ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠣᠶ᠎ᠠ ︱ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠠᠶᠢᠭᠤᠯᠬᠤ ᠰᠢᠷᠢᠰ ᠰᠢᠭᠦᠮᠵᠢ ②
ᠨᠡᠶᠢᠲᠡᠯᠡᠭᠰᠡᠨ ᠴᠠᠭ᠄
2023/10/16
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠣᠶ᠎ᠠ ︱ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠠᠶᠢᠭᠤᠯᠬᠤ ᠰᠢᠷᠢᠰ ᠰᠢᠭᠦᠮᠵᠢ ②                             ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ            ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︾ ᠭᠡᠵᠦ ᠴᠢᠬᠤᠯᠠᠴᠢᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠡᠭᠦᠳᠦᠨ ᠪᠠᠶᠢᠭᠤᠯᠵᠤ ᠪᠠᠲᠤ ᠪᠠᠬᠢ ᠪᠣᠶ ᠪᠣᠯᠭᠠᠬᠤ︾ ᠬᠠᠷᠠᠯᠲᠠ ᠶᠢ ᠲᠣᠳᠣᠷᠬᠠᠢ ᠳᠤᠷᠠᠳᠤᠨ ᠭᠠᠷᠭᠠᠪᠠ᠃ ᠪᠦᠬᠦ ᠣᠷᠣᠨ ᠢᠶᠠᠷ ᠢᠶᠠᠨ ᠡᠷᠬᠡᠪᠰᠢ ᠨᠡᠶᠢᠲᠡᠯᠢᠭ ᠴᠢᠨᠠᠷ ᠪᠣᠯᠣᠨ ᠵᠥᠷᠢᠶᠡᠲᠦ ᠴᠢᠨᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠣᠨ ᠦᠨᠳᠦᠰᠦᠲᠡᠨ ᠨᠦᠭᠦᠳ ᠤᠨ ᠤᠬᠠᠮᠰᠠᠷ᠂ ᠳᠤᠮᠳᠠᠳᠤ ᠶᠢᠨ ᠰᠣᠶᠣᠯ ᠪᠣᠯᠣᠨ ᠦᠨᠳᠦᠰᠦᠲᠡᠨ ᠨᠦᠭᠦᠳ ᠤᠨ ᠰᠣᠶᠣᠯ᠂ ᠪᠣᠳᠠᠰ ᠪᠣᠯᠣᠨ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠳᠡᠵᠦ᠂ ᠢᠯᠡ ᠲᠥᠷᠥᠭᠳᠡᠯ ᠲᠠᠢ ᠪᠥᠭᠡᠳ ᠪᠦᠲᠦᠮᠵᠢᠲᠡᠢ ᠪᠠᠶᠢᠵᠤ᠂ ᠡᠯ᠎ᠡ ᠵᠦᠢᠯ ᠤᠨ ᠠᠵᠢᠯ ᠢᠶᠠᠨ ᠤᠷᠳᠤ ᠬᠤᠭᠤᠴᠠᠭ᠎ᠠ ᠪᠠᠷ ᠴᠢᠷᠮᠠᠶᠢᠨ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠡᠮᠦᠨ᠎ᠡ ᠨᠢ ᠶᠠᠪᠤᠵᠤ᠂ ᠵᠢᠱᠢᠶᠡᠴᠢ ᠪᠣᠯᠬᠤ ᠬᠡᠷᠡᠭᠲᠡᠢ᠃             ᠶᠡᠷᠦᠩᠬᠡᠢ ᠱᠦᠵᠢ ᠰᠢ ᠶᠢᠨ ᠫᠢᠩ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠣᠯ‌‍ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠃ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ᠂ ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ ᠭᠡᠵᠦ ᠳᠤᠷᠠᠳᠴᠠᠢ᠃ ᠥᠷᠭᠡᠨ ᠣᠯᠠᠨ ᠺᠠᠳ᠋ᠷ ᠣᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢ ᠡᠯ᠎ᠡ ᠵᠦᠢᠯ ᠤᠨ ᠠᠵᠢᠯ ᠤᠨ ᠳᠤᠮᠳᠠ ᠪᠠᠨ ᠲᠤᠤᠱᠯᠠᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ ᠪᠠᠶᠢᠭᠤᠯᠤᠯᠲᠠ ᠵᠡᠷᠭᠡ ᠶᠢ ᠠᠬᠢᠭᠤᠯᠬᠤ ᠳᠤ ᠴᠥᠮ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠲᠡᠭᠦᠨ ᠠᠴᠠ ᠥᠴᠥᠬᠡᠨ ᠴᠦ ᠰᠠᠯᠬᠤ ᠦᠭᠡᠢ ᠪᠠᠶᠢᠳᠠᠭ᠃ ᠶᠠᠮᠠᠷᠪᠠ ᠠᠵᠢᠯ ᠢ ᠬᠢᠬᠦ᠂ ᠶᠠᠮᠠᠷᠪᠠ ᠤᠴᠢᠷ ᠶᠠᠪᠤᠳᠠᠯ ᠢ ᠬᠢᠬᠦ ᠳᠤ ᠴᠥᠮ ᠲᠡᠭᠦᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ ᠣᠯᠭᠤᠵᠤ᠂ ︽ᠭᠡᠳᠡᠰᠦ ᠪᠠᠨ ᠬᠠᠮᠢᠶᠠᠷᠬᠤ︾ ᠮᠥᠷᠲᠡᠭᠡᠨ ᠪᠠᠰᠠ ︽ᠲᠠᠷᠢᠬᠢ ᠲᠣᠯᠣᠭᠠᠢ ᠪᠠᠨ ᠬᠠᠮᠢᠶᠠᠷᠴᠤ︾᠂ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠠᠵᠢᠯ ᠢ ᠬᠢᠬᠦ ᠮᠥᠷᠲᠡᠭᠡᠨ ᠪᠠᠰᠠ ᠶᠡᠭᠡ ᠬᠡᠮᠵᠢᠶᠡᠨ ᠤ ︽ᠶᠠᠭᠤᠮ᠎ᠠ ᠶᠢ ᠴᠢᠮᠡᠭᠡ ᠠᠨᠢᠷ ᠦᠭᠡᠢ ᠪᠣᠯᠭᠠᠬᠤ︾ ᠶᠠᠪᠤᠳᠠᠯ ᠢ ᠬᠢᠵᠦ᠂ ᠣᠳᠣᠬᠠᠨ ᠤ ᠠᠵᠢᠯ ᠢ ᠠᠳᠬᠤᠬᠤ ᠮᠥᠷᠲᠡᠭᠡᠨ ᠠᠯᠤᠰ ᠢᠷᠡᠭᠡᠳᠦᠢ ᠶᠢ ᠴᠦ ᠠᠳᠬᠤᠬᠤ ᠬᠡᠷᠡᠭᠲᠡᠢ᠃          ᠥᠪᠥᠷ ᠮᠣᠩᠭᠤᠯ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠰᠠᠶᠢᠨ ᠰᠠᠭᠤᠷᠢ ᠲᠠᠢ᠂ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠳᠠᠭ ᠰᠢᠯᠢᠳᠡᠭ ᠤᠯᠠᠮᠵᠢᠯᠠᠯ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠤᠯᠠᠮᠵᠢᠯᠠᠯ ᠰᠠᠶᠢᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠰᠠᠶᠢᠨ ᠶᠠᠪᠤᠭᠳᠠᠵᠤ᠂ ᠨᠢᠭᠡ ᠭᠡᠷ ᠤᠨ ᠬᠥᠮᠥᠨ ᠰᠢᠭ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠰᠠᠶᠢᠨ ᠪᠠᠶᠢᠨ᠎ᠠ᠃ ᠬᠤᠶᠢᠰᠢᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠨᠤᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠬᠦ ᠬᠡᠷᠡᠭᠲᠡᠢ᠃ ᠤᠨᠤᠯ ᠤᠨ ᠰᠤᠳᠤᠯᠭᠠᠨ ᠤ ᠰᠢᠨᠵᠢᠯᠡᠭᠡᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠤᠳᠤᠯᠭᠠᠨ ᠤ ᠰᠠᠭᠤᠷᠢᠨ ᠤ ᠪᠠᠭᠲᠠᠭᠠᠮᠵᠢ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ︔ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ᠂ ᠨᠡᠶᠢᠭᠡᠮ ᠤᠨ ᠬᠥᠮᠦᠵᠢᠯ ᠳᠤ ᠣᠷᠣᠭᠤᠯᠬᠤ ᠬᠡᠷᠡᠭᠲᠡᠢ︔ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠠᠴᠠ ᠡᠬᠢᠯᠡᠨ ᠠᠳᠬᠤᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ ᠪᠣᠯᠭᠠᠵᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠣᠷᠣᠭᠤᠯᠬᠤ᠂ ᠪᠤᠢ ᠪᠦᠬᠦᠢ ᠬᠢᠴᠢᠶᠡᠯ ᠤᠨ ᠲᠠᠩᠬᠢᠮ ᠳᠤ ᠠᠭᠤᠰᠤᠯᠴᠠᠭᠤᠯᠤᠨ ᠣᠷᠣᠭᠤᠯᠤᠨ᠎ᠠ᠃ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠳᠡᠯᠭᠡᠷᠡᠭᠦᠯᠵᠦ᠂ ᠦᠨᠳᠦᠰᠦᠲᠡᠨ ᠤ ᠭᠠᠵᠠᠷ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠦᠨ᠎ᠡ᠃            ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠦᠨᠳᠦᠰᠦᠲᠡᠨ ᠤ ᠡᠶ᠎ᠡ ᠨᠠᠶᠢᠷ ᠤᠨ ᠰᠦᠭ ᠰᠦᠨᠡᠰᠦ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠠᠯᠤᠰ‌‍ᠬᠡᠳᠤ ᠶᠢᠨ ᠪᠠ ᠦᠨᠳᠦᠰᠦᠨ ᠵᠦᠢᠯ ᠨᠢ ᠰᠣᠶᠣᠯ ᠤᠨ ᠡᠭᠡᠯᠢᠰᠢᠯ ᠢ ᠴᠢᠩᠭᠠᠳᠬᠠᠵᠤ᠂ ᠳᠤᠮᠳᠠᠳᠤ‌‍ᠶᠢᠨ ᠦᠨᠳᠦᠰᠦᠲᠡᠨ ᠤ ᠬᠠᠮᠲᠤ ᠵᠢᠨ‌ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ ᠪᠣᠯᠣᠨ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠮᠢᠳᠤᠯᠢᠭ ᠢᠶᠠᠷ ᠢᠯᠡᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠬᠠᠮᠲᠤᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠦᠨᠳᠦᠰᠦᠨ ᠠᠭᠤᠯᠭ᠎ᠠ ᠪᠣᠯᠭᠠᠭᠰᠠᠨ ︽ᠤᠮᠠᠷᠠᠲᠤ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠶ ᠪᠣᠯᠭᠠᠨ᠎ᠠ᠃ ᠳᠤᠮᠳᠠᠳᠤ ᠶᠢᠨ ᠰᠣᠶᠣᠯ ᠪᠣᠯ ᠭᠤᠣᠯ ᠲᠤᠯᠭᠠᠭᠤᠷᠢ ᠮᠥᠨ᠂ ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠳᠡᠭ ᠤᠨ ᠬᠠᠷᠢᠴᠠᠭ᠎ᠠ ᠶᠢ ᠣᠨᠣᠪᠴᠢᠲᠠᠶ ᠡᠵᠡᠮᠳᠡᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠵᠤ᠂ ᠦᠨᠳᠦᠰᠦᠲᠡᠨ ᠨᠦᠭᠦᠳ ᠤᠨ ᠰᠣᠶᠣᠯ ᠢ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠪᠠᠨ ᠴᠢᠩᠭᠠᠳᠬᠠᠭᠰᠠᠨ ᠰᠠᠭᠤᠷᠢᠨ ᠳᠡᠭᠡᠷ᠎ᠡ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠤᠶᠤᠨ ᠰᠠᠨᠠᠭᠠᠨ ᠤ ᠲᠦᠰᠢᠭᠯᠡᠯ ᠢ ᠠᠬᠢᠭᠤᠯᠤᠨ᠎ᠠ᠃            ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠳᠠᠪᠰᠢᠯᠲᠠ ᠶᠢ ᠠᠬᠢᠭᠤᠯᠬᠤ ᠰᠢᠷᠭᠢᠰᠢ ᠦᠭᠡᠢ ᠬᠥᠳᠡᠯᠭᠡᠬᠦ ᠬᠦᠴᠦᠨ ᠮᠥᠨ᠃ ᠥᠪᠥᠷ ᠮᠣᠩᠭᠤᠯ ᠣᠷᠣᠨ ᠤ ᠬᠥᠭᠵᠢᠯᠲᠡ ᠶᠢᠨ ᠲᠡᠦᠬᠡ ᠪᠣᠯ ᠲᠡᠷᠡ ᠴᠢᠭ ᠢᠶᠠᠷ ᠢᠶᠠᠨ ᠤᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠮᠥᠨ᠂ ᠤᠯᠠᠨ ᠦᠨᠳᠦᠰᠦᠲᠡᠨ᠂ ᠶᠡᠭᠡ ᠠᠭᠤᠰᠤᠯᠴᠠᠯ ᠤᠨ ᠣᠨᠴᠠᠯᠢᠭ ᠨᠢ ᠥᠪᠥᠷ ᠮᠣᠩᠭᠤᠯ ᠤᠨ ᠡᠬᠡ ᠭᠠᠵᠠᠷ ᠲᠤ ᠲᠤᠶᠢᠯ ᠤᠨ ᠢᠯᠡ ᠲᠣᠳᠣ ᠪᠠᠶᠢᠳᠠᠭ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠡᠴᠡᠭ ᠰᠠᠶ᠋ᠢ ᠨᠡᠩ ᠰᠠᠶᠢᠨ ᠳᠡᠯᠭᠡᠷᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠰᠠᠶ᠋ᠢ ᠲᠠᠬᠢᠨ ᠳᠡᠭᠲᠡᠷ ᠲᠤ ᠭᠠᠷᠴᠤ ᠴᠢᠳᠠᠨ᠎ᠠ᠃ ᠡᠯ᠎ᠡ ᠭᠠᠵᠠᠷ ᠤᠨ ᠬᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠨᠡᠩ ᠲᠡᠭᠦᠯᠳᠡᠷᠵᠢᠭᠰᠡᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠬᠤ ᠬᠡᠷᠡᠭᠲᠡᠢ︔ ᠬᠠᠤᠯᠢ ᠪᠠᠷ ᠵᠠᠰᠠᠬᠤ ᠵᠠᠮ ᠢᠶᠠᠷ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠣᠬᠢᠷᠠᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠤᠨᠤᠯ ᠤᠨ ᠦᠨᠳᠦᠰᠦ ᠰᠤᠷᠪᠤᠯᠵᠢ ᠶᠢ ᠤᠯᠠᠮ ᠠᠴᠠ ᠤᠯᠠᠮ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠦᠨᠳᠦᠰᠦ ᠰᠠᠭᠤᠷᠢ ᠶᠢ ᠤᠯᠠᠮ ᠠᠴᠠ ᠤᠯᠠᠮ ᠪᠠᠬᠢᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号