︽ᠬᠥᠬᠡᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠬᠦᠴᠦᠨ ᠦᠭᠡᠢ ᠪᠣᠯᠭᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/13
      ︽ᠬᠥᠬᠡᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ︵﹇2009﹈ 1ᠳ᠋ᠦ᠋ᠭᠡᠷ ᠲᠣᠭᠠᠲᠤ ᠵᠠᠷᠯᠢᠭ︶ ᠨᠡᠶᠢᠳᠡ 24 ᠵᠦᠢᠯ ᠲᠠᠢ᠂ 2008 ᠣᠨ ᠤ 12 ᠳ᠋ᠤᠭᠠᠷ ᠰᠠᠷ᠎ᠠ ᠶᠢᠨ 29 ᠤ ᠡᠳᠦᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠵᠤ᠂ 2009 ᠣᠨ ᠤ 2 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠨᠢᠭᠡᠨᠲᠡ 13 ᠵᠢᠯ ᠬᠡᠷᠡᠭᠵᠢᠭᠦᠯᠪᠡ᠃ ︽ᠠᠷᠭ᠎ᠠ︾ ᠳᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠲᠤᠰᠬᠠᠢ ᠰᠠᠭᠤᠷᠢ ᠮᠥᠩᠭᠦ ᠶᠢ ᠬᠤᠷᠢᠶᠠᠬᠤ᠂ ᠬᠡᠷᠡᠭᠯᠡᠬᠦ ᠵᠡᠷᠭᠡ ᠠᠭᠤᠯᠭ᠎ᠠ ᠶᠢ ᠲᠣᠭᠲᠠᠭᠠᠵᠠᠢ᠃ ᠲᠤᠬᠠᠢ ᠶᠢᠨ ᠦᠶ᠎ᠡ ᠳᠤ ︽ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠮᠠᠨ ᠤ ᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠳᠤ ᠴᠢᠬᠤᠯᠠ ᠦᠢᠯᠡᠳᠦᠯ ᠦᠵᠡᠭᠦᠯᠦᠭᠰᠡᠨ ᠪᠣᠯᠪᠠᠴᠤ ᠨᠡᠶᠢᠭᠡᠮ ᠠᠵᠤ ᠠᠬᠤᠢ ᠶᠢᠨ ᠬᠥᠭᠵᠢᠯᠲᠡ ᠪᠠ ᠳᠡᠭᠡᠳᠦ ᠪᠠᠶᠢᠷᠢ ᠶᠢᠨ ᠬᠠᠤᠯᠢ ᠶᠢ ᠵᠠᠯᠭᠠᠭ᠎ᠠ ᠪᠠᠷ ᠨᠡᠶᠢᠲᠡᠯᠡᠬᠦ ᠶᠢ ᠳᠠᠭᠠᠯᠳᠤᠨ᠂ ︽ᠠᠷᠭ᠎ᠠ︾ ᠶᠢᠨ ᠬᠡᠰᠡᠭ ᠠᠭᠤᠯᠭ᠎ᠠ   ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠲᠠᠢ ᠬᠠᠷᠰᠢᠯᠳᠤᠵᠤ᠂ ᠦᠷᠭᠦᠯᠵᠢᠯᠡᠨ ᠦᠯᠡᠳᠡᠭᠡᠬᠦ ᠴᠢᠬᠤᠯᠠ ᠦᠭᠡᠢ ᠪᠣᠯᠵᠠᠢ᠃             ᠨᠢᠭᠡ᠂ ︽ᠠᠷᠭ᠎ᠠ︾ ᠶᠢ ᠬᠦᠴᠦᠨ ᠦᠭᠡᠢ ᠪᠣᠯᠭᠠᠭᠰᠠᠨ ᠠᠬᠤᠢ ᠪᠠᠶᠢᠳᠠᠯ             ᠨᠢᠭᠡ ᠳᠤ ︽ᠠᠷᠭ᠎ᠠ︾ ᠳᠤ ᠭᠤᠣᠯᠳᠠᠭᠤ ︽ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠲᠤᠰᠬᠠᠢ ᠰᠠᠭᠤᠷᠢ ᠮᠥᠩᠭᠦ︾ ᠶᠢ ᠬᠤᠷᠢᠶᠠᠬᠤ᠂ ᠬᠡᠷᠡᠭᠯᠡᠬᠦ᠂ ᠪᠤᠴᠠᠭᠠᠬᠤ ᠪᠠ ᠬᠤᠯᠪᠣᠭᠳᠠᠯ ᠪᠦᠬᠦᠢ ᠲᠣᠷᠭᠠᠬᠤ ᠳᠦᠷᠢᠮ ᠢ ᠲᠣᠭᠲᠠᠭᠠᠪᠠ᠂ 2017 ᠣᠨ ᠳᠤ ᠡᠳ᠋ ᠤᠨ ᠵᠠᠰᠠᠭ ᠤᠨ ᠶᠠᠮᠤᠨ ᠠᠴᠠ ︽ᠬᠡᠰᠡᠭ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠬᠤ᠂ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠡᠳ᠋ ᠭᠠᠶᠢᠯᠢ ﹇2017﹈ 18 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠲᠤᠰᠬᠠᠢ ᠰᠠᠭᠤᠷᠢ ᠮᠥᠩᠭᠦ︾ ᠬᠤᠷᠢᠶᠠᠬᠤ ᠶᠢ ᠬᠦᠴᠦᠨ ᠦᠭᠡᠢ ᠪᠣᠯᠭᠠᠨ᠎ᠠ ᠭᠡᠵᠦ ᠲᠣᠳᠣᠷᠬᠠᠢ ᠳᠤᠷᠠᠳᠤᠨ ᠭᠠᠷᠭᠠᠪᠠ᠃             ᠬᠤᠶᠠᠷ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2018 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠤᠨ ᠬᠥᠭᠵᠢᠯᠲᠡ ᠶᠢ ᠠᠬᠢᠭᠤᠯᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 233 ᠳ᠋ᠤᠭᠠᠷ ᠲᠣᠭᠠᠲᠤ︶ ᠶᠢ ᠨᠡᠶᠢᠲᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ 2019 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠢ ᠨᠡᠶᠢᠲᠡᠯᠡᠪᠡ᠂ ᠳᠡᠭᠡᠳᠦ ᠪᠠᠶᠢᠷᠢ ᠶᠢᠨ ᠬᠠᠤᠯᠢ ᠶᠢᠨ ᠨᠡᠶᠢᠲᠡᠯᠡᠭᠳᠡᠬᠦ ᠶᠢ ᠳᠠᠭᠠᠯᠳᠤᠨ᠂ ︽ᠠᠷᠭ᠎ᠠ︾ ᠶᠢᠨ ᠬᠡᠰᠡᠭ ᠠᠭᠤᠯᠭ᠎ᠠ ᠨᠢ ᠳᠡᠭᠡᠳᠦ ᠪᠠᠶᠢᠷᠢ ᠶᠢᠨ ᠬᠠᠤᠯᠢ ᠲᠠᠢ ᠬᠠᠷᠰᠢᠯᠳᠤᠪᠠ᠃             ᠬᠤᠶᠠᠷ᠂ ︽ᠠᠷᠭ᠎ᠠ︾ ᠶᠢ ᠬᠦᠴᠦᠨ ᠦᠭᠡᠢ ᠪᠣᠯᠭᠠᠭᠰᠠᠨ ᠶᠠᠪᠤᠴᠠ             ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠬᠤ ᠳᠠᠷᠠᠭᠠᠯᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠠᠷᠭ᠎ᠠ︾ ᠶᠢ ᠬᠦᠴᠦᠨ ᠦᠭᠡᠢ ᠪᠣᠯᠭᠠᠬᠤ ᠠᠵᠢᠯ ᠢ ᠡᠬᠢᠯᠡᠭᠦᠯᠪᠡ᠃ 2022 ᠣᠨ ᠤ 7 ᠳ᠋ᠤᠭᠠᠷ ᠰᠠᠷ᠎ᠠ ᠶᠢᠨ 4 ᠤ ᠡᠳᠦᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠠᠯᠪᠠᠨ ᠰᠦᠯᠵᠢᠶᠡᠨ ᠳᠡᠭᠡᠷ᠎ᠡ ︽︿ᠬᠥᠬᠡᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ﹀ ᠶᠢ ᠬᠦᠴᠦᠨ ᠦᠭᠡᠢ ᠪᠣᠯᠭᠠᠬᠤ ᠲᠤᠬᠠᠢ ᠢᠯᠡ ᠪᠠᠷ ᠰᠠᠨᠠᠯ ᠬᠤᠷᠢᠶᠠᠬᠤ ᠠᠯᠪᠠᠨ ᠵᠠᠷ︾ ᠨᠡᠶᠢᠲᠡᠯᠡᠨ ᠨᠡᠶᠢᠭᠡᠮ ᠨᠡᠶᠢᠲᠡ ᠠᠴᠠ ᠰᠠᠨᠠᠯ ᠬᠤᠷᠢᠶᠠᠬᠤ ᠶᠢᠨ ᠬᠠᠮᠲᠤ ︽︿ᠬᠥᠬᠡᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ﹀ ᠶᠢ ᠬᠦᠴᠦᠨ ᠦᠭᠡᠢ ᠪᠣᠯᠭᠠᠬᠤ ᠰᠠᠨᠠᠯ ᠬᠤᠷᠢᠶᠠᠬᠤ ᠵᠠᠬᠢᠳᠠᠯ︾ ᠢᠶᠠᠷ ᠳᠠᠮᠵᠢᠭᠤᠯᠤᠨ᠂ ᠬᠠᠮᠢᠶ᠎ᠠ ᠪᠦᠬᠦᠢ ᠨᠢᠭᠡᠴᠡ ᠠᠴᠠ ᠪᠢᠴᠢᠭ ᠢᠶᠠᠷ ᠰᠠᠨᠠᠯ ᠬᠤᠷᠢᠶᠠᠪᠠ᠃ ᠨᠡᠶᠢᠭᠡᠮ ᠤᠨ ᠣᠯᠠᠨ ᠨᠡᠶᠢᠲᠡ ᠠᠴᠠ ᠰᠠᠨᠠᠯ ᠭᠠᠷᠭᠠᠭᠰᠠᠨ ᠦᠭᠡᠢ᠂ ᠡᠯ᠎ᠡ ᠬᠠᠮᠢᠶ᠎ᠠ ᠪᠦᠬᠦᠢ ᠨᠢᠭᠡᠴᠡ ᠴᠥᠮ ᠪᠢᠴᠢᠭ ᠢᠶᠠᠷ ᠰᠠᠨᠠᠯ ᠦᠭᠡᠢ ᠭᠡᠳᠡᠭ ᠬᠠᠷᠢᠭᠤᠯᠲᠠ ᠥᠭᠪᠡ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠬᠢᠨᠠᠨ  ᠪᠠᠶᠢᠴᠠᠭᠠᠬᠤ ᠪᠠᠷ ᠳᠠᠮᠵᠢᠨ᠂ ︽ᠠᠷᠭ᠎ᠠ︾ ᠶᠢ ᠬᠦᠴᠦᠨ ᠦᠭᠡᠢ ᠪᠣᠯᠭᠠᠬᠤ ᠶᠢ ᠵᠥᠪᠰᠢᠶᠡᠷᠡᠪᠡ᠃ 2022 ᠣᠨ ᠤ 12 ᠳ᠋ᠤᠭᠠᠷ ᠰᠠᠷ᠎ᠠ ᠶᠢᠨ 16 ᠤ ᠡᠳᠦᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 29 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠳᠡᠭᠡᠷ᠎ᠡ ᠬᠢᠨᠠᠨ ᠵᠥᠪᠯᠡᠵᠦ ᠪᠠᠲᠤᠯᠠᠭᠠᠳ ︽ᠠᠷᠭ᠎ᠠ︾ ᠶᠢ ᠬᠦᠴᠦᠨ ᠦᠭᠡᠢ ᠪᠣᠯᠭᠠᠪᠠ᠃  ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ  
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号