︵ᠰᠤᠷᠪᠤᠯᠵᠢᠯᠠᠭᠴᠢ ᠶᠦᠨ ᠵᠢᠩ︶ 8 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ | ᠭᠠᠩ ᠮᠠᠨ ᠤ ᠬᠤᠳᠠ ᠶᠢᠨ ᠬᠡᠰᠡᠭ ᠰᠢᠨ᠎ᠡ ᠪᠠᠷ ᠪᠠᠶᠢᠭᠤᠯᠤᠭᠰᠠᠨ ᠥᠭᠡᠷᠡᠴᠢᠯᠡᠨ ᠪᠠᠶᠢᠭᠤᠯᠤᠭᠰᠠᠨ ᠥᠷᠭᠡᠳᠬᠡᠨ | ᠪᠠᠶᠢᠭᠤᠯᠤᠭᠰᠠᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ | ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠡᠴᠡᠷᠯᠢᠭ ᠴᠤᠭᠯᠠᠬᠤ ᠪᠡᠯᠡᠳᠬᠡᠯ ᠠᠵᠢᠯ ᠳᠤ ᠪᠠᠶᠢᠴᠠᠭᠠᠨ | ᠰᠤᠳᠤᠯᠤᠯᠲᠠ ᠬᠢᠵᠡᠢ᠃ | ᠪᠣᠣ ᠭᠠᠩ ᠤᠷᠢᠳ ᠬᠤᠵᠢᠳ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠷᠤ᠋ ᠢ | ᠰᠤᠷᠭᠠᠭᠤᠯᠢ ᠶᠢᠨ ᠲᠣᠭᠤᠷᠢᠭ ᠤᠨ ᠥᠷᠭᠡᠳᠬᠡᠨ ᠪᠠᠶᠢᠭᠤᠯᠬᠤ ᠲᠦᠷᠦᠯ ᠵᠦᠢᠯ᠂ ᠰᠠᠶᠢᠬᠠᠨ ᠲᠣᠭᠤᠷᠢᠭ ᠤᠨ ᠥᠨᠢᠷ | ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ᠂ ᠬᠤᠳᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠶᠢᠨ | ᠳ᠋ᠢ ᠰᠤᠷᠭᠠᠭᠤᠯᠢ ᠶᠢᠨ ᠲᠣᠭᠤᠷᠢᠭ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠵᠢᠴᠢ ᠰᠤᠷᠭᠠᠭᠤᠯᠢ ᠶᠢᠨ ᠲᠣᠭᠤᠷᠢᠭ ᠢ ᠬᠠᠮᠲᠤ ᠬᠡᠷᠡᠭᠯᠡᠵᠦ ᠪᠠᠶᠢᠭ᠎ᠠ ᠬᠤᠲᠣᠩ ᠠᠷᠠᠳ ᠤᠨ | ᠲᠣᠭᠤᠷᠢᠭ ᠤᠨ ᠨᠣᠮ ᠤᠨ ᠰᠠᠩ ᠳᠤ ᠬᠦᠷᠴᠦ᠂ ᠵᠢᠭᠠᠨ ᠰᠤᠷᠭᠠᠯᠲᠠ ᠶᠢᠨ ᠠᠰᠠᠷ ᠪᠠ ᠰᠤᠷᠤᠭᠴᠢᠳ ᠤᠨ | ᠬᠢᠴᠢᠶᠡᠯ ᠤᠨ ᠭᠡᠷ ᠲᠤ ᠣᠷᠣᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠵᠢᠭᠠᠨ ᠰᠤᠷᠭᠠᠯᠲᠠ ᠶᠢᠨ | ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠰᠤᠷᠭᠠᠭᠤᠯᠢ ᠡᠬᠢᠯᠡᠬᠦ ᠪᠡᠯᠡᠳᠬᠡᠯ ᠤᠨ ᠪᠠᠶᠢᠳᠠᠯ ᠢ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠵᠦ᠂ ᠰᠢᠨ᠎ᠡ ᠪᠠᠷ ᠨᠡᠮᠡᠭᠰᠡᠨ ᠡᠷᠳᠡᠮ ᠤᠨ ᠴᠣᠯᠠ ᠶᠢᠨ ᠬᠠᠩᠭᠠᠯᠭ᠎ᠠ ᠶᠢᠨ ᠬᠡᠮᠵᠢᠶ᠎ᠡ᠂ | ᠪᠠᠭᠰᠢ ᠶᠢᠨ ᠬᠦᠴᠦᠨ ᠤ ᠲᠣᠬᠢᠷᠠᠭᠤᠯᠤᠯᠲᠠ᠂ ᠰᠣᠷᠣᠭᠴᠢ ᠡᠯᠰᠡᠬᠦ ᠨᠡᠷ᠎ᠡ ᠮᠡᠳᠡᠭᠦᠯᠬᠦ ᠪᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠠᠵᠢᠯ ᠢ ᠨᠠᠷᠢᠨ ᠨᠢᠮᠪᠠᠢ ᠠᠰᠠᠭᠤᠨ ᠯᠠᠪᠯᠠᠪᠠ᠃ ᠲᠡᠷᠡ ᠬᠡᠯᠡᠬᠦ ᠳᠡᠭᠡᠨ᠂ | ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠪᠣᠯᠵᠤ ᠪᠠᠶᠢᠨ᠎ᠠ᠂ ᠰᠤᠷᠭᠠᠭᠤᠯᠢ ᠬᠡᠦᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠠᠶᠢᠭ᠎ᠠ ᠰᠤᠷᠭᠠᠭᠤᠯᠢ ᠴᠡᠴᠡᠷᠯᠢᠭ ᠤᠨ | ᠰᠤᠷᠭᠠᠭᠤᠯᠢ ᠡᠬᠢᠯᠡᠬᠦ ᠴᠡᠴᠡᠷᠯᠢᠭ ᠴᠤᠭᠯᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠶᠠᠭᠠᠷᠠᠪᠴᠢᠯᠠᠨ | ᠲᠡᠭᠦᠯᠳᠡᠷᠵᠢᠭᠦᠯᠵᠦ᠂ ᠪᠠᠭᠰᠢ ᠰᠤᠷᠤᠭᠴᠢᠳ ᠲᠤ ᠠᠶᠤᠯᠭᠦᠢ ᠲᠠᠭᠠᠯᠠᠮᠵᠢᠲᠠᠢ ᠰᠤᠷᠭᠠᠭᠤᠯᠢ ᠶᠢᠨ ᠬᠦᠷᠢᠶᠡᠨ ᠤ ᠣᠷᠴᠢᠨ | ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠥᠭᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠭᠤᠷᠬᠠᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ | ᠠᠶᠤᠯᠭᠦᠢ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠵᠠᠮ | ᠬᠠᠷᠢᠯᠴᠠᠭ᠎ᠠ᠂ ᠭᠠᠯ ᠰᠡᠷᠭᠡᠶᠢᠯᠡᠬᠦ᠂ ᠢᠳᠡᠭᠡᠨ ᠤ ᠠᠷᠢᠭᠤᠨ ᠴᠡᠪᠡᠷ ᠵᠡᠷᠭᠡ ᠰᠤᠷᠭᠠᠭᠤᠯᠢ ᠶᠢᠨ ᠬᠦᠷᠢᠶᠡᠨ ᠤ | ᠠᠶᠤᠯᠭᠦᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢᠨ᠎ᠡ ᠪᠠᠷ ᠪᠠᠶᠢᠭᠤᠯᠵᠤ᠂ ᠥᠭᠡᠷᠡᠴᠢᠯᠡᠵᠦ | ᠥᠷᠭᠡᠳᠬᠡᠨ ᠪᠠᠶᠢᠭᠤᠯᠵᠤ ᠪᠠᠶᠢᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠨᠠᠮᠤᠷ ᠤᠨ ᠤᠯᠠᠷᠢᠯ ᠤᠨ | ᠰᠤᠷᠭᠠᠭᠤᠯᠢ ᠡᠬᠢᠯᠡᠬᠦ ᠴᠡᠴᠡᠷᠯᠢᠭ ᠴᠤᠭᠯᠠᠬᠤ ᠠᠵᠢᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ | ᠬᠡᠷᠡᠭᠲᠡᠢ ᠭᠡᠵᠡᠢ᠃ | ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠲᠦᠭ ᠲᠦᠮᠡᠨ | ᠠᠶᠢᠯ ᠡᠷᠦᠭᠡ ᠲᠠᠢ ᠬᠤᠯᠪᠣᠭᠳᠠᠵᠤ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ | ᠮᠥᠨᠴᠦ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ᠂ ᠬᠤᠳᠠ ᠶᠢᠨ ᠲᠠᠲᠠᠬᠤ ᠬᠦᠴᠦᠨ᠂ | ᠲᠥᠪᠯᠡᠷᠡᠭᠦᠯᠬᠦ ᠬᠦᠴᠦᠨ ᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ᠎ᠠ᠃ ᠰᠤᠷᠭᠠᠨ ᠬᠥᠮᠦᠵᠢᠯ ᠢ | ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠮᠠᠨ ᠤ ᠬᠤᠳᠠ ᠶᠢᠨ ︽ᠰᠤᠷᠤᠯᠴᠠᠬᠤ ᠳᠤ | ᠲᠣᠬᠢᠷᠠᠮᠵᠢᠲᠠᠢ ᠬᠤᠳᠠ︾ ᠶᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ᠶᠣᠰᠣᠭᠠᠷ᠂ | ᠪᠠᠶᠢᠭᠤᠯᠵᠤ ᠥᠭᠡᠷᠡᠴᠢᠯᠡᠵᠦ ᠥᠷᠭᠡᠳᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ ᠰᠢᠨ᠎ᠡ ᠪᠠᠷ ᠪᠠᠶᠢᠭᠤᠯᠬᠤ ᠰᠤᠷᠭᠠᠭᠤᠯᠢ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠬᠤᠳᠠ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠡᠳ᠋ ᠬᠥᠷᠥᠩᠭᠡ ᠶᠢ | ᠪᠦᠬᠦ ᠲᠠᠯ᠎ᠠ ᠪᠠᠷ ᠡᠮᠬᠢᠯᠡᠵᠦ᠂ ︽ᠡᠬᠢ ᠪᠠᠶᠠᠯᠢᠭ ᠢ ᠨᠡᠶᠢᠳᠬᠡᠬᠦ᠂ ᠠᠮᠢᠳᠤᠯᠢᠭ ᠢᠶᠠᠷ ᠠᠰᠢᠭᠯᠠᠬᠤ︾ ᠠᠵᠢᠯ ᠢ | ᠰᠠᠶᠢᠲᠤᠷ ᠬᠢᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠪᠦᠬᠦ ᠤᠯᠤᠰ ᠢ ᠬᠠᠷᠠᠵᠤ᠂ ᠨᠡᠩ ᠤᠯᠠᠨ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠵᠤ᠂ ᠲᠡᠳᠡᠨ ᠤ ︽ᠲᠦᠷᠦᠭᠦᠴᠢ ᠭᠠᠯᠠᠭᠤ ᠶᠢᠨ ᠦᠢᠯᠡᠳᠦᠯ︾ ᠢ ᠪᠠᠳᠠᠷᠠᠭᠤᠯᠵᠤ᠂ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠣᠷᠣᠨ ᠤ ᠲᠥᠪ ᠤᠨ ᠣᠷᠣᠨ ᠪᠠᠶᠢᠷᠢ ᠶᠢᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ | ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ | ᠪᠠᠶᠢᠭᠤᠯᠵᠤ᠂ ᠣᠷᠣᠨ ᠤ ᠲᠥᠪ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠥᠳᠡᠯᠭᠡᠭᠦ ᠬᠦᠴᠦᠨ ᠢ ᠬᠥᠭᠵᠢᠭᠡᠬᠦ ᠬᠡᠷᠡᠭᠲᠡᠢ᠃ ᠰᠠᠶᠢᠨ ᠰᠤᠷᠭᠠᠭᠤᠯᠢ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ | ᠰᠤᠷᠭᠠᠭᠤᠯᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠦᠨᠡᠨᠬᠦ ᠭᠦᠨᠵᠡᠭᠡᠢ ᠨᠠᠷᠢᠯᠢᠭ | ᠪᠣᠳᠠᠲᠠᠢ ᠰᠦᠪᠡᠭᠴᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ | ᠦᠷᠭᠦᠯᠵᠢᠯᠡᠨ ᠨᠡᠮᠡᠭᠳᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠷᠭᠠᠨ ᠬᠥᠮᠦᠵᠢᠯ ᠤᠨ | ᠬᠡᠷᠡᠭᠴᠡᠭᠡ ᠱᠠᠭᠠᠷᠳᠠᠯᠭ᠎ᠠ ᠪᠠ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢᠨ | ᠬᠥᠭᠵᠢᠯᠲᠡ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠡᠢ᠃ | ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠵᠢᠢ ᠶᠢᠩ ᠵᠢᠴᠢ ᠬᠠᠮᠢᠶ᠎ᠠ ᠪᠦᠬᠦᠢ ᠭᠠᠵᠠᠷ ᠣᠷᠣᠨ᠂ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |