︵ᠰᠤᠷᠪᠤᠯᠵᠢᠯᠠᠭᠴᠢ ᠶᠠᠩ ᠼᠠᠢ ᠰᠢᠶᠠ︶ ᠣᠶᠢᠷ᠎ᠠ ᠶᠢᠨ ᠡᠳᠦᠷ ᠬᠤᠳᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ 2022 ᠣᠨ ᠳᠤ ᠮᠠᠨ ᠤ ᠬᠤᠳᠠ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠦᠷ᠎ᠡ ᠪᠦᠲᠦᠮᠵᠢ | ᠮᠡᠳᠡᠭᠳᠡᠮ᠎ᠡ ᠪᠠᠶᠢᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠲᠣᠭᠲᠠᠭᠤᠨ ᠢᠶᠠᠷ ᠨᠡᠮᠡᠭᠳᠡᠵᠦ | ᠂ 2022 ᠣᠨ ᠤ ᠰᠡᠭᠦᠯᠴᠢ ᠪᠣᠯᠬᠤ ᠳᠤ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ | ᠬᠥᠮᠥᠨ ᠳᠤᠮᠳᠠᠴᠢ ᠶᠢᠨ ᠴᠡᠪᠡᠷ ᠣᠷᠣᠯᠭ᠎ᠠ 17091.6 ᠲᠥᠭᠦᠷᠢᠭ ᠬᠦᠷᠴᠦ᠂ 2021 ᠣᠨ ᠤ ᠬᠢ ᠠᠴᠠ | 2295.9 ᠲᠥᠭᠦᠷᠢᠭ ᠨᠡᠮᠡᠭᠳᠡᠵᠦ᠂ 15.5% ᠨᠡᠮᠡᠭᠳᠡᠵᠡᠢ᠃ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠮᠠᠨ ᠤ ᠬᠤᠲᠠ ᠨᠡᠶᠢᠲᠡ 21.47 | ᠲᠦᠮᠡᠨ ᠲᠠᠷᠢᠶᠠᠴᠢᠨ ᠡᠷᠦᠬᠡ ᠶᠢᠨ 48.72 ᠲᠦᠮᠡᠨ ᠬᠥᠮᠥᠨ ᠢ ᠪᠠᠶᠢᠴᠠᠭᠠᠵᠤ᠂ ︽ᠠᠷᠪᠠᠨ ᠲᠥᠷᠥᠯ ᠤᠨ | ᠭᠤᠣᠯᠳᠠᠯᠭ᠎ᠠ ᠲᠠᠢ ᠬᠥᠮᠥᠰ︾ ᠢ ᠲᠥᠪᠯᠡᠷᠡᠭᠦᠯᠦᠨ ᠬᠢᠨᠠᠨ ᠠᠵᠢᠭᠯᠠᠬᠤ ᠪᠠ ᠪᠥᠬᠦ ᠲᠠᠷᠢᠶᠠᠴᠢᠨ ᠡᠷᠦᠬᠡ ᠶᠢ ᠪᠥᠬᠦ | ᠲᠠᠯ᠎ᠠ ᠪᠠᠷ ᠪᠠᠶᠢᠴᠠᠭᠠᠪᠠ᠃ ᠬᠢᠨᠠᠨ ᠠᠵᠢᠭᠯᠠᠵᠤ ᠣᠯᠣᠭᠰᠠᠨ ᠠᠶᠤᠯ ᠲᠦᠭᠰᠢᠭᠦᠷᠢ ᠶᠢᠨ ᠴᠡᠭ ᠲᠤ ᠴᠢᠭᠯᠡᠭᠦᠯᠦᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ ᠪᠣᠳᠠᠲᠠᠢ ᠪᠠᠶᠢᠳᠠᠯ ᠢ ᠨᠢ ᠦᠨᠳᠦᠰᠦᠯᠡᠨ ᠡᠮ | ᠡᠮᠨᠡᠯᠭᠡ ᠡᠷᠡᠭᠦᠯ ᠮᠡᠨᠳᠦ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠣᠷᠣᠨ ᠰᠠᠭᠤᠴᠠ ᠶᠢᠨ ᠪᠠᠲᠤᠯᠠᠭ᠎ᠠ᠂ | ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ ᠪᠠᠲᠤᠯᠠᠬᠤ ᠵᠡᠷᠭᠡ ᠪᠠᠷ ᠶᠡᠷᠦᠩᠬᠡᠶᠢᠯᠡᠨ ᠬᠠᠪᠰᠤᠷᠤᠨ | ᠲᠡᠳᠬᠦᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠶᠠᠳᠠᠭᠤᠷᠠᠬᠤ ᠲᠠᠬᠢᠨ ᠶᠠᠳᠠᠭᠤᠷᠠᠬᠤ ᠦᠵᠡᠭᠳᠡᠯ ᠭᠠᠷᠬᠤ ᠦᠭᠡᠢ ᠪᠠᠶᠢᠬᠤ | ᠠᠵᠢᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠪᠠ᠃ | ︽ᠮᠠᠨ ᠤ ᠬᠤᠲᠠ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 2778.73 | ᠲᠦᠮᠡᠨ ᠲᠥᠭᠦᠷᠢᠭ ᠤᠨ ︿ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ﹀ ᠤᠨ ᠪᠡᠯᠡ ᠮᠥᠩᠭᠦ ᠭᠠᠷᠭᠠᠵᠤ᠂ ᠬᠥᠳᠡᠭᠡ | ᠲᠣᠰᠬᠤᠨ ᠤ 19.71 ᠲᠦᠮᠡᠨ ᠡᠷᠦᠬᠡ ᠶᠢᠨ 61.46 ᠲᠦᠮᠡᠨ ᠬᠥᠮᠥᠨ ᠢ ᠬᠠᠮᠤᠷᠪᠠ᠃ ᠣᠲᠣ ᠪᠣᠯᠬᠤ ᠳᠤ᠂ | ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠠᠵᠢᠭᠯᠠᠬᠤ ᠡᠷᠦᠬᠡ ᠶᠢ ᠪᠦᠬᠦᠨ ᠢ ᠬᠡᠷᠡᠭᠴᠡᠭᠡ ᠳᠤᠨᠢ | ᠲᠣᠬᠢᠷᠠᠭᠤᠯᠤᠨ ᠬᠠᠪᠰᠤᠷᠤᠨ ᠲᠡᠳᠬᠦᠵᠦ᠂ ᠶᠠᠳᠠᠭᠤᠷᠠᠬᠤ ᠪᠤᠶᠤ ᠳᠠᠬᠢᠨ ᠶᠠᠳᠠᠭᠤᠷᠠᠭᠰᠠᠨ ᠦᠭᠡᠢ᠃ ᠪᠦᠬᠦ | ᠬᠤᠲᠠ ᠳᠤ ᠢᠳᠡᠬᠦ ᠠᠶᠤᠯᠭᠦᠢ ᠤᠰᠤᠨ ᠳᠤ ᠬᠦᠴᠢᠷᠳᠡᠭᠰᠡᠨ ᠡᠷᠦᠭᠡ ᠦᠭᠡᠢ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠤ ᠰᠤᠷᠤᠯᠭ᠎ᠠ ᠪᠠᠨ ᠳᠤᠲᠠᠭᠤ ᠵᠣᠭᠰᠣᠭᠰᠠᠨ ᠪᠠᠶᠢᠳᠠᠯ ᠦᠭᠡᠢ᠂ ᠪᠣᠶ ᠪᠦᠬᠦᠢ ᠶᠠᠳᠠᠭᠤ | ᠠᠴᠠ ᠠᠩᠭᠢᠵᠢᠷᠠᠭᠰᠠᠨ ᠣᠯᠠᠨ ᠲᠦᠮᠡᠨ ᠤ ᠣᠷᠣᠨ ᠰᠠᠭᠤᠴᠠ ᠶᠢᠨ ᠠᠶᠤᠯᠭᠦᠢ᠂ ᠦᠨᠳᠦᠰᠦᠨ ᠡᠮᠴᠢᠯᠡᠭᠡ᠂ ᠢᠳᠡᠬᠦ | ᠤᠰᠤᠨ ᠤ ᠠᠶᠤᠯᠭᠦᠢ ᠴᠥᠮ ᠪᠠᠲᠤᠯᠠᠭ᠎ᠠ ᠲᠠᠢ ᠪᠣᠯᠵᠠᠢ᠃︾ ᠭᠡᠵᠦ ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠵᠢᠶᠦ᠋ᠨ ᠲᠠᠨᠢᠯᠴᠠᠭᠤᠯᠪᠠ᠃ | 2022 ᠣᠨ ᠤ ᠡᠴᠦᠰ ᠪᠣᠯᠲᠠᠯ᠎ᠠ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ | ᠨᠡᠶᠢᠲᠡ 25409 ᠡᠷᠦᠬᠡ 52437 ᠬᠥᠮᠥᠨ᠂ ᠬᠢᠨᠠᠨ ᠠᠵᠢᠭᠯᠠᠬᠤ ᠡᠷᠦᠬᠡ ᠨᠡᠶᠢᠲᠡ 838 ᠡᠷᠦᠬᠡ 1584 | ᠬᠥᠮᠥᠨ ᠪᠠᠶᠢᠵᠤ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ | ᠴᠡᠪᠡᠷ ᠣᠷᠣᠯᠭ᠎ᠠ 17091.6 ᠲᠥᠭᠦᠷᠢᠭ ᠬᠦᠷᠴᠦ᠂ 2021 ᠣᠨ ᠤ ᠬᠢ ᠠᠴᠠ 2295.9 ᠲᠥᠭᠦᠷᠢᠭ | ᠨᠡᠮᠡᠭᠳᠡᠵᠡᠢ᠃ ᠣᠷᠣᠯᠭ᠎ᠠ ᠶᠢᠨ ᠪᠦᠲᠦᠴᠡ ᠠᠴᠠ ᠦᠵᠡᠪᠡᠯ᠂ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠲᠣᠭᠲᠠᠭᠤᠨ ᠪᠠᠶᠢᠵᠤ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ | ᠳᠡᠭᠡᠭᠰᠢᠯᠡᠵᠡᠢ᠃ ᠦᠢᠯᠡᠳᠪᠦᠷᠢᠯᠡᠯ ᠡᠵᠡᠩᠨᠡᠯᠲᠡ ᠪᠠ ᠴᠠᠯᠢᠩ ᠤᠨ ᠴᠢᠨᠠᠷᠲᠠᠢ ᠣᠷᠣᠯᠭ᠎ᠠ ᠵᠢᠴᠢ ᠡᠳ᠋ ᠬᠥᠷᠥᠩᠭᠡ ᠶᠢᠨ | ᠴᠢᠨᠠᠷᠲᠠᠢ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠭᠤᠣᠯᠯᠠᠬᠤ ᠪᠠᠶᠢᠷᠢ ᠶᠢ ᠡᠵᠡᠯᠡᠵᠦ᠂ ︽ | ᠨᠡᠭᠡᠭᠡᠨ ᠬᠥᠭᠵᠢᠭᠦᠯᠬᠦ ᠮᠠᠶ᠋ᠢᠭ︾᠂ ︽ᠴᠢᠰᠤ ᠪᠦᠲᠦᠭᠡᠬᠦ ᠮᠠᠶ᠋ᠢᠭ︾ ᠤᠨ ᠬᠠᠪᠰᠤᠷᠤᠨ ᠲᠡᠳᠬᠦᠬᠦ ᠦᠷ᠎ᠡ ᠪᠦᠲᠦᠮᠵᠢ | ᠲᠣᠪᠣᠶᠢᠮ᠎ᠠ ᠮᠡᠳᠡᠭᠳᠡᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠳᠣᠲᠣᠭᠠᠳᠤ ᠬᠥᠳᠡᠯᠭᠡᠭᠦ ᠬᠦᠴᠦᠨ | ᠪᠠ ᠬᠥᠭᠵᠢᠯᠲᠡ ᠶᠢᠨ ᠴᠢᠳᠠᠪᠤᠷᠢ ᠢᠯᠡᠳᠲᠡ ᠴᠢᠩᠭᠠᠷᠠᠪᠠ᠃ |