ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠠᠰ ᠳᠡᠪᠰᠢᠭᠦᠯᠵᠦ᠂ | ᠡᠨᠡ ᠵᠢᠯ ᠤᠨ ᠡᠴᠦᠰ ᠠᠴᠠ ᠡᠮᠦᠨ᠎ᠡ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠶᠤ | ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ᠂ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ ᠦᠨᠳᠦᠰᠦᠨ ᠳᠡᠭᠡᠨ ᠪᠡᠶᠡᠯᠡᠭᠦᠯᠵᠦ᠂ 1000 ᠵᠦᠢᠯᠡᠰ ᠢ ︽ᠠᠯᠠᠭᠠᠨ ᠳᠡᠭᠡᠷ᠎ᠡ ᠪᠠᠨ | ᠰᠢᠢᠳᠪᠦᠷᠢᠯᠡᠬᠦ︾ ᠶᠢ ᠪᠡᠶᠡᠯᠡᠭᠦᠯᠦᠨ᠎ᠡ︔ ᠬᠤᠰᠢᠭᠤ ᠰᠢᠶᠠᠨ ᠲᠣᠭᠤᠷᠢᠭ ᠤᠨ 70% ᠠᠴᠠ ᠳᠡᠭᠡᠭᠰᠢᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ | ᠃ ᠡᠭᠦᠨ ᠤ ᠬᠠᠮᠲᠤ ᠪᠠᠰᠠ ᠬᠥᠬᠡᠬᠤᠲᠠ ᠪᠤᠭᠤᠲᠤ ᠣᠷᠳᠣᠰ ᠤᠯᠠᠭᠠᠨᠴᠠᠪ ︽ᠳᠥᠷᠪᠡᠨ ᠬᠤᠲᠠ ᠳᠤ ᠨᠡᠶᠢᠳᠡᠮ | ᠭᠦᠢᠴᠡᠳᠬᠡᠬᠦ︾ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠡᠭᠦᠯᠡᠨ ᠳᠡᠭᠡᠷ᠎ᠡ ᠵᠣᠯᠭᠠᠬᠤ︾ ᠦᠢᠯᠡᠴᠢᠯᠡᠭᠡ | ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠲᠦᠰᠢᠭ ᠪᠣᠯᠭᠠᠵᠤ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ | ᠴᠣᠭᠴᠠᠵᠢᠭᠤᠯᠤᠨ ᠵᠣᠬᠢᠴᠠᠯᠳᠤᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠡᠨᠡ ᠵᠢᠯ ᠤᠨ | ᠰᠡᠭᠦᠯᠴᠢ ᠠᠴᠠ ᠡᠮᠦᠨ᠎ᠡ᠂ 640 ᠵᠦᠢᠯ ᠤᠨ ᠭᠤᠶᠤᠴᠢᠯᠠᠬᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ 360 | ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︽ | ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠳᠤ ᠣᠷᠣᠭᠤᠯᠵᠤ᠂ ᠣᠯᠠᠨ ᠲᠦᠮᠡᠨ ᠪᠠ ᠠᠵᠤ ᠠᠬᠤᠶᠢᠯᠠᠯ ᠤᠨ | ᠠᠵᠢᠯ ᠶᠠᠪᠤᠳᠠᠯ ᠭᠦᠢᠴᠡᠳᠬᠡᠬᠦ ᠳᠤ ︽ᠬᠤᠶᠠᠷ ᠭᠠᠵᠠᠷ ᠤᠨ ᠬᠤᠭᠤᠷᠣᠨᠳᠤ ᠨᠠᠰᠢ ᠴᠠᠰᠢ ᠭᠦᠶᠦᠬᠦ︾ ᠦᠭᠡᠢ | ᠪᠣᠯᠭᠠᠨ᠎ᠠ᠃ ︵ᠯᠢ ᠬᠠᠢ ᠵᠧᠨ︶ |