ᠪᠣᠣ ᠭᠠᠩ ᠵᠧᠩ ᠬᠤᠩ ᠹᠠᠨ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠬᠠᠮ | ᠵᠠᠭᠤᠴᠢᠯᠠᠭᠤᠷ ᠤᠨ ᠲᠥᠪ ᠫᠠᠶᠢᠰᠠ ᠰᠡᠬᠦᠬᠦ ᠶᠣᠰᠣᠯᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ | ᠬᠤᠩ ᠹᠠᠨ ᠬᠠᠮᠲᠤ ᠪᠠᠷ ᠮᠠᠨ ᠤ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠫᠠᠶᠢᠰᠠ ᠶᠢ ᠰᠡᠬᠦᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠹᠦ᠋ ᠯᠧᠢ ᠶᠣᠰᠣᠯᠠᠯ ᠳᠤ ᠣᠷᠣᠯᠴᠠᠵᠤ᠂ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ ᠨᠠ | ᠪᠠᠶᠠᠷ ᠤᠨ ᠦᠭᠡ ᠬᠡᠯᠡᠪᠡ᠃ | 2022 ᠣᠨ ᠤ 4 ᠳ᠋ᠦ᠋ᠭᠡᠷ ᠰᠠᠷ᠎ᠠ ᠳᠤ᠂ ᠮᠠᠨ ᠤ ᠬᠤᠲᠠ ᠪᠥᠬᠦ ᠤᠯᠤᠰ ᠤᠨ ᠬᠤᠲᠠ ᠶᠢᠨ ᠲᠠᠰ ᠤᠨ ᠬᠠᠮ | ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠪᠠᠷ ᠰᠣᠩᠭᠤᠭᠳᠠᠪᠠ᠃ | ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠲᠤᠷᠰᠢᠯᠲᠠ ᠶᠢᠨ ᠬᠤᠲᠠ ᠶᠢ ᠪᠦᠲᠦᠭᠡᠨ ᠪᠠᠶᠢᠭᠤᠯᠬᠤ | ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ ᠬᠥᠬᠡᠬᠤᠲᠠ ᠶᠢᠨ ᠷᠠᠳᠢᠣ᠋ ᠲᠧᠯᠸᠢᠰ | ᠬᠤᠷᠢᠶ᠎ᠠ᠂ ᠬᠥᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ ᠶᠢ ᠨᠡᠶᠢᠳᠬᠡᠨ᠂ ᠬᠥᠬᠡᠬᠤᠲᠠ ᠶᠢᠨ ᠬᠠᠮ | ᠵᠠᠭᠤᠴᠢᠯᠠᠭᠤᠷ ᠤᠨ ᠲᠥᠪ ᠢ ᠪᠠᠶᠢᠭᠤᠯᠪᠠ᠃ ᠰᠢᠨ᠎ᠡ ᠪᠠᠷ ᠪᠠᠶᠢᠭᠤᠯᠤᠭᠳᠠᠭᠰᠠᠨ ᠬᠤᠳᠠ ᠶᠢᠨ ᠬᠠᠮ ᠵᠠᠭᠤᠴᠢᠯᠠᠭᠤᠷ ᠤᠨ | ᠲᠥᠪ ᠨᠢ ᠪᠦᠬᠦ ᠲᠠᠯ᠎ᠠ ᠪᠠᠷ ᠵᠠᠭᠤᠴᠢᠯᠠᠭᠤᠷ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ | ᠮᠠᠶ᠋ᠢᠭ ᠤᠨ ᠨᠡᠪᠲᠡᠷᠡᠭᠦᠯᠭᠡ ᠶᠢᠨ ᠲᠠᠪᠴᠠᠩ ᠢ ᠪᠠᠶᠢᠭᠤᠯᠵᠤ᠂ ᠬᠤᠳᠠ ᠳᠤ ᠬᠠᠷᠢᠶᠠᠯᠠᠭᠳᠠᠬᠤ ᠵᠠᠭᠤᠴᠢᠯᠠᠭᠤᠷ ᠤᠨ | ᠬᠡᠪᠯᠡᠯ ᠤᠨ ᠨᠢᠭᠤᠷ᠂ ᠳᠠᠪᠲᠠᠮᠵᠢ᠂ ᠰᠤᠪᠠᠭ ᠵᠢᠴᠢ ᠰᠦᠯᠵᠢᠶᠡᠨ ᠤ ᠦᠷᠳᠡᠭᠡ᠂ ᠬᠡᠷᠡᠭᠯᠡᠭᠴᠢ ᠶᠢᠨ ᠦᠵᠦᠭᠦᠷ᠂ | ᠵᠠᠭᠤᠴᠢᠯᠠᠭᠤᠷ ᠤᠨ ᠨᠣᠮᠧᠷ ᠢ ᠨᠡᠶᠢᠳᠬᠡᠵᠦ ︽ᠴᠢᠩ ᠴᠧᠩ ᠬᠠᠮ ᠵᠠᠭᠤᠴᠢᠯᠠᠭᠤᠷ︾ ᠬᠠᠮ ᠵᠠᠭᠤᠴᠢᠯᠠᠭᠤᠷ ᠤᠨ | ᠨᠡᠪᠲᠡᠷᠡᠭᠦᠯᠭᠡ ᠶᠢᠨ ᠵᠢᠭᠰᠠᠭᠠᠯ ᠪᠣᠯᠭᠠᠪᠠ᠃ ︽ᠲᠥᠪ ᠲᠣᠭᠤᠭᠠᠨ ᠭᠡᠷ︾ ᠤᠨ ᠵᠢᠯᠣᠭᠤᠳᠤᠨ ᠲᠣᠬᠢᠷᠠᠭᠤᠯᠬᠤ | ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠡᠯᠬᠢᠶ᠎ᠡ ᠪᠠᠷ ᠤᠬᠠᠭᠠᠯᠠᠨ ᠰᠡᠳᠦᠬᠦ᠂ ᠪᠥᠬᠦ ᠶᠠᠪᠤᠴᠠ ᠪᠠᠷ | ᠬᠠᠮᠢᠶᠠᠷᠬᠤ ᠪᠠᠷ ᠳᠠᠮᠵᠢᠭᠤᠯᠤᠨ᠂ ᠮᠡᠳᠡᠭᠡ ᠵᠠᠩᠭᠢ ᠶᠢᠨ ᠠᠭᠤᠯᠭ᠎ᠠ᠂ ᠮᠡᠷᠭᠡᠵᠢᠯ ᠤᠨ ᠬᠡᠷᠡᠭᠯᠡᠭᠡ᠂ ᠲᠠᠪᠴᠠᠩ ᠤᠨ | ᠦᠵᠦᠭᠦᠷ᠂ ᠬᠠᠮᠢᠶᠠᠷᠤᠯᠲᠠ ᠶᠢᠨ ᠠᠷᠭ᠎ᠠ ᠪᠠᠷᠢᠯ ᠢ ᠠᠭᠤᠰᠤᠯᠴᠠᠭᠤᠯᠤᠨ ᠨᠡᠪᠲᠡᠷᠡᠭᠦᠯᠵᠦ᠂ ᠨᠢᠭᠡ ᠤᠳᠠᠭ᠎ᠠ ᠳᠤ | ᠴᠤᠭᠯᠠᠭᠤᠯᠵᠤ᠂ ᠣᠯᠠᠨ ᠤᠳᠠᠭ᠎ᠠ ᠦᠢᠯᠡᠳᠴᠦ᠂ ᠣᠯᠠᠨ ᠲᠠᠯ᠎ᠠ ᠪᠠᠷ ᠨᠡᠶᠢᠲᠡᠯᠡᠬᠦ ᠬᠠᠮ ᠵᠠᠭᠤᠴᠢᠯᠠᠭᠤᠷ ᠤᠨ | ᠨᠡᠪᠲᠡᠷᠡᠭᠦᠯᠭᠡ ᠶᠢᠨ ᠪᠠᠶᠢᠷᠢᠰᠢᠯ ᠢ ᠪᠣᠶ ᠪᠣᠯᠭᠠᠵᠤ᠂ ᠮᠠᠨ ᠤ ᠬᠤᠲᠠ ᠶᠢᠨ ᠭᠤᠣᠯᠯᠠᠬᠤ ᠵᠠᠭᠤᠴᠢᠯᠠᠭᠤᠷ ᠤᠨ | ᠤᠯᠠᠮᠵᠢᠯᠠᠬᠤ ᠬᠦᠴᠦᠨ᠂ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠤ ᠲᠥᠪ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠪᠣᠯᠣᠨ᠎ᠠ᠃ | ᠬᠥᠬᠡᠬᠤᠲᠠ ᠳᠤ ᠰᠠᠭᠤᠭ᠎ᠠ ᠲᠥᠪ ᠤᠨ ᠵᠠᠭᠤᠴᠢᠯᠠᠭᠤᠷ ᠪᠣᠯᠣᠨ ᠥᠪᠡᠷᠲᠡᠭᠡᠨ ᠵᠠᠰᠠᠬᠤ ᠣᠷᠣᠨ ᠤ ᠷᠠᠳᠢᠣ᠋ | ᠲᠧᠯᠸᠢᠰ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠪᠣᠯᠣᠨ ᠰᠢᠨ ᠯᠠᠩ᠂ ᠲᠧᠩ ᠰᠢᠶᠦ᠋ᠨ | ᠵᠡᠷᠭᠡ ᠰᠦᠯᠵᠢᠶᠡᠨ ᠤ ᠵᠠᠭᠤᠴᠢᠯᠠᠭᠤᠷ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃ |