︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠤᠯᠤᠰ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠤᠷᠢᠳᠴᠢᠯᠠᠨ ᠪᠠᠶᠢᠷᠢᠰᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠰᠦᠯᠵᠢᠶᠡᠨ ᠤ ᠬᠡᠯᠪᠡᠷᠢ ᠶᠢᠨ ᠰᠠᠭᠤᠷᠢ | ᠪᠡᠯᠡᠳᠬᠡᠮᠵᠢ᠂ ᠠᠵᠤ ᠦᠢᠯᠡᠰ ᠢ ᠲᠡᠰ ᠳᠡᠪᠰᠢᠭᠦᠯᠬᠦ ᠰᠠᠭᠤᠷᠢ ᠪᠡᠯᠡᠳᠬᠡᠮᠵᠢ᠂ ᠬᠤᠳᠠ ᠶᠢᠨ ᠰᠠᠭᠤᠷᠢ ᠪᠡᠯᠡᠳᠬᠡᠮᠵᠢ᠂ | ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ᠂ ᠤᠯᠤᠰ ᠤᠨ ᠠᠮᠤᠷ ᠲᠦᠪᠰᠢᠨ ᠤ ᠰᠠᠭᠤᠷᠢ ᠪᠡᠯᠡᠳᠬᠡᠮᠵᠢ | ᠵᠡᠷᠭᠡ 5 ᠲᠠᠯ᠎ᠠ᠂ 10 ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠥᠭᠡᠴᠡ ᠪᠠᠷ | ᠬᠦᠴᠦᠷᠬᠡᠭ ᠢ ᠳᠠᠶᠢᠴᠢᠯᠠᠬᠤ᠂ ᠠᠯᠤᠰ ᠢᠷᠡᠭᠡᠳᠦᠢ ᠳᠤ ᠠᠰᠢᠭᠲᠠᠢ᠂ ᠰᠡᠯᠭᠦᠬᠦ ᠬᠦᠴᠦᠨ ᠢ ᠨᠡᠮᠡᠭᠳᠡᠭᠦᠯᠬᠦ ᠴᠢᠬᠤᠯᠠ | ᠶᠡᠭᠡ ᠲᠥᠷᠥᠯ ᠵᠦᠢᠯ ᠢ ᠢᠳᠡᠪᠬᠢᠲᠡᠢ ᠲᠦᠯᠦᠪᠵᠢᠬᠦᠯᠵᠦ ᠪᠠᠶᠢᠨ᠎ᠠ᠃ | ᠣᠲᠣ ᠪᠣᠯᠬᠤ ᠳᠤ ᠨᠢᠭᠡᠨᠲᠡ 509 ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ | ᠲᠦᠯᠦᠪᠵᠢᠭᠦᠯᠦᠨ ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 7735 ᠳ᠋ᠦᠩᠰᠢᠭᠤᠷ ᠲᠥᠭᠦᠷᠢᠭ ᠲᠤ | ᠬᠦᠷᠴᠡᠢ᠂ ᠡᠭᠦᠨ ᠤ ᠬᠠᠮᠲᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠬᠦ ᠪᠠᠷ ᠪᠠᠶᠢᠭ᠎ᠠ ᠲᠥᠷᠥᠯ ᠵᠦᠢᠯ ᠢ | ᠡᠮᠬᠢᠯᠡᠨ ᠰᠢᠭᠰᠢᠨ ᠰᠣᠩᠭᠤᠵᠤ᠂ ᠭᠤᠣᠯᠳᠠᠯᠭ᠎ᠠ ᠲᠠᠢ ᠲᠦᠯᠬᠢᠨ ᠠᠬᠢᠭᠤᠯᠬᠤ 163 ᠲᠥᠷᠥᠯ ᠵᠦᠢᠯ ᠢ ᠠᠩᠬ᠎ᠠ | ᠠᠯᠬᠤᠮ ᠲᠣᠭᠲᠠᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 2083 ᠳ᠋ᠦᠩᠰᠢᠭᠤᠷ ᠲᠥᠭᠦᠷᠢᠭ ᠲᠤ ᠬᠦᠷᠴᠦ᠂ | ᠲᠠᠷᠠᠭᠠᠴᠢ ᠪᠠᠷ ᠤᠯᠤᠰ ᠤᠨ ᠲᠥᠷᠥ ᠶᠢᠨ ᠪᠣᠳᠣᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠲᠡᠮᠡᠴᠡᠨ ᠣᠯᠬᠤ᠂ | ᠲᠥᠷᠥᠯ ᠵᠦᠢᠯ ᠢ ᠥᠨᠳᠥᠷ ᠪᠦᠲᠦᠮᠵᠢᠲᠡᠶ ᠪᠣᠳᠠᠲᠠᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠳᠤ ᠰᠠᠶᠢᠲᠤᠷ | ᠪᠡᠯᠡᠳᠬᠡᠯ ᠬᠢᠪᠡ᠃ |