2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/10/18
 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                                                                                    ᠥᠪᠥᠷ ᠵᠠᠰᠠᠭ ᠦᠰᠦᠭ ﹇2023﹈ 52 ᠳ᠋ᠤᠭᠠᠷ ᠲᠣᠭᠠᠲᠤ               2023 ᠣᠨ ᠤ ᠪᠥᠬᠦ ᠣᠷᠣᠨ ᠤ  ᠨᠡᠶᠢᠭᠡᠮ ᠤᠨ  ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ              ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ  ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠰ ᠳᠠᠪᠬᠤᠷᠭ᠎ᠠ ᠪᠠ ᠲᠥᠷᠥᠯ  ᠠᠩᠭᠢᠯᠠᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ‌‍ᠲ᠋ᠣᠭᠲᠠᠯᠴᠠᠭ᠎ᠠ ᠶᠢ ᠲᠦᠷᠭᠡᠳᠬᠡᠨ ᠪᠦᠷᠢᠨᠰᠢᠭᠦᠯᠵᠦ᠂ ᠪᠥᠬᠦ ᠣᠷᠣᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠲᠡᠩᠬᠡᠷᠡᠭᠦᠯᠦᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠡᠴᠠ‌ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ  ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠦᠴᠢᠷᠳᠡᠯᠲᠡᠢ ᠣᠯᠠᠨ ᠲᠦᠮᠡᠨ ᠤ ᠭᠦᠷᠳᠡᠬᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠤᠰᠠᠳᠠ᠂ ᠡᠳᠦᠭᠡ 2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ  ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃                                ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ‌‍ᠬᠡᠷᠡᠭᠵᠢᠭᠦᠯᠬᠦ ᠬᠡᠷᠡᠭᠲᠡᠢ           ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ 2023 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ  ᠪᠠᠷᠢᠮᠵᠢᠶ᠎ᠠ ᠶᠢ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠡᠯ᠎ᠡ ᠭᠠᠵᠠᠷ ᠣᠷᠣᠨ ᠨᠢ ᠴᠠᠭ ᠲᠤᠬᠠᠢ ᠳᠤ ᠨᠢ ᠨᠡᠶᠢᠭᠡᠮ ᠨᠡᠶᠢᠳᠡ ᠳᠤ ᠨᠡᠶᠢᠲᠡᠯᠡᠬᠦ ᠬᠡᠷᠡᠭᠲᠡᠢ᠃ ᠲᠣᠰ ᠣᠨ ᠤ ᠳᠣᠲᠣᠷ᠎ᠠ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠬᠤ ᠴᠢᠬᠤᠯᠠ ᠲᠠᠢ  ᠪᠣᠯ ᠡᠷᠬᠡᠪᠰᠢ ᠬᠤᠯᠪᠣᠭᠳᠠᠯ ᠪᠦᠬᠦᠢ ᠲᠠᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ  ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠨᠢ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ ᠰᠢᠨ᠎ᠡ ᠪᠠᠷ  ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠡᠬᠦ ᠪᠠᠷ ᠭᠤᠶᠤᠴᠢᠯᠠᠭᠰᠠᠨ᠂ ᠣᠨᠴᠠ ᠬᠦᠴᠢᠷᠳᠡᠯᠲᠡᠢ ᠬᠥᠮᠥᠰ ᠢᠶᠠᠷ ᠭᠤᠶᠤᠴᠢᠯᠠᠭᠰᠠᠨ  ᠭᠡᠷ ᠪᠦᠯᠢ ᠶᠢᠨ ᠬᠢᠨ ᠤ ᠣᠷᠣᠯᠭ᠎ᠠ ᠶᠢ ᠲᠥᠰᠥᠭᠡᠯᠡᠨ ᠪᠣᠳᠣᠬᠤ ᠪᠠ ᠤᠤᠯ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ  ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠳᠣᠲᠣᠷ᠎ᠠ ᠪᠠᠲᠤᠯᠠᠬᠤ ᠶᠢ ᠦᠨᠡᠨ ᠬᠦ  ᠪᠠᠲᠤᠯᠠᠬᠤ ᠬᠡᠷᠡᠭᠲᠡᠢ᠃           ᠬᠤᠶᠠᠷ᠂ ᠪᠦᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠤ ᠬᠤᠳᠡ ᠬᠥᠳᠡᠭᠡ ᠵᠢ‌ᠨᠢᠭᠡᠳᠦᠯᠲᠡᠢ ᠲᠥᠯᠥᠪᠯᠡᠬᠦ ᠪᠠᠨ ᠲᠦᠷᠭᠡᠳᠬᠡᠬᠦ ᠬᠡᠷᠡᠭᠲᠡᠢ           ᠡᠯ᠎ᠡ ᠭᠠᠵᠠᠷ ᠣᠷᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ‌ᠵᠢᠯ ᠤᠨ ᠠᠷᠠᠳ ᠤᠨ ᠶᠠᠪᠤᠳᠠᠯ ᠤᠨ ᠦᠢᠯᠡᠰ ‍ᠤᠨ‌‍ᠬᠥ᠋ᠭᠵᠢᠯᠲᠡ ᠶᠢᠨ ᠲᠥᠯᠦᠪᠵᠢᠭᠦᠯᠭᠡ ︾ ᠎ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ‌‍ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠬᠥᠳᠡᠭᠡ ᠪᠠ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠂ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠳᠤ  ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ  ᠪᠦᠲᠦᠭᠡᠯ ᠢ ᠴᠠᠭ ᠲᠤᠬᠠᠢ ᠳᠤ ᠨᠢ ᠭᠦᠢᠴᠡᠳ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ᠃ 2023 ᠣᠨ ᠳᠤ᠂ ᠠᠯᠠᠱᠠ ᠠᠶᠢᠮᠠᠭ ᠢ ᠪᠥᠬᠦ ᠣᠷᠣᠨ ᠤ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠢᠶᠠᠷ  ᠲᠣᠭᠲᠠᠭᠠᠵᠤ᠂ ᠬᠥᠬᠡᠬᠤᠲᠠ‌‍ᠶᠢᠨ ᠬᠤᠲᠣᠩ ᠠᠷᠠᠳ ᠤᠨ ᠲᠣᠭᠤᠷᠢᠭ᠂ ᠬᠥᠯᠥᠨ ᠪᠤᠶᠢᠷ ᠬᠤᠲᠠ ᠶᠢᠨ ᠣᠷᠴᠣᠨ ᠬᠤᠰᠢᠭᠤ ᠪᠠ ᠣᠷᠳᠣᠰ ᠬᠤᠲᠠ ᠶᠢᠨ ᠳ᠋ᠦᠩᠱᠧᠩ  ᠲᠣᠭᠤᠷᠢᠭ᠂ ᠣᠲᠤᠭ ᠬᠤᠰᠢᠭᠤ ᠶᠢ ᠪᠥᠬᠦ ᠣᠷᠣᠨ ᠤ ᠬᠤᠰᠢᠭᠤ ᠰᠢᠶᠠᠨ ᠤ ᠱᠠᠲᠤᠨ‌‍ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠶᠢ  ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠢᠶᠠᠷ ᠲᠣᠭᠲᠠᠭᠠᠪᠠ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠬᠤᠯᠪᠣᠭᠳᠠᠯ ᠪᠦᠬᠦᠢ ᠱᠠᠭᠠᠷᠳᠠᠯᠭ᠎ᠠ  ᠶᠣᠰᠣᠭᠠᠷ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠢᠶᠠᠨ ᠡᠮᠬᠢ ᠵᠢᠷᠤᠮ ᠲᠠᠢ ᠪᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃           ᠭᠤᠷᠪᠠ᠂ ᠬᠦᠴᠢᠷᠳᠡᠯᠲᠡᠢ ᠣᠯᠠᠨ ᠲᠦᠮᠡᠨ ᠳᠤ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠣᠯᠭᠤᠬᠤ ᠶᠢ ᠵᠢᠷᠤᠮᠵᠢᠭᠤᠯᠬᠤ ᠬᠡᠷᠡᠭᠲᠡᠢ           ᠡᠯ᠎ᠡ ᠭᠠᠵᠠᠷ ᠣᠷᠣᠨ ᠨᠢ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ  ᠴᠢᠩᠭᠠᠳᠬᠠᠬᠤ ᠰᠠᠨᠠᠯ ᠤᠨ ᠲᠤᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ  ᠵᠥᠪᠯᠡᠯ ᠤᠨ ᠮᠡᠳᠡᠭᠳᠡᠯ ︾ ︵ᠠᠷᠠᠳ ᠲᠠᠷᠬᠠᠭᠠᠭᠰᠠᠨ ﹇2019﹈ 139 ᠳ᠋ᠦ᠋ᠭᠡᠷ ᠲᠣᠭᠠᠲᠤ︶᠂ ︽ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ  ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ  ᠶᠠᠮᠤᠨ ᠤ ᠰᠠᠨᠠᠯ︾ ︵ᠠᠷᠠᠳ ᠲᠠᠷᠬᠠᠭᠠᠭᠰᠠᠨ ﹇2022﹈ 95 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠢ  ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠨᠡᠶᠢᠭᠡᠮ  ﹇2022﹈ 1109  ᠳ᠋ᠦ᠋ᠭᠡᠷ ᠲᠣᠭᠠᠲᠤ︶ ᠵᠡᠷᠭᠡ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ  ᠪᠡᠯᠡ ᠮᠥᠩᠭᠦᠨ ᠤ ᠲᠥᠰᠥᠪ ᠤᠨ ᠬᠡᠷᠡᠭᠵᠢᠭᠦᠯᠦᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ  ᠬᠤᠲᠠ ᠵᠢᠴᠢ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠎ ᠨᠢ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ  ᠮᠥᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠵᠤ᠂ ᠪᠡᠯᠡ ᠮᠥᠩᠭᠦ ᠶᠢ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠢᠳᠡᠪᠬᠢᠲᠡᠢ ᠪᠠᠷ ᠴᠢᠯᠦᠭᠡᠲᠡᠢ ᠭᠦᠢᠯᠬᠡᠬᠡᠵᠦ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠰᠢᠩᠭᠡᠭᠡᠬᠦ ᠡᠷᠴᠢᠮ ᠢᠶᠠᠨ ᠴᠢᠩᠭᠠᠷᠠᠭᠤᠯᠤᠨ᠂ 2023 ᠣᠨ ᠤ 6 ᠳ᠋ᠤᠭᠠᠷ ᠰᠠᠷ᠎ᠠ ᠶᠢᠨ 10  ᠤ ᠡᠳᠦᠷ ᠠᠴᠠ ᠡᠮᠦᠨ᠎ᠡ ᠰᠢᠨ᠎ᠡ  ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠡᠯᠡ ᠮᠥᠩᠭᠦ ᠪᠠᠨ ᠨᠥᠬᠦᠨ ᠣᠯᠭᠤᠵᠤ ᠳᠠᠭᠤᠰᠬᠠᠬᠤ ᠶᠢ ᠦᠨᠡᠨ ᠬᠦ ᠪᠠᠲᠤᠯᠠᠵᠤ᠂ 7 ᠳ᠋ᠤᠭᠠᠷ ᠰᠠᠷ᠎ᠠ ᠠᠴᠠ ᠬᠤᠶᠢᠰᠢ ᠰᠢᠨ᠎ᠡ ᠪᠠᠷᠢᠮᠵᠢᠶ᠎ᠠ ᠪᠠᠷ ᠣᠯᠭᠤᠬᠤ ᠬᠡᠷᠡᠭᠲᠡᠢ᠃     ᠳᠠᠭᠠᠯᠳᠤᠭᠤᠯᠤᠯ᠄ 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ  ᠲᠣᠳᠣᠷᠬᠠᠶᠢᠯᠠᠯ ᠤᠨ ᠬᠦᠰᠦᠨᠦᠭᠲᠦ                        2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ  ᠪᠠᠷᠢᠮᠵᠢᠶᠠᠨ ᠤ ᠲᠣᠳᠣᠷᠬᠠᠶᠢᠯᠠᠯ ᠤᠨ ᠬᠦᠰᠦᠨᠦᠭᠲᠦ                        3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠵᠤ ᠰᠤᠪᠢᠯᠠᠬᠤ ᠪᠠᠷᠢᠮᠵᠢᠶᠠᠨ ᠤ  ᠲᠣᠳᠣᠷᠬᠠᠶᠢᠯᠠᠯ ᠤᠨ ᠬᠦᠰᠦᠨᠦᠭᠲᠦ  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号