ᠮᠠᠨ ᠤ ᠬᠤᠲᠠ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠭᠡᠷ᠎ᠡ ᠲᠣᠭᠲᠠᠬᠤ ᠶᠣᠰᠣᠯᠠᠯ ᠬᠢᠵᠦ ︽15 ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠪᠠ
ᠨᠡᠶᠢᠲᠡᠯᠡᠭᠰᠡᠨ ᠴᠠᠭ᠄
2023/1/13
      1 ᠳ᠋ᠦ᠋ᠭᠡᠷ ᠰᠠᠷ᠎ᠠ ᠶᠢᠨ 12 ᠤᠨ ᠡᠳᠦᠷ᠂ ᠮᠠᠨ ᠤ ᠬᠤᠲᠠ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠭᠡᠷ᠎ᠡ ᠲᠣᠭᠲᠠᠬᠤ ᠶᠣᠰᠣᠯᠠᠯ ᠬᠢᠵᠦ᠂ ᠬᠤᠲᠠ ᠶᠢᠨ ᠵᠠᠰᠠᠭ ᠤᠨ ᠣᠷᠳᠣᠨ ᠠᠴᠠ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠳᠤᠮᠳᠠᠳᠤ ᠤᠯᠤᠰ ᠤᠨ ᠪᠠᠩᠬᠢ ᠵᠡᠷᠭᠡ 4 ᠤᠯᠤᠰ ᠤᠨ ᠥᠮᠴᠢᠯᠡᠯ ᠤᠨ ᠪᠠᠩᠬᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ      ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠪᠣᠯ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠵᠦ᠂ ᠪᠠᠩᠬᠢ ᠠᠴᠠ ᠪᠡᠯᠡ ᠮᠥᠩᠭᠦ ᠭᠠᠷᠭᠠᠵᠤ ᠠᠵᠤ ᠠᠬᠤᠶᠢᠯᠠᠯ᠂ ᠣᠯᠠᠨ ᠲᠦᠮᠡᠨ ᠳᠤ ᠨᠠᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠰᠢᠨ᠎ᠡ ᠲᠤᠷᠰᠢᠯᠲᠠ ᠪᠣᠯᠣᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠨᠢ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠣᠯᠠᠨ ᠬᠦᠷᠢᠶᠡᠨ ᠳᠠᠬᠢ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠡᠷᠦᠩᠬᠡᠶᠢᠯᠡᠨ ᠬᠤᠷᠢᠶᠠᠩᠭᠤᠶᠢᠯᠠᠵᠤ᠂ ᠨᠢᠭᠡᠳᠦᠭᠦᠯᠦᠭᠰᠡᠨ ᠮᠠᠶ᠋ᠢᠭ ᠤᠨ ᠥᠪᠡᠰᠦᠪᠡᠨ ᠦᠢᠯᠡᠴᠢᠯᠡᠬᠦ ᠦᠵᠦᠭᠦᠷ ᠢ ᠪᠠᠩᠬᠢ ᠶᠢᠨ ᠲᠣᠣᠷ ᠴᠡᠭ᠂ ᠨᠡᠶᠢᠭᠡᠮ ᠲᠣᠭᠤᠷᠢᠭ ︵ᠲᠣᠰᠬᠤᠨ︶ ᠳᠠᠰᠢ ᠤᠷᠲᠤᠳᠬᠠᠨ ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠣᠶᠢᠷ᠎ᠠ ᠬᠠᠪᠢ ᠳᠠᠭᠠᠨ ᠭᠦᠢᠴᠡᠳᠬᠡᠬᠦ᠂ ᠭᠡᠷ ᠤᠨ ᠡᠭᠦᠳᠡᠨ ᠳᠡᠭᠡᠷ᠎ᠡ ᠪᠠᠨ ᠭᠦᠢᠴᠡᠳᠬᠡᠬᠦ︾ ᠪᠣᠯᠭᠠᠪᠠ᠃      ᠬᠡᠯᠡᠯᠴᠡᠭᠡᠷ ᠢ ᠦᠨᠳᠦᠰᠦᠯᠡᠪᠡᠯ᠂ ᠲᠤᠰ ᠤᠳᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢ ᠡᠬᠢᠨ ᠤ ᠬᠤᠭᠤᠴᠠᠭᠠᠨ ᠳᠤ ᠪᠠᠩᠬᠢ ᠶᠢᠨ ᠲᠣᠣᠷ ᠴᠡᠭ ᠤᠨ ᠥᠪᠡᠰᠦᠪᠡᠨ ᠦᠢᠯᠡᠴᠢᠯᠡᠬᠦ ᠦᠵᠦᠭᠦᠷ ᠲᠤ ᠣᠷᠣᠭᠤᠯᠬᠤ ᠠᠴᠠ ᠭᠠᠷᠳᠠᠵᠤ᠂ ᠰᠢᠶᠠᠩ ᠪᠠᠯᠭᠠᠰᠤ ᠵᠡᠭᠡᠯᠢ ᠭᠤᠳᠤᠮᠵᠢ᠂ ᠨᠡᠶᠢᠭᠡᠮ ᠲᠣᠭᠤᠷᠢᠭ ︵ᠲᠣᠰᠬᠤᠨ︶ ᠲᠡᠰᠢ ᠠᠯᠬᠤᠮ ᠠᠯᠬᠤᠮ ᠢᠶᠠᠷ ᠤᠷᠲᠤᠳᠬᠠᠵᠤ᠂ 2023 ᠣᠨ ᠳᠤ ᠪᠠᠩᠬᠢ ᠶᠢᠨ ᠲᠣᠣᠷ ᠴᠡᠭ ᠪᠠ ᠨᠡᠶᠢᠭᠡᠮ ᠲᠣᠭᠤᠷᠢᠭ ︵ᠲᠣᠰᠬᠤᠨ︶ ᠲᠤ ᠲᠣᠬᠢᠷᠠᠭᠤᠯᠬᠤ ᠪᠦᠬᠦ ᠲᠤᠭ᠎ᠠ ᠶᠢ 200 ᠠᠴᠠ ᠳᠣᠣᠷ᠎ᠠ ᠦᠭᠡᠢ ᠪᠠᠶᠢᠯᠭᠠᠵᠤ᠂ ᠲᠠᠪᠤᠨ ᠵᠢᠯ ᠤᠨ ᠳᠣᠲᠣᠷ᠎ᠠ ᠪᠦᠬᠦ ᠬᠤᠲᠠ ᠶᠢᠨ 1315 ᠨᠡᠶᠢᠭᠡᠮ ᠲᠣᠭᠤᠷᠢᠭ ︵ᠲᠣᠰᠬᠤᠨ︶  ᠪᠠ 257 ᠪᠠᠩᠬᠢ ᠶᠢᠨ ᠲᠣᠣᠷ ᠴᠡᠭ ᠢ ᠦᠨᠳᠦᠰᠦᠨ ᠳᠡᠭᠡᠨ ᠪᠦᠬᠦᠨ ᠢ ᠪᠦᠷᠬᠦᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠤᠯᠠᠨ ᠲᠦᠮᠡᠨ ᠤ ᠦᠷᠭᠦᠯᠵᠢ ᠭᠦᠢᠴᠡᠳᠬᠡᠳᠡᠭ ᠥᠨᠳᠥᠷ ᠳᠠᠪᠲᠠᠮᠵᠢᠲᠤ ᠵᠦᠢᠯᠡᠰ ᠢ ᠪᠠᠩᠬᠢ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠬᠢ ᠲᠠᠢ ᠭᠦᠨᠵᠡᠭᠡᠢ ᠠᠭᠤᠰᠤᠯᠴᠠᠭᠤᠯᠬᠤ ᠶᠢ ᠲᠦᠷᠭᠡᠳᠬᠡᠵᠦ᠂ ︽15 ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ︾ ᠢ ᠠᠩᠬ᠎ᠠ ᠠᠯᠬᠤᠮ ᠪᠠᠶᠢᠭᠤᠯᠤᠨ᠎ᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号