ᠬᠤᠲᠠ ᠶᠢᠨ ᠡᠳ᠋ ᠤᠨ ᠵᠠᠰᠠᠭ ᠠᠴᠠ ᠤᠰᠤᠨ ᠤ ᠠᠶᠤᠯᠭᠦᠢ ᠶᠢ ᠪᠠᠲᠤᠯᠠᠬᠤ ᠢᠨᠵᠧᠨᠧᠷᠢᠩ ᠤᠨ ᠲᠤᠰᠬᠠᠢ ᠪᠡᠯᠡ ᠮᠥᠩᠭᠦ 7400 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2022/8/23
      ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠶᠠᠩ ᠶᠠᠨ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠠᠴᠠ ᠤᠰᠤᠨ ᠤ ᠠᠶᠤᠯᠭᠦᠢ ᠶᠢᠨ ᠪᠠᠲᠤᠯᠠᠭ᠎ᠠ ᠶᠢᠨ ᠢᠨᠵᠧᠨᠧᠷᠢᠩ ᠤᠨ ᠲᠥᠪ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ 7400 ᠲᠦᠮᠡᠨ ᠲᠥᠭᠦᠷᠢᠭ ᠢ ᠪᠠᠭᠤᠯᠭᠠᠨ᠂ ᠬᠤᠷᠢᠨᠭᠡᠷ ᠰᠢᠶᠠᠨ ᠪᠣᠯᠣᠨ ᠴᠢᠩ ᠱᠦᠢ ᠾᠧ ᠰᠢᠶᠠᠨ ᠤ ᠬᠥᠲᠥᠯ ᠤᠨ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠪᠣᠯᠣᠨ ᠨᠦᠯᠦᠮᠡᠯ ᠭᠠᠵᠠᠷ ᠤᠨ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠵᠦ᠂ ᠣᠷᠣᠨ ᠪᠦᠰᠡ ᠶᠢᠨ ᠤᠰᠤᠨ ᠤ ᠠᠶᠤᠯᠭᠦᠢ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠤᠰᠤᠨ ᠤ ᠠᠶᠤᠯᠭᠦᠢ ᠶᠢᠨ ᠪᠠᠲᠤᠯᠠᠭ᠎ᠠ ᠶᠢᠨ ᠢᠨᠵᠧᠨᠧᠷᠢᠩ ᠨᠢ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ ᠪᠠ ᠰᠠᠪᠠ ᠭᠠᠵᠠᠷ ᠤᠨ ᠰᠢᠰᠲ᠋ᠧᠮᠲᠦ ᠴᠢᠨᠠᠷ ᠠᠴᠠ ᠡᠭᠦᠰᠴᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠤᠲᠠᠭᠳᠠᠯ ᠢ ᠨᠥᠬᠦᠪᠦᠷᠢᠯᠡᠬᠦ ᠪᠠ ᠴᠢᠨᠠᠷ ᠰᠠᠶᠢᠲᠠᠢ ᠬᠥᠭᠵᠢᠯᠲᠡ ᠶᠢ ᠬᠠᠷᠢᠯᠴᠠᠨ ᠬᠠᠮᠵᠢᠯᠴᠠᠭᠤᠯᠪᠠ᠃ ᠬᠤᠷᠢᠨᠭᠡᠷ ᠰᠢᠶᠠᠨ ᠪᠣᠯᠣᠨ ᠴᠢᠩ ᠱᠦᠢ ᠾᠧ ᠰᠢᠶᠠᠨ ᠤ ᠭᠥᠳᠥᠯ ᠤᠨ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠨᠢ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠵᠠᠰᠠᠵᠤ᠂ ᠬᠦᠲᠦᠯ ᠤᠨ ᠲᠠᠷᠢᠶᠠᠨ ᠭᠠᠵᠠᠷ ᠤᠨ ᠤᠰᠤ ᠶᠢ ᠬᠠᠮᠠᠭᠠᠯᠠᠨ ᠢᠳᠡᠭᠳᠡᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠥᠷᠥᠰᠥ ᠰᠢᠷᠣᠢ ᠶᠢᠨ ᠥᠩ ᠰᠢᠮ᠎ᠡ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠳᠤ ᠠᠰᠢᠭᠲᠠᠢ︔ ᠨᠦᠯᠦᠮᠡᠯ ᠭᠠᠵᠠᠷ ᠤᠨ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠪᠠᠭ᠎ᠠ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠪᠡᠯᠡ ᠣᠷᠣᠭᠤᠯᠤᠯᠲᠠ ᠪᠠᠷ ᠪᠠᠭ᠎ᠠ ᠦᠷ᠎ᠡ ᠠᠰᠢᠭ ᠣᠯᠬᠤ ᠨᠢ ᠲᠦᠷᠭᠡᠨ ᠪᠠᠶᠢᠵᠤ᠂ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠵᠠᠰᠠᠬᠤ᠂ ᠤᠰᠤ ᠬᠠᠳᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠤᠨᠠᠯᠲᠠ ᠶᠢ ᠨᠡᠮᠡᠭᠳᠡᠭᠦᠯᠬᠦ ᠦᠢᠯᠡᠳᠦᠯ ᠢᠶᠠᠷ ᠮᠠᠰᠢ ᠢᠯᠡᠷᠬᠡᠢ ᠪᠠᠶᠢᠳᠠᠭ᠃ ᠡᠨᠡ ᠬᠤᠶᠠᠷ ᠵᠦᠢᠯ ᠤᠨ ᠢᠨᠵᠧᠨᠧᠷᠢᠩ ᠨᠢ ᠲᠤᠬᠠᠢ ᠶᠢᠨ ᠭᠠᠵᠠᠷ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠥᠨᠳᠥᠷ ᠬᠤᠷᠢᠶᠠᠯᠲᠠ ᠲᠠᠢ ᠲᠣᠭᠲᠠᠭᠤᠨ ᠬᠤᠷᠢᠶᠠᠯᠲᠠ ᠲᠠᠢ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号