︵ᠰᠤᠷᠪᠤᠯᠵᠢᠯᠠᠭᠴᠢ ᠯᠢᠦ ᠱᠠ ᠱᠠ︶ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠶᠠᠰᠤ ᠴᠢᠨᠠᠷ ᠢ | ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢᠨ | ᠲᠣᠪᠴᠢᠶ᠎ᠠ ᠠᠴᠠ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠬᠢᠨᠠᠨ ᠵᠥᠪᠰᠢᠶᠡᠷᠡᠬᠦ ᠠᠵᠢᠯ ᠢ | ᠦᠢᠯᠡᠴᠢᠯᠡᠭᠡᠨ ᠤ ᠪᠠᠲᠤᠯᠠᠭ᠎ᠠ ᠶᠢᠨ ︽ᠵᠢᠷᠭᠤᠭ᠎ᠠ ᠶᠢ ᠪᠠᠲᠤᠯᠠᠬᠤ︾ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠯᠡᠨ᠂ ᠰᠦᠯᠵᠢᠶ᠎ᠡ ᠪᠠᠷ ᠭᠤᠶᠤᠴᠢᠯᠠᠨ ᠮᠡᠳᠡᠭᠦᠯᠵᠦ᠂ ᠵᠥᠷᠢᠶ᠎ᠡ ᠦᠭᠡᠢ ᠦᠢᠯᠡᠴᠢᠯᠡᠭᠡ | ᠬᠠᠩᠭᠠᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢᠨ ᠠᠷᠭ᠎ᠠ ᠪᠠᠷᠢᠯ ᠢᠶᠠᠨ ᠲᠠᠰᠤᠷᠠᠯᠲᠠ ᠦᠭᠡᠢ | ᠪᠠᠶᠠᠯᠢᠭᠵᠢᠭᠤᠯᠵᠤ᠂ ᠬᠢᠨᠠᠨ ᠵᠥᠪᠰᠢᠶᠡᠷᠡᠬᠦ ᠲᠥᠷᠥᠯ ᠵᠦᠢᠯ ᠢ ᠠᠮᠢ ᠠᠬᠤᠢ ᠶᠢᠨ ᠤᠯᠠᠭᠠᠨ ᠱᠤᠭᠤᠮ ᠠᠴᠠ | ᠳᠠᠪᠠᠭᠤᠯᠬᠤ ᠦᠭᠡᠢ ᠮᠥᠷᠲᠡᠭᠡᠨ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠲᠤᠯᠠᠪᠠ᠃ | ᠨᠢᠭᠡ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠬᠠᠮᠢᠶᠠᠷᠤᠯᠲᠠ ᠶᠢᠨ ᠲᠠᠩᠰᠠ ᠪᠠᠶᠢᠭᠤᠯᠪᠠ᠃ | ᠭᠤᠣᠯᠳᠠᠯᠭ᠎ᠠ ᠲᠠᠢ ᠲᠥᠷᠥᠯ ᠵᠦᠢᠯ ᠢ ᠬᠠᠷᠢᠶ᠎ᠠ ᠭᠠᠵᠠᠷ ᠢᠶᠠᠷ ᠬᠤᠪᠢᠶᠠᠷᠢᠯᠠᠵᠤ᠂ ᠲᠣᠪᠴᠢᠶ᠎ᠠ ᠶᠢᠨ ᠤᠳᠤᠷᠢᠳᠤᠯᠭ᠎ᠠ | ᠳᠠᠭᠠᠭᠠᠴᠢᠯᠠᠨ ᠬᠠᠷᠢᠯᠴᠠᠵᠤ᠂ ᠬᠤᠪᠢᠶᠠᠷᠢ ᠲᠣᠪᠴᠢᠶ᠎ᠠ ᠭᠤᠣᠯᠳᠠᠯᠭ᠎ᠠ ᠲᠠᠢ ᠬᠢᠨᠠᠨ ᠭᠦᠢᠴᠡᠳᠬᠡᠵᠦ ᠳᠠᠭᠠᠵᠤ | ᠦᠢᠯᠡᠴᠢᠯᠡᠬᠦ ᠶᠢ ᠬᠡᠷᠡᠭᠵᠢᠭᠦᠯᠬᠦ ᠶᠢᠨ ᠬᠠᠮᠲᠤ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠢᠳᠡᠪᠬᠢᠲᠡᠢ ᠬᠠᠷᠢᠯᠴᠠᠨ᠂ ᠲᠥᠷᠥᠯ | ᠵᠦᠢᠯ ᠤᠨ ᠦᠨᠳᠦᠰᠦᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠣᠷᠴᠢᠨ ᠲᠣᠭᠤᠷᠢᠨ ᠤ ᠨᠦᠯᠦᠭᠡᠯᠡᠯ ᠤᠨ | ᠦᠨᠡᠯᠡᠯᠲᠡ ᠶᠢᠨ ᠬᠢᠨᠠᠨ ᠵᠥᠪᠰᠢᠶᠡᠷᠡᠯ ᠤᠨ ᠬᠠᠮᠢᠶᠠᠷᠤᠯᠲᠠ ᠶᠢᠨ ᠲᠥᠷᠥᠯ ᠢᠯᠭᠠᠯ ᠶᠣᠰᠣᠭᠠᠷ ᠨᠠᠷᠢᠯᠢᠭ ᠣᠨᠣᠪᠴᠢᠲᠠᠢ | ᠦᠢᠯᠡᠴᠢᠯᠡᠭᠡ ᠬᠠᠩᠭᠠᠵᠤ᠂ ᠪᠦᠲᠦᠭᠡᠨ ᠪᠠᠶᠢᠭᠤᠯᠬᠤ ᠨᠢᠭᠡᠴᠡ ᠶᠢ ᠵᠢᠯᠤᠭᠤᠳᠴᠤ ᠣᠷᠴᠢᠨ ᠲᠣᠭᠤᠷᠢᠨ ᠤ | ᠨᠦᠯᠦᠭᠡᠯᠡᠯ ᠤᠨ ᠦᠨᠡᠯᠡᠯᠲᠡ ᠶᠢ ᠬᠢᠨᠠᠨ ᠵᠦᠪᠰᠢᠶᠡᠷᠡᠬᠦ ᠭᠠᠷᠳᠠᠮ ᠢ ᠲᠥᠷᠥᠯ ᠬᠤᠪᠢᠶᠠᠨ ᠭᠦᠢᠴᠡᠳᠬᠡᠭᠦᠯᠵᠦ᠂ | ᠬᠡᠯᠲᠦᠷᠢᠭᠦᠯᠬᠦ ᠶᠣᠰᠣᠲᠠᠢ ᠶᠢ ᠨᠢ ᠪᠦᠬᠦᠨ ᠢ ᠬᠡᠯᠲᠦᠷᠢᠭᠦᠯᠪᠡ᠃ ᠬᠤᠶᠠᠷ ᠲᠤ᠂ ︽ᠭᠤᠷᠪᠠᠨ ᠱᠤᠭᠤᠮ ᠨᠢᠭᠡ | ᠬᠠᠭᠤᠳᠠᠰᠤ︾ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠦᠷ᠎ᠡ | ᠪᠦᠲᠦᠭᠡᠯ ᠢ ᠭᠦᠢᠴᠡᠳ ᠠᠰᠢᠭᠯᠠᠪᠠ᠃ ︽ᠬᠥᠬᠡᠬᠤᠲᠠ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠣᠷᠣᠨ | ᠪᠦᠰᠡ ᠶᠢ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠡᠷᠡᠭᠯᠡᠬᠦ ᠵᠦᠭᠯᠡᠭᠦᠷ︾ ᠢ ᠨᠡᠶᠢᠲᠡᠯᠡᠵᠦ᠂ ᠣᠷᠴᠢᠨ | ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠶᠢ | ᠳᠥᠭᠦᠮᠴᠢᠯᠡᠪᠡ᠃ ᠭᠤᠷᠪᠠ ᠳᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠢᠳᠡᠪᠬᠢᠲᠡᠢ ᠲᠦᠯᠬᠢᠨ | ᠠᠬᠢᠭᠤᠯᠪᠠ᠃ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠤᠷ ᠵᠣᠯᠭᠠᠬᠤ ᠦᠭᠡᠢ ᠪᠠᠷ ᠬᠢᠨᠠᠨ | ᠵᠥᠪᠰᠢᠶᠡᠷᠡᠬᠦ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ | ᠨᠡᠶᠢᠴᠡᠬᠦ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠮᠡᠳᠡᠭᠦᠯᠦᠭᠰᠡᠨ ᠳᠠᠷᠤᠢ ᠳᠤᠨᠢ ᠭᠥᠯᠢᠶᠡᠨ | ᠠᠪᠴᠤ ᠲᠡᠷᠡ ᠳᠠᠷᠤᠢ ᠳᠤᠨᠢ ᠰᠢᠯᠵᠢᠭᠦᠯᠦᠨ ᠦᠨᠡᠯᠡᠭᠦᠯᠬᠦ ᠪᠣᠯᠭᠠᠪᠠ᠃ ᠳᠥᠷᠪᠡ ᠳᠤ᠂ ᠣᠷᠴᠢᠨ ᠲᠣᠭᠤᠷᠢᠨ ᠤ | ᠨᠦᠯᠦᠭᠡᠯᠡᠯ ᠤᠨ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠨᠢᠭᠡᠴᠡ ᠶᠢ ᠬᠢᠨᠠᠨ ᠰᠢᠯᠭᠠᠬᠤ ᠬᠠᠮᠢᠶᠠᠷᠬᠤ ᠶᠢ | ᠴᠢᠩᠭᠠᠳᠬᠠᠵᠤ᠂ ᠬᠢᠨᠠᠨ ᠵᠥᠪᠰᠢᠶᠡᠷᠡᠬᠦ ᠬᠤᠭᠤᠴᠠᠭ᠎ᠠ ᠶᠢ ᠬᠠᠤᠯᠢ ᠳᠤ ᠲᠣᠭᠲᠠᠭᠠᠭᠰᠠᠨ ᠬᠤᠭᠤᠴᠠᠭ᠎ᠠ ᠠᠴᠠ 50% | ᠠᠴᠠ ᠳᠡᠭᠡᠭᠰᠢ ᠪᠠᠭᠠᠰᠬᠠᠪᠠ᠃ | |