︵ᠰᠤᠷᠪᠤᠯᠵᠢᠯᠠᠭᠴᠢ ᠭᠤᠸ᠎ᠠ︶ ᠣᠶᠢᠷ᠎ᠠ ᠳᠤ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠳᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠢᠨ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ | ᠦᠴᠤᠸᠠᠨ ᠰᠢᠶᠠᠨ ᠳᠤ ᠬᠦᠷᠴᠦ ᠮᠠᠯ ᠵᠢᠭᠦᠷᠳᠡᠨ ᠤ ᠭᠡᠮ ᠬᠢᠵᠢᠭ ᠢ ᠰᠡᠷᠭᠡᠶᠢᠯᠡᠬᠦ ᠠᠵᠢᠯ ᠵᠢᠴᠢ ᠴᠠᠭᠠᠨ ᠰᠠᠷ᠎ᠠ ᠶᠢᠨ | ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠬᠠᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠦ᠂ | ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ ᠮᠠᠯ | ᠵᠢᠭᠦᠷᠳᠡᠨ ᠤ ᠭᠡᠮ ᠬᠢᠵᠢᠭ ᠤᠨ ᠪᠠᠶᠢᠳᠠᠯ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠶᠤᠯᠬᠦᠢ ᠪᠠᠶᠢᠬᠤ ᠶᠢ | ᠦᠨᠡᠨ ᠬᠦ ᠪᠠᠲᠤᠯᠠᠵᠤ ᠪᠤᠢ᠃ | ᠲᠤᠰ ᠤᠳᠠᠭᠠᠨ ᠤ ᠪᠠᠶᠢᠴᠠᠭᠠᠯᠲᠠ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠶᠢ ᠰᠣᠨᠣᠰᠬᠤ ᠪᠠ ᠰᠠᠨᠠᠯ ᠢᠶᠠᠨ ᠰᠣᠯᠢᠯᠴᠠᠬᠤ ᠠᠷᠭ᠎ᠠ ᠭᠡᠯᠪᠡᠷᠢ ᠪᠠᠷ ᠶᠠᠪᠤᠭᠳᠠᠪᠠ᠃ ᠮᠠᠯ ᠤᠨ | ᠡᠮᠨᠡᠯᠭᠡ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠦᠨᠡᠨ ᠬᠦ ᠴᠢᠩᠭᠠᠳᠭᠠᠵᠤ᠂ ᠡᠯ᠎ᠡ ᠵᠦᠢᠯ ᠤᠨ ᠠᠶᠤᠯ ᠤᠨ ᠡᠬᠢ | ᠰᠤᠷᠪᠤᠯᠵᠢ ᠶᠢ ᠬᠢᠨᠠᠮᠠᠭᠠᠢ ᠡᠷᠢᠨ ᠭᠠᠷᠭᠠᠵᠦ᠂ ᠠᠶᠤᠯᠭᠦᠢ ᠶᠢᠨ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ | ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ | ᠪᠠᠶᠢᠬᠤ ᠶᠢ ᠵᠤᠷᠢᠬᠰᠠᠨ ᠪᠠᠶᠢᠨ᠎ᠠ᠃ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠬᠤ ᠰᠠᠨᠠᠯ ᠭᠠᠷᠭᠠᠵᠤ᠂ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠬᠤ ᠶᠢ ᠱᠠᠭᠠᠷᠳᠠᠭᠰᠠᠨ ᠪᠠᠶᠢᠨ᠎ᠠ᠃ |