠶᠢᠴᠠᠭᠠᠯᠲᠠ︾ ᠶᠢᠨ ᠠᠵᠢᠯᠯᠠᠭ᠎ᠠ ᠶᠢᠨ | ᠠᠬᠢᠴᠠ ᠶᠢᠨ ᠪᠠᠶᠢᠳᠠᠯ ᠢ ᠰᠣᠨᠣᠰᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠷᠢᠯᠢᠭ ᠣᠨᠣᠪᠴᠢᠲᠠᠢ᠂ | ᠦᠨᠡᠨ ᠠᠴᠠ ᠵᠥᠪ ᠢ ᠡᠷᠢᠵᠦ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ ᠵᠢᠭᠰᠠᠭᠠᠨ ᠪᠠᠶᠢᠴᠠᠭᠠᠵᠤ | ᠭᠠᠷᠭᠠᠭᠰᠠᠨ ᠠᠰᠠᠭᠤᠳᠠᠯ ᠢ ᠦᠨᠡᠨ ᠥᠭᠡᠷᠡᠴᠢᠯᠡᠵᠦ ᠪᠣᠳᠠᠲᠠᠢ ᠥᠭᠡᠷᠡᠴᠢᠯᠡᠵᠦ᠂ ᠨᠢᠭᠡ ᠠᠴᠠ ᠨᠦᠬᠦᠭᠡ ᠶᠢ | ᠵᠦᠢᠴᠢᠯᠡᠨ ᠮᠡᠳᠡᠵᠦ᠂ ᠡᠯ᠎ᠡ ᠬᠦᠷᠢᠶᠡᠨ ᠤ ᠬᠦᠴᠦᠨ ᠵᠦᠢᠯ ᠢ ᠰᠤᠯᠠ ᠲᠠᠯᠪᠢᠵᠤ ᠪᠦᠷᠢᠯᠭᠡᠨ ᠰᠦᠢᠳᠬᠡᠬᠦ | ᠠᠰᠠᠭᠤᠳᠠᠯ ᠢ ᠦᠨᠡᠨᠬᠦ ᠦᠨᠳᠦᠰᠦ ᠰᠤᠷᠪᠤᠯᠵᠢ ᠠᠴᠠ ᠨᠢ ᠬᠤᠷᠢᠭᠯᠠᠬᠤ ᠬᠡᠷᠡᠭᠲᠡᠢ᠃ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ᠂ ᠬᠤᠰᠢᠭᠤ ᠰᠢᠶᠠᠨ ᠲᠣᠭᠤᠷᠢᠭ᠂ | ᠨᠡᠭᠡᠭᠡᠯᠲᠡ ᠶᠢᠨ ᠲᠣᠭᠤᠷᠢᠭ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠴᠠᠭ ᠬᠤᠭᠤᠴᠠᠭ᠎ᠠ ᠶᠢᠨ | ᠵᠠᠩᠭᠢᠯᠠᠭ᠎ᠠ ᠶᠢᠨ ᠴᠡᠭ ᠲᠠᠢ ᠬᠠᠷᠢᠴᠠᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠲᠠᠪᠤᠨ ᠲᠤᠶᠢᠯᠪᠤᠷᠢᠲᠠᠢ | ᠪᠠᠶᠢᠴᠠᠭᠠᠯᠲᠠ︾ ᠶᠢᠨ ᠠᠵᠢᠯᠯᠠᠭ᠎ᠠ ᠢᠳᠡᠪᠬᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠲᠥᠪᠯᠡᠷᠡᠭᠰᠡᠨ | ᠪᠥᠭᠡᠮᠨᠡᠷᠡᠭᠰᠡᠨ ᠡᠷᠴᠢᠮᠵᠢᠭᠰᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ︽ᠣᠷᠣᠨ ᠤ ᠲᠥᠪ ᠬᠤᠲᠠ ᠶᠢᠨ ᠦᠨᠳᠦᠰᠦᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠲᠤᠬᠠᠢ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠤᠷᠭᠠᠨ ᠬᠥᠮᠦᠵᠢᠯ ᠤᠨ | ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠲᠠᠷᠠᠭ᠎ᠠ᠂ | ᠣᠷᠣᠨ ᠤ ᠲᠥᠪ ᠬᠤᠲᠠ ᠶᠢᠨ ᠬᠢᠨ ᠰᠢᠯᠢᠳᠡᠭ ᠡᠷᠳᠡᠮ ᠤᠨ ᠴᠣᠯᠠ ᠶᠢᠨ ᠬᠠᠩᠭᠠᠯᠭ᠎ᠠ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠬᠠᠲᠠᠭᠤ ᠲᠤᠨᠤᠭ ᠢ ᠳᠡᠭᠡᠭᠰᠢᠯᠡᠭᠦᠯᠬᠦ ᠵᠡᠷᠭᠡ ᠠᠵᠢᠯ ᠳᠤ ᠢᠯᠡᠳᠲᠡ ᠦᠷ᠎ᠡ | ᠪᠦᠲᠦᠮᠵᠢ ᠣᠯᠵᠠᠢ᠃ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ︽ᠰᠤᠷᠭᠠᠨ ᠬᠥᠮᠦᠵᠢᠯ ᠢ ᠠᠳᠬᠤᠬᠤ ᠨᠢ | ᠳᠠᠷᠤᠢ ᠢᠷᠡᠭᠡᠳᠦᠢ ᠶᠢ ᠠᠳᠬᠤᠵᠤ ᠪᠠᠶᠢᠭ᠎ᠠ ᠶᠠᠪᠤᠳᠠᠯ ᠮᠥᠨ᠂ ᠰᠤᠷᠭᠠᠨ ᠬᠥᠮᠦᠵᠢᠯ ᠢ ᠮᠠᠨᠳᠤᠭᠤᠯᠬᠤ ᠨᠢ ᠳᠠᠷᠤᠢ | ᠣᠷᠣᠨ ᠤ ᠲᠥᠪ ᠬᠤᠲᠠ ᠶᠢ ᠮᠠᠨᠳᠤᠭᠤᠯᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ | ᠪᠣᠯᠭᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠶᠢ ᠲᠦᠷᠭᠡᠳᠬᠡᠨ᠂ ᠠᠷᠠᠳ | ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠬᠠᠨ ᠡᠷᠭᠢᠯᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ᠃ ᠰᠢᠯᠢᠳᠡᠭ ᠪᠠᠭᠰᠢ ᠶᠢ ᠬᠥᠬᠢᠭᠦᠯᠦᠨ ᠰᠠᠶᠢᠰᠢᠶᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠤ | ᠲᠥᠪ ᠬᠤᠲᠠ ᠳᠤ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ | ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠵᠢᠭᠠᠪᠠ᠃ | ᠬᠤᠷᠠᠯ ᠠᠴᠠ ᠮᠠᠨ ᠤ ᠬᠤᠲᠠ ᠶᠢᠨ ᠢᠳᠡᠰᠢᠨ ᠨᠣᠭᠤᠭ᠎ᠠ ᠳᠠᠷᠢᠵᠤ ᠪᠠᠶᠢᠭ᠎ᠠ ᠪᠠᠶᠢᠳᠠᠯ ᠪᠣᠯᠣᠨ | ᠬᠥᠬᠡᠬᠤᠲᠠ ᠶᠢᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠤᠨ | ᠠᠮᠢᠳᠤᠷᠠᠯ ᠢ ᠦᠨᠡᠨ ᠰᠡᠳᠬᠢᠯ ᠠᠴᠠ ᠪᠠᠨ ᠪᠠᠲᠤᠯᠠᠨ ᠰᠠᠶᠢᠵᠢᠷᠠᠭᠤᠯᠵᠤ᠂ ᠴᠢᠨᠠᠷ ᠰᠠᠶᠢᠲᠠᠢ ᠬᠡᠪᠴᠢᠶᠡᠵᠢᠭᠰᠡᠨ | ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ᠂ ᠣᠷᠣᠨ ᠪᠦᠰᠡ ᠶᠢᠨ ᠢᠳᠡᠰᠢᠨ ᠨᠣᠭᠤᠭ᠎ᠠ ᠶᠢᠨ ᠪᠥᠭᠡᠮ ᠢᠶᠠᠷ | ᠬᠤᠳᠠᠯᠳᠤᠬᠤ ᠲᠥᠪ ᠪᠣᠯᠣᠨ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠢ ᠲᠦᠷᠭᠡᠨ | ᠪᠠᠶᠢᠭᠤᠯᠵᠤ᠂ ᠣᠷᠣᠨ ᠤ ᠲᠥᠪ ᠬᠤᠲᠠ ᠶᠢᠨ ᠣᠯᠠᠨ ᠲᠦᠮᠡᠨ ᠳᠤ ᠬᠢᠮᠳᠠ ᠰᠢᠨ᠎ᠡ ᠰᠣᠷᠭᠤᠭ ᠢᠳᠡᠰᠢᠨ ᠨᠣᠭᠤᠭ᠎ᠠ | ᠢᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ︽ᠬᠥᠬᠡᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ︵2021 ︱ 2035 ᠣᠨ︶︾ ᠶᠢ ᠬᠢᠨᠠᠨ ᠵᠥᠪᠯᠡᠵᠦ᠂ ᠲᠥᠯᠦᠪᠵᠢᠭᠦᠯᠭᠡ ᠳᠤ ᠶᠡᠷᠦᠩᠬᠡᠢ | ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠠᠵᠢᠯᠯᠠᠭᠠᠨ ᠤ ᠬᠥᠲᠥᠯᠪᠦᠷᠢ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠠᠷᠠᠭᠠᠯᠬᠢᠯᠠᠯᠳᠤ ᠴᠢᠨᠠᠷ᠂ ᠬᠡᠷᠡᠭᠯᠡᠭᠡᠨ ᠤ ᠴᠢᠨᠠᠷ᠂ ᠲᠥᠪ ᠴᠢᠩᠭ᠎ᠠ ᠴᠢᠨᠠᠷ ᠢ ᠦᠨᠡᠨᠬᠦ | ᠴᠢᠩᠭᠠᠳᠬᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ | ᠬᠠᠷᠠᠯᠲᠠ ᠶᠢᠨ ᠲᠣᠭᠤᠷᠢᠨ ᠳᠤ᠂ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠲᠣᠭᠲᠠᠭᠠᠬᠤ᠂ ᠬᠤᠳᠠ ᠬᠥᠳᠡᠭᠡ ᠶᠢᠨ | ᠣᠷᠣᠨ ᠵᠠᠢ ᠶᠢᠨ ᠪᠠᠶᠢᠷᠢᠯᠠᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠭᠤᠣᠯᠳᠠᠯᠭ᠎ᠠ ᠲᠠᠢ | ᠬᠥᠭᠵᠢᠭᠦᠯᠬᠦ ᠣᠷᠣᠨ ᠪᠦᠰᠡ ᠵᠡᠷᠭᠡ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮ | ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠬᠤᠳᠠ ᠶᠢᠨ | ᠢᠷᠡᠭᠡᠳᠦᠢ ᠶᠢᠨ ᠬᠥᠭᠵᠢᠯᠲᠡ ᠶᠢᠨ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ |