ᠾᠧ ᠬᠠᠢ ᠳ᠋ᠦᠩ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/24
      ︵ᠰᠤᠷᠪᠤᠯᠵᠢᠯᠠᠭᠴᠢ ᠯᠢᠶᠠᠩ ᠵᠢᠩ ᠱᠤ᠋︶ 8 ᠳ᠋ᠤᠭᠠᠷ ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠨᠠᠷ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃      ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ᠂ ᠾᠧ ᠬᠠᠢ ᠳ᠋ᠦᠩ ᠨᠠᠷ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠥᠪ ᠤᠨ ᠵᠣᠬᠢᠶᠠᠨ ᠪᠠᠶᠢᠭᠤᠯᠤᠭᠰᠠᠨ ᠶᠠᠪᠤᠴᠠ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠠᠪᠴᠠᠩ ᠤᠨ ᠪᠠᠶᠢᠭᠤᠯᠤᠯᠲᠠ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠨᠠᠷᠢᠨ ᠰᠣᠨᠣᠰᠴᠤ᠂ ᠲᠡᠷᠢᠭᠦᠨ ᠤ ᠮᠠᠲ᠋ᠧᠷᠢᠶᠠᠯ᠂ ᠣᠶᠤᠨᠴᠢ ᠦᠢᠯᠡᠳᠬᠡᠯ᠂ ᠤᠳᠤ ᠦᠶ᠎ᠡ ᠶᠢᠨ ᠡᠨᠧᠷᠭᠢ᠂ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠣᠷᠴᠢᠨ ᠲᠣᠭᠤᠷᠢᠨ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠴᠢᠯᠠᠭᠰᠠᠨ ᠠᠵᠤ ᠠᠬᠤᠢ᠂ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠵᠡᠷᠭᠡ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠲᠦᠷᠦᠯ ᠵᠦᠢᠯ ᠤᠨ ᠣᠷᠣᠨ ᠤ ᠲᠥᠪ ᠲᠤ ᠨᠤᠲᠤᠭᠰᠢᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠯᠪᠠᠯᠠᠵᠤ ᠪᠦᠲᠦᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃      ᠳᠠᠷᠠᠭᠠᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠾᠧ ᠬᠠᠢ ᠳ᠋ᠦᠩ ᠬᠡᠯᠡᠭᠰᠡᠨ ᠨᠢ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠨᠳᠥᠷ ᠲᠦᠪᠰᠢᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠩᠭᠠᠯᠭ᠎ᠠ ᠪᠠᠷ ᠲᠤᠯᠭᠠᠭᠤᠷᠢᠯᠠᠯ ᠪᠣᠯᠭᠠᠬᠤ ᠬᠡᠷᠡᠭᠲᠡᠢ᠃ ᠲᠤᠰ ᠲᠥᠪ ᠤᠨ ᠬᠢᠨ ᠴᠢᠳᠠᠪᠤᠷᠢᠲᠠᠨ ᠤ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠲᠠᠢ ᠢᠳᠡᠪᠬᠢᠲᠡᠢ ᠵᠣᠯᠭᠠᠭᠤᠯᠵᠤ᠂ ᠲᠠᠪᠴᠠᠩ ᠳᠤ ᠬᠦᠴᠦ ᠨᠡᠮᠡᠷᠢᠯᠡᠵᠦ ᠠᠵᠤ ᠠᠬᠤᠶᠢᠯᠠᠯ ᠢ ᠬᠠᠪᠰᠤᠷᠤᠨ ᠰᠢᠨ᠎ᠡ ᠶᠢ ᠡᠭᠦᠳᠬᠦ ᠬᠦᠴᠢᠷ ᠠᠰᠠᠭᠤᠳᠠᠯ ᠢ ᠰᠢᠢᠳᠪᠦᠷᠢᠯᠡᠨ᠂ ᠰᠢᠨ᠎ᠡ ᠶᠢ ᠡᠭᠦᠳᠬᠦ ᠥᠪᠡᠷ ᠤᠨ ᠥᠷᠲᠡᠭ ᠢ ᠪᠠᠭᠤᠷᠠᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠲᠤᠰᠠᠯᠠᠵᠤ᠂ ᠣᠷᠣᠨ ᠤ ᠲᠥᠪ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠨᠠᠩ ᠣᠯᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ ᠪᠣᠳᠠᠲᠠᠶᠢᠵᠢᠭᠤᠯᠬᠤ ᠶᠢ ᠬᠦᠰᠡᠵᠦ ᠪᠠᠶᠢᠨ᠎ᠠ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠤ ᠪᠡᠷᠬᠡ ᠰᠡᠳᠦᠪ ᠪᠠ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠦᠷᠭᠦᠯᠵᠢᠯᠡᠨ ᠰᠢᠢᠳᠪᠦᠷᠢᠯᠡᠵᠦ᠂ ᠬᠡᠷᠡᠭᠯᠡᠭᠡᠨ ᠤ ᠠᠬᠤᠢ ᠪᠠᠶᠢᠳᠠᠯ ᠢ ᠢᠳᠡᠪᠬᠢᠲᠡᠢ ᠪᠠᠷ ᠥᠷᠭᠡᠳᠬᠡᠨ᠂ ᠭᠤᠣᠯᠯᠠᠬᠤ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠪᠡ᠃ ᠡᠭᠦᠨ ᠤ ᠬᠠᠮᠲᠤ ᠲᠡᠷᠡ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ︽ᠦᠢᠯᠡᠴᠢᠯᠡᠭᠴᠢ︾ ᠪᠣᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠷᠭᠡᠨ ᠣᠯᠠᠨ ᠴᠢᠳᠠᠪᠤᠷᠢᠲᠠᠨ ᠣᠶᠤᠨ ᠴᠢᠳᠠᠯ ᠢᠶᠠᠨ ᠲᠥᠪᠯᠡᠷᠡᠭᠦᠯᠦᠨ᠂ ᠰᠡᠳᠬᠢᠯ ᠰᠠᠨᠠᠭ᠎ᠠ ᠪᠠᠨ ᠨᠢᠭᠡᠳᠬᠡᠨ ᠬᠢᠬᠦ ᠶᠣᠰᠣᠲᠠᠢ ᠠᠵᠢᠯ ᠢᠶᠠᠨ ᠰᠠᠶᠢᠲᠤᠷ ᠬᠢᠬᠦ ᠳᠤ ᠦᠢᠯᠡᠴᠢᠯᠡᠵᠦ᠂ ᠴᠢᠳᠠᠪᠤᠷᠢᠲᠠᠨ ᠢᠶᠠᠷ ᠬᠥᠭᠵᠢᠯᠲᠡ ᠶᠢ ᠠᠬᠢᠭᠤᠯᠵᠤ᠂ ᠬᠥᠭᠵᠢᠯᠲᠡ ᠪᠠᠷ ᠴᠢᠳᠠᠪᠤᠷᠢᠲᠠᠨ ᠢ ᠴᠤᠭᠯᠠᠷᠠᠭᠤᠯᠬᠤ ᠬᠡᠷᠡᠭᠲᠡᠢ ᠭᠡᠵᠦ ᠵᠠᠬᠢᠵᠠᠢ᠃      ᠳᠡᠳ᠋ ᠬᠤᠳᠠ ᠶᠢᠨ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠯᠢ ᠰᠢᠶᠣᠣ ᠶᠠᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号