8 ᠳ᠋ᠤᠭᠠᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/8/5
      8 ᠳ᠋ᠤᠭᠠᠷ ᠰᠠᠷ᠎ᠠ ᠶᠢᠨ 4 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠪᠡ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠣᠷᠳᠣᠰ ᠬᠤᠲᠠ ᠳᠤ 1 ︵ᠡᠵᠡᠨ ᠬᠤᠷᠤᠭ᠎ᠠ ᠬᠤᠰᠢᠭᠤᠨ ᠳᠤ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 6 ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠂ ᠴᠥᠮ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠤᠯᠠᠷᠢᠭᠰᠠᠨ︶ ᠨᠡᠮᠡᠭᠳᠡᠪᠡ᠃      8 ᠳ᠋ᠤᠭᠠᠷ ᠰᠠᠷ᠎ᠠ ᠶᠢᠨ 4 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 28 ᠪᠤᠢ᠂ ᠡᠭᠦᠨ ᠳᠤ ᠪᠤᠭᠤᠲᠤ ᠬᠤᠲᠠ ᠳᠤ 2 ︵ᠴᠥᠮ ᠴᠢᠩ ᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 19 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 6 ︵ᠴᠥᠮ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠳᠤ︶᠂ ᠣᠷᠳᠣᠰ ᠬᠤᠲᠠ ᠳᠤ 1 ︵ᠡᠵᠡᠨ ᠬᠤᠷᠤᠭ᠎ᠠ ᠬᠤᠰᠢᠭᠤᠨ ᠳᠤ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 19 ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 8᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 17 ︵ᠴᠥᠮ ᠬᠥᠬᠡᠬᠤᠲᠠ ᠳᠤ︶  ᠪᠣᠢ᠃  ᠴᠥᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号