︵ᠰᠤᠷᠪᠤᠯᠵᠢᠯᠠᠭᠴᠢ ᠸᠠᠩ ᠵᠥᠩ ᠵᠧᠦ︶ ᠰᠤᠷᠪᠤᠯᠵᠢᠯᠠᠭᠴᠢ ᠥᠴᠥᠭᠡᠳᠦᠷ ᠣᠶᠢᠯᠠᠭᠠᠭᠰᠠᠨ ᠨᠢ᠂ | ᠥᠨᠥᠳᠥᠷ ᠠᠴᠠ ᠡᠬᠢᠯᠡᠨ᠂ ︽ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠦᠶ᠎ᠡ︾ ᠭᠡᠬᠦ ᠭᠤᠣᠯ ᠰᠡᠳᠦᠪᠲᠦ | 2023 ᠣᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠦᠨᠳᠦᠰᠦᠲᠡᠨ ᠤ ᠲᠢᠶᠠᠲᠷ᠂ ᠬᠤᠨ ᠭᠠᠯᠠᠭᠤ | ᠲᠢᠶᠠᠲᠷ ᠲᠤ ᠬᠥᠷ ᠬᠥᠭᠵᠢᠶᠡᠨ ᠲᠠᠢ ᠡᠬᠢᠯᠡᠵᠦ᠂ ᠴᠠᠭᠠᠨ ᠰᠠᠷ᠎ᠠ ᠳᠤ ᠪᠠᠰᠠ ᠨᠢᠭᠡᠨ ᠰᠣᠶᠣᠯ ᠤᠨ ᠬᠥᠭ ᠠᠶᠠᠰ | ᠨᠡᠮᠡᠷᠢᠯᠡᠬᠦ ᠪᠣᠯᠣᠨ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠲᠣᠭᠯᠠᠯᠲᠠ ᠶᠢ ᠬᠥᠬᠡᠬᠤᠲᠠ ᠶᠢᠨ ᠰᠣᠶᠣᠯ ᠵᠢᠭᠤᠯᠴᠢᠯᠠᠯ ᠤᠨ | ᠪᠡᠯᠡ ᠣᠷᠣᠭᠤᠯᠤᠯᠲᠠ ᠶᠢᠨ ᠪᠦᠯᠦᠭᠯᠡᠯ ᠠᠴᠠ ᠭᠤᠣᠯᠯᠠᠨ ᠡᠷᠬᠢᠯᠡᠵᠦ᠂ 2 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ | ᠶᠠᠪᠤᠭᠳᠠᠨ᠎ᠠ᠂ ᠲᠣᠭᠯᠠᠯᠲᠠ ᠨᠢ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠪᠠᠶᠢᠵᠤ᠂ ᠬᠤᠶᠠᠷ | ᠬᠥᠮᠥᠨ ᠤ ᠰᠢ ᠵᠦᠴᠦᠭᠡ᠂ ᠱᠠᠨ ᠰᠢ ᠵᠦᠴᠦᠭᠡ ᠶᠢᠨ ᠲᠣᠭᠯᠠᠯᠲᠠ ᠶᠢ ᠪᠠᠭᠲᠠᠭᠠᠭᠰᠠᠨ ᠪᠥᠭᠡᠳ ᠲᠣᠭᠯᠠᠯᠲᠠ ᠶᠢ | ᠴᠥᠮ ᠣᠶᠢᠷ᠎ᠠ ᠶᠢᠨ ᠵᠢᠯ ᠤᠳ ᠲᠤ ᠡᠯ᠎ᠡ ᠭᠠᠵᠠᠷ ᠤᠨ ᠲᠣᠭᠤᠷᠢᠨ ᠲᠣᠭᠯᠠᠯᠲᠠ ᠳᠤ ᠣᠷᠣᠯᠴᠠᠭᠰᠠᠨ ᠰᠢᠯᠢᠳᠡᠭ | ᠵᠦᠴᠦᠭᠡ ᠶᠢᠨ ᠳᠣᠲᠣᠷ᠎ᠠ ᠠᠴᠠ ᠨᠠᠷᠢᠨ ᠨᠢᠮᠪᠠᠢ ᠰᠣᠩᠭᠤᠵᠤ᠂ ᠪᠦᠬᠦᠶᠢᠯᠡ ᠲᠣᠭᠯᠠᠯᠲᠠ ᠨᠢ ᠪᠠᠶᠠᠷ ᠬᠥᠷ ᠲᠠᠢ | ᠪᠥᠭᠡᠳ ᠥᠯᠵᠡᠢ ᠪᠡᠯᠭᠡ ᠲᠠᠢ ᠰᠢᠨ᠎ᠡ ᠵᠢᠯ ᠤᠨ ᠦᠨᠦᠷ ᠠᠮᠲᠠ ᠲᠠᠢ ᠪᠥᠭᠡᠳ ᠣᠷᠣᠨ ᠨᠤᠲᠤᠭ ᠤᠨ ᠣᠨᠴᠠᠯᠢᠭ ᠢᠶᠠᠷ | ᠥᠳᠬᠡᠨ ᠪᠠᠶᠢᠵᠤ᠂ ᠦᠵᠡᠭᠴᠢᠳ ᠲᠦᠮᠡᠨ ᠤ ᠬᠠᠷᠠᠭ᠎ᠠ ᠰᠣᠨᠤᠷ ᠢ ᠮᠢᠯᠢᠶᠠᠬᠤ ᠪᠣᠯᠤᠨ᠎ᠠ᠃ |