8 ᠳ᠋ᠤᠭᠠᠷ ᠰᠠᠷ᠎ᠠ ᠶᠢᠨ 23 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/24
      8 ᠳ᠋ᠤᠭᠠᠷ ᠰᠠᠷ᠎ᠠ ᠶᠢᠨ 23 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠲᠤᠰᠠᠭᠠᠷᠯᠠᠬᠤ ᠭᠠᠵᠠᠷ ᠠᠴᠠ ᠪᠠᠶᠢᠴᠠᠭᠠᠵᠤ ᠭᠠᠷᠭᠠᠪᠠ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 7 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ᠨᠢᠭᠡ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ ᠰᠢᠯᠢ ᠶᠢᠨ ᠭᠤᠣᠯ ᠠᠶᠢᠮᠠᠭ ᠲᠤ 2 ︵ᠴᠥᠮ ᠡᠷᠢᠶᠡᠨ ᠬᠤᠲᠠ ᠳᠤ ᠪᠤᠢ︶᠂ ᠤᠯᠠᠭᠠᠨᠴᠠᠪ ᠬᠤᠲᠠ ᠳᠤ 4 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠳᠤ 3 ᠪᠣᠢ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠥᠮᠥᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 2 ︵ᠴᠥᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠢ︶ ᠪᠣᠢ᠃      8 ᠳ᠋ᠤᠭᠠᠷ ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 36 ᠪᠤᠢ᠂ ᠡᠭᠦᠨ ᠳᠤ ᠬᠥᠬᠡᠬᠤᠲᠠ ᠳᠤ 5 ︵ᠦᠴᠦᠸᠠᠨ ᠰᠢᠶᠠᠨ ᠳᠤ 1᠂ ᠭᠠᠳᠠᠷ ᠮᠤᠵᠢ ᠠᠴᠠ ᠮᠡᠳᠡᠭᠳᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ 1᠂ ᠪᠤᠰᠤᠳ 3 ᠨᠢ ᠨᠢᠭᠡ ᠡᠭᠡᠯᠵᠢ ᠶᠢᠨ ᠨᠢᠰᠬᠡᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ︶᠂ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ ᠪᠣᠢ︶᠂ ᠬᠥᠯᠥᠨ ᠪᠣᠶᠢᠷ ᠬᠤᠲᠠ ᠳᠤ 7 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 5 ︵ᠴᠥᠮ ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 15 ︵ᠴᠥᠮ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ ᠪᠣᠢ︶᠂ ᠣᠷᠳᠣᠰ ᠬᠤᠲᠠ ᠳᠤ 2 ︵ᠴᠥᠮ ᠣᠲᠤᠭ ᠬᠤᠰᠢᠭᠤᠨ ᠳᠤ ᠪᠣᠢ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 20 ᠪᠣᠢ᠂ ᠡᠭᠦᠨ ᠳᠤ ᠬᠥᠯᠥᠨ ᠪᠣᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶᠂ ᠤᠯᠠᠭᠠᠨᠴᠠᠪ ᠬᠤᠲᠠ ᠳᠤ 14 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 13︶᠂  ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ ᠪᠣᠢ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠬᠥᠬᠡᠬᠤᠲᠠ ᠳᠤ︶  ᠪᠣᠢ᠃ ᠳᠡᠭᠡᠷᠡᠬᠢ ᠬᠦᠮᠦᠰ ᠢ ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号