ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠬᠥᠬᠡᠬᠤᠲᠠ ᠶᠢᠨ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ | ᠭᠤᠣᠯᠳᠠᠯᠭ᠎ᠠ ᠲᠠᠢ ᠨᠤᠷᠮᠠᠵᠢᠭᠤᠯᠤᠭᠰᠠᠨ ᠡᠭᠦᠷᠭᠡ ᠬᠠᠷᠠᠯᠲᠠ ᠶᠢᠨ ᠵᠠᠳᠠᠯᠤᠯᠲᠠ︾᠂ ︽ᠬᠥᠬᠡᠬᠤᠲᠠ ᠶᠢᠨ 2023 | ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ | ᠲᠥᠰᠥᠯ︾᠂ ︽ᠳᠤᠮᠳᠠᠳᠤ ᠪᠠᠭ᠎ᠠ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ︽ᠬᠥᠬᠡᠬᠤᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ︿ᠬᠠᠶᠠᠭᠳᠠᠮᠠᠯ ᠦᠭᠡᠢ ᠬᠤᠲᠠ﹀ ᠶᠢᠨ ᠪᠦᠲᠦᠭᠡᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠥᠰᠥᠯ︾ ᠢ | ᠬᠢᠨᠠᠨ ᠵᠥᠪᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠥᠬᠡᠬᠤᠲᠠ ᠶᠢᠨ 2023 ᠣᠨ ᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠨᠤᠷᠮᠠᠵᠢᠭᠤᠯᠤᠭᠰᠠᠨ ᠡᠭᠦᠷᠭᠡ ᠬᠠᠷᠠᠯᠲᠠ ᠶᠢᠨ ᠵᠠᠳᠠᠯᠤᠯᠲᠠ︾ ᠳᠤ | ᠬᠠᠷᠢᠭᠤᠴᠠᠬᠤ ᠤᠳᠤᠷᠢᠳᠤᠯᠭ᠎ᠠ᠂ ᠲᠦᠷᠦᠭᠦᠯᠡᠨ ᠬᠢᠬᠦ ᠨᠢᠭᠡᠴᠡ᠂ ᠬᠠᠷᠢᠭᠤᠴᠠᠬᠤ ᠨᠢᠭᠡᠴᠡ ᠶᠢ ᠨᠢᠭᠡᠳ ᠨᠢᠭᠡ ᠪᠠᠷ | ᠲᠣᠳᠣᠷᠬᠠᠶᠢᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠶᠢᠨ ᠲᠠᠯ᠎ᠠ ᠪᠠᠷ ᠥᠪᠡᠷ ᠤᠨ | ᠪᠡᠶ᠎ᠡ ᠳᠡᠭᠡᠨ ᠳᠠᠷᠤᠯᠲᠠ ᠦᠵᠡᠭᠦᠯᠵᠦ᠂ ᠡᠭᠦᠷᠭᠡ ᠪᠠᠨ ᠡᠷᠬᠡᠪᠰᠢ ᠪᠡᠶᠡᠯᠡᠭᠦᠯᠵᠦ᠂ ᠲᠣᠬᠢᠷᠠᠭᠤᠯᠤᠯᠲᠠ ᠶᠢ ᠡᠷᠬᠡᠪᠰᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠬᠤᠳᠠ ᠶᠢᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ | ᠲᠠᠰᠤᠭ ᠤᠨ ᠬᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ | ᠲᠤᠬᠠᠢ ᠳᠤᠨᠢ ᠱᠠᠯᠠᠪᠳᠠᠭᠤᠯᠤᠨ ᠪᠠᠶᠢᠴᠠᠭᠠᠵᠤ᠂ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠲᠠᠢ | ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ | ᠬᠡᠷᠡᠭᠯᠡᠵᠦ᠂ ᠵᠠᠰᠠᠭ ᠪᠠᠩᠬᠢ ᠠᠵᠤ ᠠᠬᠤᠶᠢᠯᠠᠯ ᠬᠤᠯᠪᠣᠭᠠᠯᠠᠬᠤ ᠠᠷᠭ᠎ᠠ ᠬᠡᠯᠪᠡᠷᠢ ᠶᠢ ᠠᠪᠴᠤ᠂ ᠣᠷᠣᠨ ᠤ | ᠲᠥᠪ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠰᠥᠯ | ᠲᠣᠭᠲᠠᠭᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠤᠨ ᠥᠭᠡᠷᠡᠴᠢᠯᠡᠯᠲᠡ ᠶᠢᠨ ᠡᠨᠡ ᠬᠦ ᠰᠠᠶᠢᠨ ᠶᠠᠪᠤᠳᠠᠯ ᠢ ᠦᠨᠡᠨ ᠬᠦ | ᠰᠠᠶᠢᠲᠤᠷ ᠬᠢᠬᠦ ᠬᠡᠷᠡᠭᠲᠡᠢ᠃ ᠪᠥᠬᠦ ᠬᠤᠲᠠ ᠪᠠᠷ ᠢᠶᠠᠨ ᠮᠠᠨ ᠤ ᠬᠤᠲᠠ ᠶᠢᠨ ︽ᠬᠠᠶᠠᠭᠳᠠᠮᠠᠯ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠴᠢᠩᠭ᠎ᠠ ᠠᠳᠬᠤᠵᠤ | ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠭᠦᠳᠦᠯᠲᠡ᠂ ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠠᠵᠢᠯ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |