︵ᠰᠤᠷᠪᠤᠯᠵᠢᠯᠠᠭᠴᠢ ᠸᠠᠩ ᠵᠥᠩ ᠵᠸᠦ︶ ᠣᠶᠢᠷ᠎ᠠ ᠳᠤ᠂ ᠬᠠᠤᠯᠢ ᠴᠠᠭᠠᠵᠠ ᠶᠢᠨ ᠶᠠᠮᠤᠨ᠂ ᠠᠷᠠᠳ ᠤᠨ | ᠶᠠᠪᠤᠳᠠᠯ ᠤᠨ ᠶᠠᠮᠤᠨ ᠠᠴᠠ ᠶᠢᠰᠦᠳᠦᠭᠡᠷ ᠪᠦᠯᠦᠭ ᠤᠨ ︽ᠪᠥᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ | ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠤ ᠨᠡᠷᠡᠰ ᠢ ᠨᠡᠶᠢᠲᠡᠯᠡᠪᠡ᠂ ᠮᠠᠨ ᠤ ᠬᠤᠲᠠ ᠶᠢᠨ | ᠬᠤᠷᠢᠨᠭᠡᠷ ᠰᠢᠶᠠᠨ ᠤ ᠱᠧᠩ ᠯᠧ ᠪᠠᠯᠭᠠᠰᠤᠨ ᠤ ᠲᠠᠶᠢᠵᠢ ᠶᠢᠨ ᠠᠶᠢᠯ ᠲᠣᠰᠬᠤᠨ᠂ ᠲᠣᠭᠲᠠᠬᠤ ᠰᠢᠶᠠᠨ ᠤ ᠰᠢᠨ ᠶᠢᠩ | ᠽᠢ ᠪᠠᠯᠭᠠᠰᠤᠨ ᠤ ᠰᠢᠶᠣᠣ ᠺᠧᠦ ᠽᠢ ᠲᠣᠰᠬᠤᠨ ᠨᠡᠷᠡᠰ ᠲᠤ ᠣᠷᠣᠪᠠ᠃ | ᠣᠶᠢᠷ᠎ᠠ ᠶᠢᠨ ᠵᠢᠯ ᠤᠨ ᠲᠤᠷᠰᠢ᠂ ᠡᠯ᠎ᠡ ᠭᠠᠵᠠᠷ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠠᠮᠵᠢᠯᠠᠨ ᠲᠠᠷᠬᠠᠭᠠᠭᠰᠠᠨ ᠪᠦᠬᠦ ᠤᠯᠤᠰ ᠤᠨ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠪᠣᠯᠣᠨ ᠲᠥᠪ ᠤᠨ ᠪᠦᠬᠦ ᠲᠠᠯ᠎ᠠ ᠪᠠᠷ | ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠬᠠᠤᠯᠢᠵᠢᠯ ᠤᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ | ︵ᠨᠡᠶᠢᠭᠡᠮ ᠲᠣᠭᠤᠷᠢᠭ︶︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠬᠠᠤᠯᠢᠵᠢᠯ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ | ᠦᠨᠳᠦᠰᠦᠨ ᠱᠠᠲᠤᠨ ᠤ ᠠᠷᠠᠳᠴᠢᠯᠠᠯ ᠢᠶᠠᠷ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ | ᠨᠡᠶᠢᠲᠡᠯᠢᠭ ᠵᠢᠱᠢᠶ᠎ᠡ ᠦᠯᠡᠮᠵᠢ ᠣᠯᠠᠨ ᠴᠣᠯᠭᠤᠷᠠᠨ ᠭᠠᠷᠪᠠ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠠᠷᠠᠳᠴᠢᠯᠠᠯ ᠬᠠᠤᠯᠢ ᠪᠠᠷ | ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠬᠦ ᠶᠢᠨ ᠲᠥᠯᠥᠭᠡ᠂ ᠴᠢᠩᠭ᠎ᠠ ᠨᠢᠮᠪᠠᠢ ᠰᠢᠯᠭᠠᠷᠠᠭᠤᠯᠬᠤ ᠶᠠᠪᠤᠴᠠ ᠶᠢ ᠳᠠᠮᠵᠢᠨ᠂ ᠬᠠᠤᠯᠢ | ᠴᠠᠭᠠᠵᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ ᠠᠴᠠ ᠪᠡᠭᠡᠵᠢᠩ ᠬᠤᠳᠠ ᠶᠢᠨ ᠴᠣᠣᠶᠠᠩ ᠲᠣᠭᠤᠷᠢᠭ ᠤᠨ | ᠶᠢᠨ ᠵᠢᠩ ᠰᠢᠶᠠᠩ ᠤᠨ ᠳ᠋ᠦᠩ ᠶᠣᠣ ᠲᠣᠰᠬᠤᠨ ᠵᠡᠷᠭᠡ 1136 ᠲᠣᠰᠬᠤᠨ ︵ᠨᠡᠶᠢᠭᠡᠮ ᠲᠣᠭᠤᠷᠢᠭ︶ ᠢ | ᠶᠢᠰᠦᠳᠦᠭᠡᠷ ᠪᠦᠯᠦᠭ ᠤᠨ ︽ᠪᠦᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ | ︵ᠨᠡᠶᠢᠭᠡᠮ ᠲᠣᠭᠤᠷᠢᠭ︶︾ ᠢᠶᠠᠷ ᠨᠡᠷᠡᠶᠢᠳᠬᠦ ᠪᠠᠷ ᠲᠣᠭᠲᠠᠵᠠᠢ᠃ | |