| | ᠬᠡᠷᠡᠮ ᠢ ᠰᠡᠯᠪᠢᠨ ᠵᠠᠰᠠᠵᠤ᠂ ᠬᠤᠭᠤᠯᠠᠢ ᠲᠣᠣᠷ ᠢ ᠬᠡᠷᠡᠮ ᠳᠤ ᠤᠷᠤᠭᠤᠯᠬᠤ ᠁ ᠬᠠᠭᠤᠴᠢᠨ ᠪᠠᠭ᠎ᠠ | ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠳᠠᠮᠵᠢᠨ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠡᠶᠢᠲᠡ ᠶᠢᠨ | ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠰᠠᠭᠤᠭᠠᠯᠢ ᠠᠷᠠᠳ ᠤᠨ ᠲᠣᠭᠤᠷᠢᠭ ᠴᠣ᠋ ᠰᠢᠨ᠎ᠡ ᠪᠠᠶᠢᠳᠠᠯ ᠲᠠᠢ ᠪᠣᠯᠪᠠ᠃ | ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠦᠢᠯᠡᠴᠢᠯᠡᠭᠡᠨ ᠤ ᠲᠠᠪᠴᠠᠩ ᠤᠨ | ᠨᠡᠶᠢᠲᠡᠯᠡᠭᠰᠡᠨ ᠮᠡᠳᠡᠭᠡ ᠵᠠᠩᠭᠢ ᠳᠤ ᠢᠯᠡᠷᠡᠭᠦᠯᠦᠭᠰᠡᠨ ᠢᠶᠠᠷ᠂ 2023 ᠣᠨ ᠤ ᠶᠡᠭᠡ ᠰᠤᠷᠭᠠᠭᠤᠯᠢ ᠶᠢᠨ ᠪᠠᠷᠠᠭᠤᠨ | ᠵᠠᠮ ᠤᠨ ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠵᠢᠵᠢᠭ ᠲᠣᠭᠤᠷᠢᠭ | ᠵᠡᠷᠭᠡ 5 ᠬᠠᠭᠤᠴᠢᠨ ᠪᠠᠭ᠎ᠠ ᠲᠣᠭᠤᠷᠢᠭ ᠤᠨ ᠠᠰᠠᠷ ᠤᠨ ᠭᠤᠣᠯ ᠴᠣᠭᠴᠠ ᠶᠢ ᠥᠭᠡᠷᠡᠴᠢᠯᠡᠬᠦ ᠢᠨᠵᠧᠨᠧᠷᠢᠩ ᠤᠨ | ᠪᠡᠯᠡ ᠮᠥᠩᠭᠦ ᠶᠢᠨ ᠢᠷᠡᠯᠲᠡ ᠨᠢ ︱ ᠵᠠᠰᠠᠭ ᠤᠨ ᠣᠷᠳᠣᠨ ᠤ ᠪᠡᠯᠡ ᠣᠷᠣᠭᠤᠯᠤᠯᠲᠠ 100% ᠳᠤ ᠬᠥᠷᠪᠡ᠃ | | ᠬᠤᠲᠠ ᠪᠣᠯ ᠡᠯ᠎ᠡ ᠲᠥᠷᠥᠯ ᠤᠨ ᠡᠯᠧᠮᠧᠨ᠋ᠲ ᠡᠬᠢ ᠪᠠᠶᠠᠯᠢᠭ ᠪᠠ ᠠᠵᠤ ᠠᠬᠤᠢ ᠨᠡᠶᠢᠭᠡᠮ ᠤᠨ ᠠᠵᠢᠯᠯᠠᠭ᠎ᠠ | ᠬᠠᠮᠤᠭ ᠤᠨ ᠲᠥᠪᠯᠡᠷᠡᠭᠰᠡᠨ ᠭᠠᠵᠠᠷ ᠣᠷᠣᠨ ᠮᠥᠨ᠂ ᠬᠠᠭᠤᠴᠢᠨ ᠪᠠ ᠬᠠᠭᠤᠷᠠᠴᠢᠷᠠᠭᠰᠠᠨ ᠪᠠᠭ᠎ᠠ ᠲᠣᠭᠤᠷᠢᠭ ᠤᠨ | ᠥᠭᠡᠷᠡᠴᠢᠯᠡᠯᠲᠡ ᠪᠣᠯ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠭᠠᠷᠳᠠᠴᠠ ᠮᠥᠨ᠃ ᠣᠶᠢᠷ᠎ᠠ ᠶᠢᠨ ᠵᠢᠯ ᠠᠴᠠ ᠨᠠᠰᠢ᠂ | ᠨᠡᠶᠢᠭᠡᠮ ᠤᠨ ᠬᠥᠷᠥᠩᠭᠡ ᠶᠢ ᠳᠠᠶᠢᠴᠢᠯᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ | ᠣᠷᠣᠯᠴᠠᠭᠤᠯᠬᠤ ᠬᠦᠰᠡᠯ ᠱᠠᠭᠠᠷᠳᠠᠯᠭ᠎ᠠ ᠥᠨᠳᠥᠷ ᠪᠣᠯᠵᠠᠢ᠃ ᠲᠡᠭᠡᠪᠡᠯ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠥᠭᠡᠷᠡᠴᠢᠯᠡᠯᠲᠡ ᠳᠤ᠂ ᠮᠠᠨ ᠤ ᠣᠷᠣᠨ ᠤ ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠪᠠᠶᠢᠳᠠᠯ | ᠶᠠᠮᠠᠷ ᠵᠡᠷᠭᠡ ᠪᠣᠶ︖ ᠬᠦᠴᠢᠷᠳᠡᠯ ᠨᠢ ᠬᠠᠮᠢᠭ᠎ᠠ ᠪᠠᠶᠢᠬᠤ ᠪᠤᠢ︖ ᠬᠡᠷᠬᠢᠨ ᠠᠰᠠᠭᠤᠳᠠᠯ ᠢ ᠰᠢᠢᠳᠪᠦᠷᠢᠯᠡᠨ᠂ | ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ | ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠤᠯᠠ ᠵᠠᠳᠠᠭᠠᠢ ᠡᠬᠢ | ᠪᠠᠶᠠᠯᠢᠭ ᠢ ᠠᠮᠢᠯᠠᠭᠤᠯᠬᠤ ᠪᠤᠢ︖ ᠰᠤᠷᠪᠤᠯᠵᠢᠯᠠᠭᠴᠢ ᠭᠦᠨᠵᠡᠭᠡᠢ ᠪᠠᠶᠢᠴᠠᠭᠠᠯᠲᠠ ᠥᠷᠨᠢᠭᠦᠯᠵᠡᠢ᠃ | ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠥᠭᠡᠷᠡᠴᠢᠯᠡᠯᠲᠡ ᠶᠢᠨ ᠪᠡᠯᠡ ᠮᠥᠩᠭᠦ ᠳᠤ ᠡᠳ᠋ ᠤᠨ ᠵᠠᠰᠠᠭ ᠲᠤ | ᠲᠦᠰᠢᠭᠯᠡᠬᠦ ᠬᠡᠮᠵᠢᠶ᠎ᠡ ᠥᠨᠳᠥᠷ | ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠵᠢᠨᠲ᠋ᠢᠩᠬᠢᠮ ᠤᠨ ᠪᠦᠷᠢᠳᠬᠡᠯᠡᠴᠠ ᠦᠵᠡᠪᠡᠯ᠄ 2019 ᠣᠨ ᠳᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠲᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ | ᠪᠠᠶᠢᠭᠤᠯᠬᠤ ᠡᠨᠡ ᠬᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ | ᠴᠢᠬᠤᠯᠠ ᠶᠡᠭᠡ ᠠᠷᠭ᠎ᠠ ᠬᠡᠮᠵᠢᠶ᠎ᠡ ᠶᠢ ᠪᠠᠶᠢᠷᠢᠯᠠᠭᠤᠯᠤᠭᠰᠠᠨ ᠠᠴᠠ ᠨᠠᠰᠢ᠂ ᠥᠪᠥᠷ ᠮᠣᠩᠭᠤᠯ ᠨᠡᠶᠢᠲᠡ 5108 ᠪᠠᠭ᠎ᠠ | ᠲᠣᠭᠤᠷᠢᠭ᠂ 67.76 ᠲᠦᠮᠡᠨ ᠡᠷᠦᠬᠡ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠠᠷᠢᠯᠭ᠎ᠠ ᠶᠢᠨ | ᠲᠠᠯᠠᠪᠠᠶ ᠨᠢ 5911 ᠲᠦᠮᠡᠨ ᠲᠡᠭᠰᠢ ᠳᠥᠷᠪᠡᠯᠵᠢᠨ ᠮᠧᠲᠷ᠂ 190 ᠭᠠᠷᠤᠢ ᠲᠦᠮᠡᠨ ᠬᠥᠮᠥᠨ ᠠᠮᠠ ᠳᠤ ᠠᠰᠢᠭ | ᠬᠦᠷᠲᠡᠭᠡᠵᠦ᠂ ᠨᠡᠶᠢᠲᠡ 148 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠷᠢᠳ | ᠬᠤᠵᠢᠳ 10 ᠲᠦᠮᠡ ᠰᠢᠬᠠᠮ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ | ︽ᠣᠳᠣᠬᠠᠨ ᠳᠤ᠂ ᠬᠠᠭᠤᠴᠢᠨ ᠪᠠ ᠬᠠᠭᠤᠴᠢᠷᠠᠭᠰᠠᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢᠨ ᠪᠡᠯᠡ | ᠮᠥᠩᠭᠦ ᠶᠢᠨ ᠢᠷᠡᠯᠲᠡ ᠶᠢᠨ ᠳᠣᠲᠣᠷ᠎ᠠ᠂ ᠲᠥᠪ ᠤᠨ ᠨᠥᠬᠦᠪᠦᠷᠢ ᠪᠡᠯᠡ ᠮᠥᠩᠭᠦ ᠶᠢᠨ ᠡᠵᠡᠯᠡᠬᠦ ᠬᠠᠷᠢᠴᠠᠯ 52%᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢᠨ ᠡᠵᠡᠯᠡᠬᠦ ᠬᠠᠷᠢᠴᠠᠯ 7.4% | ᠂ ᠣᠷᠣᠨ ᠨᠤᠲᠤᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠡᠵᠡᠯᠡᠬᠦ ᠬᠠᠷᠢᠴᠠᠯ 12%᠂ ᠴᠠᠬᠢᠯᠭᠠᠨ ᠬᠦᠴᠦ᠂ | ᠮᠡᠳᠡᠭᠡ ᠬᠤᠯᠪᠣᠭ᠎ᠠ᠂ ᠰᠢᠲᠠᠮᠠᠬᠠᠢ ᠬᠡᠢ ᠵᠡᠷᠭᠡ ᠬᠤᠭᠤᠯᠠᠢ ᠱᠤᠭᠤᠮ ᠤᠨ ᠨᠢᠭᠡᠴᠢ ᠶᠢᠨ ᠪᠡᠯᠡ ᠣᠷᠣᠭᠤᠯᠤᠯᠲᠠ ᠶᠢᠨ | ᠡᠵᠡᠯᠡᠬᠦ ᠬᠠᠷᠢᠴᠠᠯ 7.4%᠂ ᠰᠠᠭᠤᠭᠠᠯᠢ ᠠᠷᠠᠳ ᠤᠨ ᠥᠪᠡᠷ ᠢᠶᠠᠨ ᠴᠤᠭᠯᠠᠭᠤᠯᠤᠭᠰᠠᠨ ᠡᠵᠡᠯᠡᠬᠦ ᠬᠠᠷᠢᠴᠠᠯ 1% | ᠣᠷᠴᠢᠮ ︵ᠭᠤᠣᠯᠳᠠᠭᠤ ᠰᠠᠭᠤᠭᠠᠯᠢ ᠠᠷᠠᠳ ᠤᠨ ᠴᠣᠩᠬᠤ ᠰᠣᠯᠢᠬᠤ᠂ ᠡᠷᠦᠬᠡ ᠶᠢᠨ ᠳᠣᠲᠣᠷᠠᠬᠢ ᠬᠤᠭᠤᠯᠠᠢ ᠲᠣᠣᠷ ᠢ | ᠥᠭᠡᠷᠡᠴᠢᠯᠡᠬᠦ ᠪᠠᠭᠲᠠᠨ᠎ᠠ︶᠂ ᠪᠤᠰᠤᠳ ᠨᠢ ᠣᠷᠣᠨ ᠨᠤᠲᠤᠭ ᠤᠨ ᠥᠪᠡᠷ ᠢᠶᠠᠨ ᠴᠤᠭᠯᠠᠭᠤᠯᠤᠭᠰᠠᠨ ᠪᠠᠶᠢᠨ᠎ᠠ᠃ | ᠨᠡᠶᠢᠭᠡᠮ ᠤᠨ ᠪᠡᠯᠡ ᠮᠥᠩᠭᠦ ᠶᠢᠨ ᠡᠵᠡᠯᠡᠬᠦ ᠬᠠᠷᠢᠴᠠᠯ ᠨᠡᠯᠢᠶᠡᠳ ᠪᠠᠭ᠎ᠠ ᠪᠠᠶᠢᠨ᠎ᠠ︾ ᠭᠡᠵᠦ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠵᠡᠢ᠃ | ᠣᠶᠢᠯᠠᠭᠠᠭᠰᠠᠨᠢᠶ᠋ᠠᠷ᠂ ᠬᠠᠭᠤᠴᠢᠨ ᠪᠠ ᠬᠠᠭᠤᠴᠢᠷᠠᠭᠰᠠᠨᠪᠠᠭᠠᠲ᠋ᠣᠭᠤᠷᠢᠭ ᠤᠨᠥᠭᠡᠷᠡᠴᠢᠯᠡᠯᠲᠡ ᠶᠢ ᠭᠤᠣᠯᠳᠠᠭᠤ | ᠰᠠᠭᠤᠷᠢᠲ᠋ᠥ᠋ᠷᠥᠯ᠂ ᠲᠡᠭᠦᠯᠳᠡᠷᠵᠢᠭᠦᠯᠬᠦ ᠲᠥᠷᠥᠯ᠂ ᠳᠡᠭᠡᠭᠰᠢᠯᠡᠭᠦᠯᠬᠦ ᠲᠥᠷᠥᠯ ᠭᠡᠵᠦ ᠬᠤᠪᠢᠶᠠᠨ᠎ᠠ᠃ ᠡᠭᠦᠨ ᠳᠤ᠂ ᠰᠠᠭᠤᠷᠢ | ᠲᠥᠷᠥᠯ ᠳᠤ ᠭᠤᠣᠯᠳᠠᠭᠤ ᠪᠠᠭ᠎ᠠ ᠲᠣᠭᠤᠷᠢᠭ ᠤᠨ ᠳᠣᠲᠣᠭᠠᠳᠤ ᠵᠢᠴᠢ ᠪᠠᠭ᠎ᠠ ᠲᠣᠭᠤᠷᠢᠭ ᠲᠠᠢ ᠰᠢᠭᠤᠳ | ᠬᠤᠯᠪᠣᠭᠳᠠᠬᠤ ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠠᠩᠭᠠᠬᠤ᠂ ᠰᠢᠯᠵᠢᠮᠡᠯ ᠮᠡᠳᠡᠭᠡ ᠬᠤᠯᠪᠣᠭ᠎ᠠ ᠵᠡᠷᠭᠡ | ᠰᠠᠭᠤᠷᠢ ᠪᠡᠯᠡᠳᠬᠡᠮᠵᠢ ᠵᠢᠴᠢ ᠭᠡᠷᠡᠯ ᠰᠢᠷᠬᠡᠭ ᠢ ᠡᠷᠦᠬᠡ ᠳᠤ ᠣᠷᠣᠭᠤᠯᠬᠤ᠂ ᠠᠭᠠᠷ ᠲᠠᠬᠢ ᠤᠲᠠᠰᠤ ᠶᠢ ᠡᠮᠬᠢᠯᠡᠵᠦ | ᠴᠡᠭᠴᠡᠯᠡᠬᠦ ︵ᠭᠠᠵᠠᠷ ᠲᠤ ᠣᠷᠣᠭᠤᠯᠬᠤ︶ ᠪᠠ ᠪᠠᠷᠢᠯᠭ᠎ᠠ ᠶᠢᠨ ᠣᠯᠠᠨ ᠨᠡᠶᠢᠲᠡ ᠶᠢᠨ ᠣᠷᠣᠨ ᠪᠠᠶᠢᠷᠢ ᠶᠢ ᠰᠡᠯᠪᠢᠨ | ᠵᠠᠰᠠᠬᠤ ᠵᠡᠷᠭᠡ ᠪᠠᠭᠲᠠᠨ᠎ᠠ᠃ ᠲᠡᠭᠦᠯᠳᠡᠷᠵᠢᠭᠦᠯᠬᠦ ᠲᠥᠷᠥᠯ ᠳᠤ ᠭᠤᠣᠯᠳᠠᠭᠤ ᠳᠦᠷᠢᠮ ᠠᠴᠠ ᠵᠥᠷᠢᠴᠡᠭᠰᠡᠨ ᠪᠠᠷᠢᠯᠭ᠎ᠠ᠂ | ᠠᠳᠠᠯ ᠠᠬᠤᠢ ᠳᠤ ᠬᠡᠷᠡᠭᠯᠡᠬᠦ ᠭᠡᠷ ᠪᠠᠶᠢᠰᠢᠩ᠂ ᠴᠠᠬᠢᠯᠭᠠᠨ ᠴᠡᠨᠡᠭᠯᠡᠬᠦ ᠪᠡᠯᠡᠳᠬᠡᠮᠵᠢ᠂ ᠰᠠᠭᠤᠭᠠᠯᠢ ᠠᠷᠠᠳ ᠤᠨ | ᠠᠵᠢᠯᠯᠠᠭᠠᠨ ᠤ ᠥᠷᠥᠭᠡ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠨᠣᠭᠤᠭᠠᠷᠠᠭᠤᠯᠵᠤ ᠭᠤᠶᠣᠵᠢᠭᠤᠯᠬᠤ ᠵᠡᠷᠭᠡ | ᠪᠠᠭᠲᠠᠨ᠎ᠠ᠃ ᠳᠡᠭᠡᠭᠰᠢᠯᠡᠭᠦᠯᠬᠦ ᠲᠥᠷᠥᠯ ᠳᠤ ᠭᠤᠣᠯᠳᠠᠭᠤ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ᠂ ᠰᠤᠷᠭᠠᠨ | ᠬᠥᠮᠦᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠵᠢᠴᠢ ᠨᠠᠰᠤᠵᠢᠯ ᠤᠨ ᠠᠰᠠᠷᠠᠮᠵᠢ᠂ ᠬᠡᠦᠬᠡᠳ | ᠰᠠᠭᠠᠲᠠᠭᠤᠯᠬᠤ ᠬᠥᠮᠦᠵᠢᠯ᠂ ᠭᠡᠷ ᠤᠨ ᠶᠠᠪᠤᠳᠠᠯ ᠠᠷᠢᠭᠤᠨ ᠴᠡᠪᠡᠷ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ | ᠰᠢᠤᠳᠠᠨ ᠲᠦᠷᠭᠡᠨ ᠬᠦᠷᠭᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠵᠡᠷᠭᠡ ᠨᠡᠶᠢᠭᠡᠮ | ᠲᠣᠭᠤᠷᠢᠭ ᠤᠨ ᠲᠤᠰᠬᠠᠢ ᠦᠢᠯᠡᠴᠢᠯᠡᠭᠡᠨ ᠤ ᠪᠡᠯᠡᠳᠬᠡᠮᠵᠢ ᠪᠠᠭᠲᠠᠨ᠎ᠠ᠃ | ︽ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠪᠣᠳᠠᠲᠠᠢ ᠥᠭᠡᠷᠡᠴᠢᠯᠡᠬᠦ | ᠶᠠᠪᠤᠴᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠬᠠᠭᠤᠴᠢᠨ ᠪᠠᠭ᠎ᠠ | ᠲᠣᠭᠤᠷᠢᠭ ᠢ ᠥᠭᠡᠷᠡᠴᠢᠯᠡᠬᠦ ᠮᠡᠷᠭᠡᠵᠢᠯ ᠤᠨ ᠵᠢᠯᠤᠭᠤᠳᠬᠤ ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠦᠨᠳᠦᠰᠦᠯᠡᠨ᠂ ᠰᠠᠭᠤᠷᠢ ᠲᠥᠷᠥᠯ ᠤᠨ ᠥᠭᠡᠷᠡᠴᠢᠯᠡᠪᠡᠰᠦ ᠵᠣᠬᠢᠬᠤ ᠶᠢ ᠨᠢ ᠪᠦᠬᠦᠨ ᠢ ᠥᠭᠡᠷᠡᠴᠢᠯᠡᠵᠦ᠂ | ᠲᠡᠭᠦᠯᠳᠡᠷᠵᠢᠭᠦᠯᠬᠦ ᠲᠥᠷᠥᠯ ᠵᠦᠢᠯ ᠤᠨ ᠥᠭᠡᠷᠡᠴᠢᠯᠡᠪᠡᠰᠦ ᠵᠣᠬᠢᠬᠤ ᠶᠢ ᠨᠢ ᠢᠯᠡᠭᠦᠬᠡᠨ ᠲᠡᠭᠦᠯᠳᠡᠷᠵᠢᠭᠦᠯᠵᠦ᠂ | ᠲᠡᠭᠡᠭᠰᠢᠡᠯᠡᠬᠦᠯᠬᠦ ᠲᠥᠷᠥᠯ ᠵᠦᠢᠯ ᠢ ᠢᠳᠡᠪᠬᠢᠲᠡᠢ ᠠᠬᠢᠭᠤᠯᠬᠤ ᠵᠠᠷᠴᠢᠮ ᠶᠣᠰᠣᠭᠠᠷ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠥᠭᠡᠷᠡᠴᠢᠯᠡᠬᠦ ᠠᠭᠤᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠬᠤ ᠬᠡᠷᠡᠭᠲᠡᠢ᠃ | ᠡᠯ᠎ᠡ ᠭᠠᠵᠠᠷ ᠤᠨ ᠡᠳ᠋ ᠤᠨ ᠬᠦᠴᠦᠨ ᠵᠡᠷᠭᠡ ᠡᠯ᠎ᠡ ᠵᠦᠢᠯ ᠤᠨ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠤ᠂ | ᠣᠳᠣᠬᠠᠨ ᠳᠤ ᠰᠠᠭᠤᠷᠢ ᠲᠥᠷᠥᠯ ᠤᠨ ᠥᠭᠡᠷᠡᠴᠢᠯᠡᠯᠲᠡ ᠶᠢ ᠨᠡᠶᠢᠳᠡᠮ ᠪᠦᠷᠬᠦᠭᠦᠯᠵᠦ᠂ ᠲᠡᠭᠦᠯᠳᠡᠷᠵᠢᠭᠦᠯᠬᠦ | ᠲᠥᠷᠥᠯ ᠤᠨ ᠥᠭᠡᠷᠡᠴᠢᠯᠡᠯᠲᠡ ᠶᠢ ᠢᠳᠡᠭ ᠢᠳᠡᠭ ᠢᠶᠠᠷ ᠥᠷᠨᠢᠭᠦᠯᠵᠦ᠂ ᠳᠡᠭᠡᠭᠰᠢᠯᠡᠭᠦᠯᠬᠦ ᠲᠥᠷᠥᠯ ᠤᠨ | ᠥᠭᠡᠷᠡᠴᠢᠯᠡᠯᠲᠡ ᠶᠢ ᠲᠤᠷᠰᠢᠯᠲᠠ ᠶᠢᠨ ᠴᠡᠭ ᠢᠶᠠᠷ ᠲᠦᠯᠬᠢᠨ ᠠᠬᠢᠭᠤᠯᠵᠤ ᠪᠠᠶᠢᠨ᠎ᠠ︾ ᠭᠡᠵᠦ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠵᠡᠢ᠃ | ᠨᠡᠶᠢᠭᠡᠮ ᠤᠨ ᠬᠥᠷᠥᠩᠭᠡ ᠨᠢ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠭᠦᠯᠬᠦ᠂ | ᠥᠨᠳᠥᠷ ᠦᠷ᠎ᠡ ᠠᠰᠢᠭ ᠲᠠᠢ᠂ ᠴᠢᠨᠠᠷ ᠰᠠᠶᠢᠲᠠᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠭᠡᠪᠡᠴᠦ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠲᠣ ᠶᠢᠨ ᠬᠡᠷᠡᠭᠵᠢᠭᠦᠯᠵᠦ ᠪᠠᠶᠢᠭ᠎ᠠ ᠵᠢᠷᠤᠮᠵᠢᠯ ᠤᠨ ᠬᠢᠵᠠᠭᠠᠷᠯᠠᠯ᠂ | ᠬᠠᠭᠤᠴᠢᠨ ᠪᠠᠭ᠎ᠠ ᠲᠣᠭᠤᠷᠢᠭ ᠤᠨ ᠨᠡᠮᠡᠭᠳᠡᠯ ᠤᠨ ᠣᠷᠣᠨ ᠵᠠᠢ ᠬᠢᠵᠠᠭᠠᠷᠲᠠᠢ᠂ ᠢᠵᠢ ᠪᠦᠷᠢᠳᠦᠭᠰᠡᠨ ᠮᠥᠩᠭᠦᠨ | ᠭᠦᠢᠯᠭᠡᠭᠡᠨ ᠤ ᠪᠠᠭᠠᠵᠢ ᠳᠤᠲᠠᠭᠳᠠᠵᠤ ᠪᠠᠶᠢᠬᠤ ᠵᠡᠷᠭᠡ ᠶᠢᠨ ᠨᠥᠯᠥᠭᠡ ᠠᠴᠠ ᠪᠣᠯᠵᠤ᠂ ᠨᠡᠶᠢᠭᠡᠮ ᠤᠨ ᠬᠥᠷᠥᠩᠭᠡ ᠶᠢᠨ | ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠬᠤ ᠳᠤ ᠮᠥᠨ ᠬᠦ ︽ᠪᠡᠯᠡ ᠣᠷᠣᠭᠤᠯᠬᠤ ᠳᠤᠷ᠎ᠠ | ᠦᠭᠡᠢ᠂ ᠪᠡᠯᠡ ᠣᠷᠣᠭᠤᠯᠬᠤ ᠵᠣᠷᠢᠭ ᠦᠭᠡᠢ᠂ ᠪᠡᠯᠡ ᠣᠷᠣᠭᠤᠯᠵᠤ ᠳᠡᠶᠢᠯᠬᠦ ᠦᠭᠡᠢ︾ ᠵᠡᠷᠭᠡ ᠲᠣᠪᠣᠶᠢᠮ᠎ᠠ ᠠᠰᠠᠭᠤᠳᠠᠯ | ᠣᠷᠣᠰᠢᠵᠤ ᠪᠠᠶᠢᠨ᠎ᠠ᠃ | ︽ᠣᠳᠣᠬᠠᠨ ᠳᠤ ᠨᠡᠶᠢᠭᠡᠮ ᠤᠨ ᠪᠡᠯᠡ ᠣᠷᠣᠭᠤᠯᠤᠯᠲᠠ ᠶᠢ ᠲᠠᠲᠠᠵᠤ ᠠᠪᠴᠢᠷᠠᠬᠤ ᠲᠠᠯ᠎ᠠ ᠪᠠᠷ ᠭᠤᠣᠯᠳᠠᠭᠤ | ᠴᠠᠬᠢᠯᠭᠠᠨ ᠦᠢᠯᠡᠳᠪᠦᠷᠢ᠂ ᠮᠡᠳᠡᠭᠡ ᠬᠤᠯᠪᠣᠭ᠎ᠠ ᠵᠡᠷᠭᠡ ᠡᠵᠡᠩᠨᠡᠯᠲᠡ ᠶᠢᠨ ᠨᠢᠭᠡᠴᠢ ᠠᠴᠠ ᠪᠡᠯᠡ ᠭᠠᠷᠭᠠᠵᠤ᠂ ᠤᠰᠤ ᠬᠡᠢ | ᠢᠯᠴᠢ ᠶᠢᠨ ᠬᠤᠭᠤᠯᠠᠢ ᠲᠣᠣᠷ ᠵᠡᠷᠭᠡ ᠬᠠᠭᠤᠴᠢᠨ ᠪᠠᠭ᠎ᠠ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠳᠡᠰ | ᠳᠡᠪᠰᠢᠭᠦᠯᠦᠨ ᠥᠭᠡᠷᠡᠴᠢᠯᠡᠬᠦ ᠶᠠᠪᠤᠳᠠᠯ ᠪᠠᠭᠲᠠᠵᠤ ᠪᠠᠶᠢᠨ᠎ᠠ᠃ ᠨᠢᠳᠤᠨᠤᠨ ᠪᠦᠬᠦ ᠬᠤᠲᠠ ᠶᠢᠨ ᠬᠠᠭᠤᠴᠢᠨ ᠪᠠᠭ᠎ᠠ | ᠲᠣᠭᠤᠷᠢᠭ ᠢ ᠥᠭᠡᠷᠡᠴᠢᠯᠡᠬᠦ ᠪᠡᠯᠡ ᠣᠷᠣᠭᠤᠯᠤᠯᠲᠠ ᠶᠢᠨ 18 ᠳ᠋ᠦᠩᠰᠢᠭᠤᠷ ᠲᠥᠭᠦᠷᠢᠭ ᠤᠨ ᠳᠣᠲᠣᠷᠠᠬᠢ 1 | ᠳ᠋ᠦᠩᠰᠢᠭᠤᠷ ᠲᠥᠭᠦᠷᠢᠭ ᠨᠢ ᠴᠠᠬᠢᠯᠭᠠᠨ ᠬᠦᠴᠦ᠂ ᠮᠡᠳᠡᠭᠡ ᠬᠤᠯᠪᠣᠭ᠎ᠠ ᠵᠡᠷᠭᠡ ᠡᠵᠡᠩᠨᠡᠯᠲᠡ ᠶᠢᠨ ᠬᠤᠳᠠᠯᠳᠤᠭᠠᠴᠢᠨ ᠤ | ᠳᠡᠮᠵᠢᠯᠭᠡ ᠠᠴᠠ ᠪᠣᠯᠤᠭᠰᠠᠨ ᠶᠤᠮ︾ ᠭᠡᠵᠦ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠳᠤ | ᠬᠡᠯᠡᠪᠡ᠃ | ᠥᠪᠥᠷ ᠮᠣᠩᠭᠤᠯ ᠤᠨ ᠥᠪᠡᠷᠲᠡᠭᠡᠨᠵᠠᠰᠠᠬᠤ ᠣᠷᠣᠨ ᠤ ᠬᠤᠷᠸ᠎ᠠ ᠠᠵᠤ ᠠᠬᠤᠢ ᠶᠢᠨ ᠰᠤᠳᠤᠯᠭᠠᠨ ᠤ | ᠲᠥᠪ ᠤᠨᠨᠡᠶᠢᠭᠡᠮ ᠤᠨ ᠬᠥᠭᠵᠢᠯᠲᠡᠶᠢᠨ ᠰᠤᠳᠤᠯᠭᠠᠨ ᠤ ᠭᠠᠵᠠᠷ ᠤᠨᠲ᠋ᠠᠷᠤᠭ᠎ᠠ ᠼᠤᠤ ᠶᠦᠩ ᠫᠢᠩ᠂ | ᠥᠭᠡᠷᠡᠴᠢᠯᠡᠯᠲᠡ ᠶᠢᠨ ᠪᠡᠯᠡ ᠮᠥᠩᠭᠦ ᠶᠢᠨ ᠡᠳ᠋ ᠤᠨ ᠵᠠᠰᠠᠭ ᠤᠨ ᠲᠦᠰᠢᠭᠯᠡᠬᠦ ᠬᠡᠮᠵᠢᠶ᠎ᠡ ᠥᠨᠳᠥᠷ᠂ ᠨᠡᠶᠢᠭᠡᠮ ᠤᠨ | ᠬᠥᠷᠥᠩᠭᠡ ᠤᠷᠤᠭᠤᠯᠬᠤ ᠢᠳᠡᠪᠬᠢᠵᠢᠯ ᠳᠣᠣᠷ᠎ᠠ᠂ ᠣᠯᠠᠨ ᠡᠰᠢᠲᠦ ᠪᠡᠯᠡ ᠴᠤᠭᠯᠠᠭᠤᠯᠬᠤ ᠲᠣᠭᠲᠠᠴᠠ ᠬᠠᠷᠠᠬᠠᠨ | ᠪᠠᠶᠢᠭᠤᠯᠤᠭᠠᠳᠤᠢ᠂ ᠴᠥᠭᠡᠨ ᠪᠤᠰᠤ ᠭᠠᠵᠠᠷ ᠣᠷᠣᠨ ᠤ ᠥᠭᠡᠷᠡᠴᠢᠯᠡᠯᠲᠡ ᠶᠢᠨ ᠪᠡᠯᠡ ᠮᠥᠩᠭᠦ ᠨᠢ ᠭᠤᠣᠯᠳᠠᠭᠤ | ᠡᠳ᠋ ᠤᠨ ᠵᠠᠰᠠᠭ ᠤᠨ ᠨᠥᠬᠦᠪᠦᠷᠢ ᠳᠤ ᠲᠦᠰᠢᠭᠯᠡᠵᠦ ᠪᠠᠶᠢᠨ᠎ᠠ︔ ᠥᠭᠡᠷᠡᠴᠢᠯᠡᠭᠰᠡᠨ ᠤ ᠳᠠᠷᠠᠭᠠᠬᠢ ᠦᠷᠭᠦᠯᠵᠢᠯᠡᠨ | ᠬᠠᠮᠠᠭᠠᠯᠠᠬᠤ ᠪᠡᠯᠡ ᠮᠥᠩᠭᠦ᠂ ᠰᠠᠭᠤᠭᠠᠯᠢ ᠠᠷᠠᠳ ᠤᠨ ᠬᠡᠷᠡᠭ ᠵᠥᠪᠯᠡᠬᠦ ᠳᠦᠷᠢᠮ ᠵᠢᠴᠢ ᠵᠠᠯᠭᠠᠮᠵᠢ ᠬᠠᠮᠢᠶᠠᠷᠤᠯᠲᠠ ᠶᠢᠨ | ᠲᠣᠭᠲᠠᠴᠠ ᠵᠡᠷᠭᠡ ᠪᠠᠷ ᠳᠤᠲᠠᠮᠠᠭ ᠪᠠᠶᠢᠨ᠎ᠠ ᠭᠡᠵᠦ ᠵᠢᠭᠠᠨ ᠭᠠᠷᠭᠠᠵᠠᠢ᠃ ᠣᠶᠢᠯᠠᠭᠠᠭᠰᠠᠨ ᠢᠶᠠᠷ᠂ ᠪᠤᠰᠤᠳ | ᠵᠠᠷᠢᠮ ᠮᠤᠵᠢ ᠣᠷᠣᠨ ᠳᠤ᠂ ᠨᠡᠶᠢᠭᠡᠮ ᠤᠨ ᠬᠦᠴᠦᠨ ᠤ ᠬᠠᠭᠤᠴᠢᠨ ᠪᠠᠭ᠎ᠠ ᠲᠣᠭᠤᠷᠢᠭ ᠤᠨ ᠥᠭᠡᠷᠡᠴᠢᠯᠡᠯᠲᠡ ᠳᠤ | ᠣᠷᠣᠯᠴᠠᠬᠤ ᠢᠳᠡᠪᠬᠢᠵᠢᠯ ᠨᠢ ᠮᠥᠨ ᠴᠦ ᠥᠨᠳᠥᠷ ᠪᠢᠰᠢ ᠪᠠᠶᠢᠳᠠᠭ᠂ ᠡᠶᠢᠮᠦᠷᠬᠦ ᠦᠵᠡᠭᠳᠡᠯ ᠨᠢ ᠨᠢᠭᠡᠨᠲᠡᠣᠯᠠᠨ | ᠭᠠᠵᠠᠷ ᠤᠨ ᠨᠡᠶᠢᠲᠡᠯᠢᠭ ᠴᠢᠨᠠᠷ ᠪᠣᠯᠤᠭᠰᠠᠨ ᠪᠠᠶᠢᠨ᠎ᠠ᠃ | ᠲᠤᠷᠰᠢᠯᠲᠠ ᠶᠢᠨ ᠴᠡᠭ ᠢᠶᠠᠷ ᠵᠠᠮᠴᠢᠯᠠᠭᠤᠯᠵᠤ᠂ ︽ᠪᠦᠷᠢᠨ ᠪᠦᠲᠦᠨ ᠣᠷᠣᠨ ᠰᠠᠭᠤᠴᠠ ᠶᠢᠨ ᠨᠡᠶᠢᠭᠡᠮ | ᠲᠣᠭᠤᠷᠢᠭ︾ ᠤᠨ ᠥᠯᠢᠭᠡᠷ ᠳᠡᠪᠲᠡᠷ ᠢ ᠴᠢᠨᠠᠷ ᠰᠠᠶᠢᠲᠠᠢ ᠪᠣᠶ ᠪᠣᠯᠭᠠᠨ᠎ᠠ | 2020 ᠣᠨ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ | ᠲᠣᠳᠣᠷᠬᠠᠢ ᠱᠠᠭᠠᠷᠳᠠᠭᠰᠠᠨ ᠨᠢ᠂ ᠬᠤᠲᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠶᠠᠪᠤᠴᠠ ᠳᠤ᠂ | ᠵᠠᠰᠠᠭ ᠤᠨ ᠣᠷᠳᠣᠨ ᠬᠢᠭᠡᠳ ᠰᠠᠭᠤᠭᠠᠯᠢ ᠠᠷᠠᠳ᠂ ᠨᠡᠶᠢᠭᠡᠮ ᠤᠨ ᠬᠦᠴᠦᠨ ᠥᠭᠡᠷᠡᠴᠢᠯᠡᠯᠲᠡ ᠶᠢᠨ ᠪᠡᠯᠡ ᠮᠥᠩᠭᠦ ᠶᠢ | ᠵᠦᠢ ᠵᠣᠬᠢᠰᠲᠠᠢ ᠪᠠᠷ ᠬᠠᠮᠲᠤ ᠪᠠᠷ ᠡᠭᠦᠷᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ | ᠮᠠᠨ ᠤ ᠣᠷᠣᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠬᠤ | ᠶᠠᠪᠤᠴᠠ ᠳᠤ᠂ ᠪᠠᠰᠠ ᠨᠡᠶᠢᠭᠡᠮ ᠤᠨ ᠬᠦᠴᠦᠨ ᠤ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠬᠤ ᠶᠢ ᠢᠳᠡᠪᠬᠢᠲᠡᠢ ᠠᠬᠢᠭᠤᠯᠤᠭᠰᠠᠨ ᠪᠥᠭᠡᠳ ᠡᠳᠦᠢ ᠲᠡᠳᠦᠢ | ᠠᠮᠵᠢᠯᠲᠠ ᠣᠯᠣᠭᠰᠠᠨ ᠪᠠᠶᠢᠨ᠎ᠠ᠃ | ᠪᠤᠭᠤᠲᠤ ᠬᠤᠲᠠᠶᠢᠨ ᠨᠥᠬᠦᠷᠯᠡᠯ ᠠᠷᠪᠠ ᠶᠢᠰᠦᠳᠦᠭᠡᠷ ᠥᠭᠡᠷᠡᠴᠢᠯᠡᠯᠲᠡ ᠵᠢᠨᠲ᠋ᠥ᠋ᠷᠥᠯ ᠵᠦᠢᠯ ᠳᠤ᠂ ᠳᠤᠮᠳᠠᠳᠤ | ᠤᠯᠤᠰ ᠤᠨ ᠲᠡᠮᠦᠷ ᠵᠠᠮ ᠤᠨ ᠺᠣᠮᠫᠠᠨᠢ ᠶᠢᠨ ᠠᠷᠪᠠᠳᠤᠭᠠᠷ ᠲᠣᠪᠴᠢᠶ᠎ᠠ ᠶᠢᠨ ᠡᠷᠡᠭᠦᠯ ᠮᠡᠨᠳᠦ ᠶᠢᠨ ᠰᠤᠪᠢᠯᠠᠯᠲᠠ ᠶᠢᠨ | ᠺᠣᠮᠫᠠᠨᠢ ᠶᠢᠨ 6000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠲᠡᠳᠡᠨ ᠠᠪᠴᠢᠷᠠᠵᠤ᠂ ᠭᠦᠸᠧᠯᠦ ᠶᠢᠨ | ᠬᠦᠷᠢᠶᠡᠨ ᠳᠤ 4 ᠳᠠᠪᠬᠤᠷ 5600 ᠲᠡᠭᠰᠢ ᠳᠥᠷᠪᠡᠯᠵᠢᠨ ᠮᠧᠲᠷ ᠤᠨ ︽ᠰᠤᠪᠢᠯᠠᠯᠲᠠ ᠶᠢᠨ ᠲᠥᠪ︾ ᠢ ᠰᠢᠨ᠎ᠡ ᠪᠠᠷ | ᠪᠠᠶᠢᠭᠤᠯᠵᠤ᠂ 128 ᠣᠷᠣ ᠲᠣᠬᠢᠷᠠᠭᠤᠯᠤᠨ᠂ ᠪᠦᠬᠦᠯᠢ ᠡᠳᠦᠷ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ | ᠬᠠᠩᠭᠠᠵᠤ ᠪᠠᠶᠢᠨ᠎ᠠ᠃ | ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠯᠠᠨ ᠲᠢᠶᠠᠨ ᠵᠡᠭᠡᠯᠢ ᠭᠤᠳᠤᠮᠵᠢ ᠶᠢᠨ ᠠᠯᠪᠠᠨ ᠭᠡᠷ ᠤᠨ | ᠬᠢᠨ ︽ᠦᠢᠯᠡᠳᠦᠯᠭᠡ ᠶᠢᠨ ᠮᠥᠩᠭᠦ ᠶᠢ ᠬᠠᠮᠲᠤ ᠪᠠᠷ ᠪᠠᠶᠢᠭᠤᠯᠬᠤ︾ ᠶᠢᠨ ᠲᠥᠷᠥᠯ ᠵᠦᠢᠯ ᠢ ᠰᠢᠨ᠎ᠡ ᠪᠠᠷ | ᠡᠭᠦᠳᠦᠨᠬᠡᠷᠡᠭᠵᠢᠭᠦᠯᠵᠦ᠂ ᠳᠠᠭᠠᠭᠠᠴᠢᠯᠠᠨ ᠬᠤᠯᠪᠣᠭᠠᠯᠠᠭᠰᠠᠨᠨᠢᠭᠡᠴᠢ ᠪᠣᠯᠣᠨ ᠰᠠᠭᠤᠭ᠎ᠠ ᠭᠠᠵᠠᠷ ᠤᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠶᠢ ᠵᠣᠬᠢᠴᠠᠭᠤᠯᠵᠤ ᠪᠠᠶᠢᠭᠠᠳ ᠨᠡᠶᠢᠭᠡᠮ ᠲᠣᠭᠤᠷᠢᠭ ᠤᠨ ᠰᠠᠭᠤᠷᠢ ᠲᠥᠬᠦᠭᠡᠷᠦᠮᠵᠢ ᠶᠢ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠬᠠᠮᠠᠭᠠᠯᠠᠬᠤ᠂ | ᠥᠭᠡᠷᠡᠴᠢᠯᠡᠨᠰᠠᠶᠢᠵᠢᠷᠠᠭᠤᠯᠬᠤ᠂ ᠳᠡᠭᠡᠭᠰᠢᠯᠡᠭᠦᠯᠬᠦ ᠳᠤ ᠬᠦᠴᠦᠨ ᠴᠢᠳᠠᠯ ᠢ ᠨᠢ ᠭᠠᠷᠭᠠᠭᠤᠯᠵᠤ᠂ ᠲᠢᠶᠧ ᠪᠧᠢ ᠨᠡᠶᠢᠭᠡᠮ | ᠲᠣᠭᠤᠷᠢᠭ᠂ ᠤᠯᠠᠭᠠᠨ ᠪᠠᠭ᠎ᠠ ᠲᠣᠭᠤᠷᠢᠭ ᠲᠤ ᠵᠣᠯ ᠵᠢᠷᠭᠠᠯᠲᠤ ᠠᠮᠤᠭᠤᠯᠠᠩᠲᠤ ᠲᠠᠯᠠᠪᠠᠢ ᠵᠡᠷᠭᠡ ᠶᠢ ᠪᠠᠶᠢᠭᠤᠯᠵᠤ᠂ | ᠰᠠᠭᠤᠭᠠᠯᠢ ᠠᠷᠠᠳ ᠲᠤ ᠵᠤᠭ᠎ᠠ ᠴᠡᠩᠭᠡᠯ ᠤᠨ ᠰᠠᠶᠢᠨ ᠭᠠᠵᠠᠷ ᠬᠠᠩᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ | ᠰᠠᠭᠤᠷᠢᠰᠢᠬᠤ ᠳᠤ ᠲᠣᠬᠢᠷᠠᠮᠵᠢᠲᠠᠢ ᠲᠡᠰ ᠢ ᠦᠨᠳᠦᠰᠦᠨ ᠠᠴᠠ ᠨᠢ ᠳᠡᠭᠡᠭᠰᠢᠯᠡᠭᠦᠯᠵᠡᠢ᠃ ᠪᠦᠷᠢᠨ ᠪᠦᠲᠦᠨ | ᠰᠠᠭᠤᠷᠢᠰᠢᠭᠰᠠᠨ ᠨᠡᠶᠢᠭᠡᠮ ᠲᠣᠭᠤᠷᠢᠭ ᠤᠨ ᠳᠤᠲᠠᠭᠤᠳᠠᠯ ᠢ ᠨᠥᠬᠦᠪᠦᠷᠢᠯᠡᠬᠦ ᠪᠠ ᠪᠣᠬᠢᠷᠲᠤᠯ ᠦᠭᠡᠢ ᠨᠡᠶᠢᠭᠡᠮ | ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠮᠠᠨ ᠤ ᠣᠷᠣᠨ ᠨᠢᠭᠡᠨᠲᠡ ᠨᠡᠶᠢᠲᠡ 47 | ᠬᠤᠲᠠ ᠪᠠᠯᠭᠠᠰᠤ ᠶᠢᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠲᠡᠭᠦᠯᠳᠡᠷᠵᠢᠭᠦᠯᠵᠦ ᠳᠡᠭᠡᠭᠰᠢᠯᠡᠭᠦᠯᠬᠦ | ᠲᠥᠷᠥᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠭᠦᠨ ᠳᠤ 7 ᠲᠥᠷᠥᠯ ᠵᠦᠢᠯ ᠢ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠷᠢᠯᠴᠠᠬᠤ ᠴᠡᠭ ᠤᠨ ᠨᠠᠷᠢᠨ | ᠬᠠᠭᠤᠳᠠᠰᠤ ᠶᠢᠨ ᠲᠥᠷᠥᠯ ᠵᠦᠢᠯ ︵ᠪᠥᠬᠦ ᠤᠯᠤᠰ ᠲᠤ ᠳᠡᠯᠭᠡᠷᠡᠭᠦᠯᠦᠭᠰᠡᠨ ᠲᠤᠷᠰᠢᠯᠭ᠎ᠠ︶ ᠳᠤ ᠵᠢᠭᠰᠠᠭᠠᠨ | ᠣᠷᠣᠭᠤᠯᠪᠠ᠃ ᠵᠢᠱᠢᠶ᠎ᠡ ᠦᠵᠡᠭᠦᠯᠬᠦ ᠲᠥᠷᠥᠯ ᠵᠦᠢᠯ ᠳᠤ ᠨᠡᠶᠢᠭᠡᠮ ᠲᠣᠭᠤᠷᠢᠭ ᠤᠨ ᠠᠵᠢᠯᠯᠠᠭ᠎ᠠ᠂ ᠨᠠᠰᠤᠲᠠᠨ ᠢ | ᠠᠰᠠᠷᠠᠵᠤ ᠨᠢᠯᠬᠠᠰ ᠢ ᠰᠠᠭᠠᠲᠠᠭᠤᠯᠬᠤ᠂ ᠰᠣᠶᠣᠯ ᠡᠷᠡᠭᠦᠯ ᠬᠠᠮᠠᠭᠠᠯᠠᠯ ᠵᠡᠷᠭᠡ ᠡᠯ᠎ᠡ ᠲᠥᠷᠥᠯ ᠤᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠭᠤᠯᠭ᠎ᠠ ᠶᠢ ᠨᠢᠭᠡᠳᠦᠯᠲᠡᠢ ᠲᠥᠯᠥᠪᠯᠡᠨ | ᠪᠣᠳᠣᠯᠬᠢᠯᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠡᠯᠡᠳᠬᠡᠮᠵᠢ ᠶᠢᠨ ᠳᠤᠲᠠᠭᠤᠳᠠᠯ ᠢ ᠤᠯᠠᠮ ᠨᠢᠭᠡ | ᠠᠯᠬᠤᠮ ᠨᠥᠬᠦᠪᠦᠷᠢᠯᠡᠵᠦ᠂ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠪᠠᠷ ︽ᠪᠦᠷᠢᠨ | ᠪᠦᠲᠦᠨ ᠣᠷᠣᠰᠢᠨ ᠰᠠᠭᠤᠬᠤ ᠨᠡᠶᠢᠭᠡᠮ ᠲᠣᠭᠤᠷᠢᠭ︾ ᠤᠨ ᠥᠯᠢᠭᠡᠷ ᠵᠢᠱᠢᠶᠡᠴᠢ ᠢ ᠪᠣᠶ ᠪᠣᠯᠭᠠᠵᠤ᠂ ᠰᠠᠭᠤᠭᠠᠯᠢ | ᠠᠷᠠᠳ ᠤᠨ 15 ᠮᠢᠨᠦ᠋ᠲ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠶᠢ ᠪᠠᠶᠢᠭᠤᠯᠤᠨ᠎ᠠ᠃ | 2021 ᠣᠨ ᠠᠴᠠ ᠨᠠᠰᠢ᠂ ᠮᠠᠨ ᠤ ᠣᠷᠣᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ | ᠥᠭᠡᠷᠡᠴᠢᠯᠡᠯᠲᠡ ᠳᠤᠮᠳᠠ ᠨᠡᠶᠢᠭᠡᠮ ᠤᠨ ᠪᠡᠯᠡ ᠣᠷᠣᠭᠤᠯᠤᠯᠲᠠ ᠶᠢ ᠲᠠᠲᠠᠵᠤ 2648 ᠴᠠᠬᠢᠯᠭᠠᠨ ᠴᠡᠨᠡᠭᠯᠡᠬᠦ ᠪᠠᠭᠠᠨ᠎ᠠ | ᠪᠠᠶᠢᠭᠤᠯᠵᠤ᠂ ᠣᠶᠤᠨᠲᠤ ᠲᠦᠷᠭᠡᠨ ᠬᠦᠷᠭᠡᠯᠲᠡ ᠶᠢᠨ ᠠᠪᠳᠠᠷ᠎ᠠ ᠶᠢ 295 ᠰᠢᠨ᠎ᠡ ᠪᠠᠷ ᠨᠡᠮᠡᠭᠳᠡᠭᠦᠯᠪᠡ᠃ | ᠣᠯᠠᠨ ᠲᠠᠯ᠎ᠠ ᠪᠠᠷ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠬᠠᠮᠲᠤ ᠪᠠᠷ ᠡᠭᠦᠷᠭᠡᠯᠡᠬᠦ ᠶᠢ ᠤᠷᠢᠶᠠᠯᠠᠵᠤ | ᠪᠠᠶᠢᠨ᠎ᠠ | ᠨᠡᠶᠢᠭᠡᠮ ᠤᠨ ᠬᠥᠷᠥᠩᠭᠡ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ | ᠣᠷᠣᠯᠴᠠᠬᠤ ᠳᠤ ᠨᠡᠶᠢᠲᠡᠯᠢᠭ ᠵᠢᠱᠢᠶ᠎ᠡ ᠪᠠᠷ ᠵᠠᠮᠴᠢᠯᠠᠵᠤ ᠪᠠᠶᠢᠭᠰᠠᠨ ᠠᠴᠠ ᠪᠦᠬᠦ ᠲᠠᠯ᠎ᠠ ᠪᠠᠷ ᠬᠥᠭᠵᠢᠨ ᠴᠡᠴᠡᠭᠯᠡᠬᠦ | ᠪᠣᠯᠲᠠᠯ᠎ᠠ ᠣᠳᠣᠬᠠᠨ ᠳᠤ ᠪᠠᠰᠠ ᠵᠢᠭᠠᠬᠠᠨ ᠬᠦᠴᠢᠷᠲᠡᠢ ᠪᠠᠶᠢᠨ᠎ᠠ᠃ ᠲᠡᠭᠡᠪᠡᠯ᠂ ᠲᠦᠭᠵᠢᠷᠡᠯ᠂ ᠬᠦᠴᠢᠷᠳᠡᠯ ᠨᠢ ᠬᠠᠮᠢᠭ᠎ᠠ | ᠪᠠᠶᠢᠬᠤ ᠪᠣᠶ︖ | ︽ᠪᠡᠯᠡ ᠣᠷᠣᠭᠤᠯᠤᠯᠲᠠ ᠶᠢᠨ ᠠᠴᠢ ᠬᠠᠷᠢᠭᠤᠯᠲᠠ ᠶᠢᠨ ᠦᠶᠡᠯᠡᠯ ᠤᠨ ᠬᠤᠭᠤᠴᠠᠭ᠎ᠠ ᠤᠷᠲᠤ᠂ | ᠬᠠᠷᠢᠭᠤᠯᠲᠠ ᠶᠢᠨ ᠨᠣᠷᠮ᠎ᠠ ᠳᠣᠣᠷ᠎ᠠ᠂ ᠠᠰᠢᠭ ᠣᠷᠣᠯᠭ᠎ᠠ ᠪᠠᠭ᠎ᠠ ᠪᠣᠯᠬᠤᠷ ᠠᠵᠤ ᠠᠬᠤᠶᠢᠯᠠᠯ ᠤᠳ ᠬᠠᠭᠤᠴᠢᠨ ᠪᠠᠭ᠎ᠠ | ᠲᠣᠭᠤᠷᠢᠭ ᠤᠨ ᠥᠭᠡᠷᠡᠴᠢᠯᠡᠯᠲᠡ ᠶᠢᠨ ᠲᠦᠷᠦᠯ ᠵᠦᠢᠯ ᠲᠤ ᠣᠷᠣᠯᠴᠠᠬᠤ ᠳᠤᠷ᠎ᠠ ᠦᠭᠡᠢ ᠪᠣᠯᠵᠠᠢ᠂ ᠣᠳᠣᠬᠠᠨ ᠳᠤ | ᠨᠡᠶᠢᠭᠡᠮ ᠤᠨ ᠬᠢᠵᠠᠭᠠᠷᠲᠠᠢ ᠪᠡᠯᠡ ᠣᠷᠣᠭᠤᠯᠤᠯᠲᠠ ᠨᠢ ᠭᠤᠣᠯᠳᠠᠭᠤ ᠡᠵᠡᠩᠨᠡᠯᠲᠡ ᠶᠢᠨ ᠠᠰᠢᠭ ᠣᠷᠣᠯᠭ᠎ᠠ ᠲᠠᠢ | ᠵᠦᠢᠯᠡᠰ ᠲᠤ ᠲᠥᠪᠯᠡᠷᠡᠵᠦ ᠪᠠᠶᠢᠨ᠎ᠠ᠂ ᠵᠢᠱᠢᠶᠡᠯᠡᠪᠡᠯ ᠲᠦᠷᠭᠡᠨ ᠬᠦᠷᠭᠡᠯᠲᠡ ᠶᠢᠨ ᠠᠪᠳᠠᠷ᠎ᠠ᠂ ᠨᠠᠰᠤᠵᠢᠯ ᠤᠨ | ᠠᠰᠠᠷᠠᠮᠵᠢ ᠶᠢᠨ ᠲᠥᠪ ᠵᠡᠷᠭᠡ ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠭᠠᠨ ᠭᠠᠷᠭᠠᠪᠠ᠃ | ︽ᠮᠠᠨ ᠤ ᠬᠤᠲᠠ ᠬᠡᠳᠦᠶᠢᠪᠡᠷ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠳᠤᠮᠳᠠ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠤᠯᠤᠰ ᠤᠨ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠶᠢᠨ ᠱᠠᠭᠠᠷᠳᠠᠯᠭ᠎ᠠ ᠲᠠᠢ | ᠬᠠᠷᠢᠴᠠᠭᠤᠯᠪᠠᠯ ᠮᠥᠨ ᠬᠦ ᠵᠥᠷᠢᠶ᠎ᠡ ᠲᠠᠢ ᠪᠠᠶᠢᠭᠰᠠᠭᠠᠷ ᠶᠤᠮ᠃ ᠡᠨᠡ ᠨᠢ ᠭᠤᠣᠯᠳᠠᠭᠤ᠄ ᠬᠤᠰᠢᠭᠤ ᠰᠢᠶᠠᠨ | ᠲᠣᠭᠤᠷᠢᠭ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠮᠥᠨ ᠬᠦ ᠲᠡᠳᠦᠢ ᠥᠨᠳᠥᠷ ᠪᠢᠰᠢ᠂ ᠭᠤᠣᠯ ᠰᠢᠯᠲᠠᠭᠠᠨ | ᠨᠢ ᠣᠷᠣᠨ ᠨᠤᠲᠤᠭ ᠤᠨ ᠡᠳ᠋ ᠤᠨ ᠵᠠᠰᠠᠭ ᠤᠨ ᠡᠳ᠋ ᠤᠨ ᠬᠦᠴᠦᠨ ᠬᠦᠷᠦᠯᠴᠡᠬᠦ ᠦᠭᠡᠢ ᠠᠴᠠ ᠪᠣᠯᠵᠤ᠂ | ᠪᠠᠷᠢᠯᠭ᠎ᠠ ᠶᠢᠨ ᠠᠵᠢᠯ ᠤᠨ ᠠᠬᠢᠴᠠ ᠵᠡᠷᠭᠡ ᠠᠵᠢᠯ ᠢ ᠤᠳᠠᠭᠠᠰᠢᠷᠠᠭᠤᠯᠤᠭᠰᠠᠨ ᠳᠤ ᠣᠷᠣᠰᠢᠨ᠎ᠠ᠃ ᠨᠡᠶᠢᠭᠡᠮ ᠤᠨ | ᠬᠥᠷᠥᠩᠭᠡ ᠮᠥᠩᠭᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠯᠴᠠᠬᠤ ᠶᠢ ᠲᠡᠮᠡᠴᠡᠨ ᠣᠯᠬᠤ ᠠᠷᠭ᠎ᠠ ᠵᠠᠮ | ᠨᠢ ᠰᠢᠯᠤᠭᠤᠨ ᠪᠤᠰᠤ᠂ ᠲᠥᠷᠥ ᠶᠢᠨ ᠪᠣᠳᠣᠯᠭ᠎ᠠ ᠨᠢ ᠴᠢᠩᠭ᠎ᠠ ᠪᠠᠶᠢᠵᠤ᠂ ᠰᠠᠭᠤᠷᠢ ᠲᠥᠷᠥᠯ ᠤᠨ ᠬᠠᠭᠤᠴᠢᠨ ᠪᠠ | ᠬᠠᠭᠤᠴᠢᠷᠠᠭᠰᠠᠨ ᠪᠠᠭ᠎ᠠ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠨᠢ ᠦᠨᠳᠦᠰᠦᠨ ᠳᠡᠭᠡᠨ ᠠᠰᠢᠭ ᠣᠯᠵᠠᠪᠤᠷᠢ | ᠦᠭᠡᠢ᠂ ᠪᠡᠯᠡ ᠣᠷᠣᠭᠤᠯᠤᠯᠲᠠ ᠪᠠᠷ ᠶᠡᠭᠡ᠂ ᠵᠠᠶᠢᠯᠠᠰᠢ ᠦᠭᠡᠢ ᠬᠡᠷᠡᠭᠴᠡᠭᠡ ᠱᠠᠭᠠᠷᠳᠠᠯᠭ᠎ᠠ ᠶᠢᠨ ᠲᠥᠷᠥᠯ ᠤᠨ ᠲᠥᠷᠥᠯ | ᠵᠦᠢᠯ ᠳᠤ ᠬᠠᠷᠢᠶᠠᠯᠠᠭᠳᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠰᠡᠷᠭᠡᠶᠢᠯᠡᠨ ᠠᠷᠢᠯᠭᠠᠬᠤ ᠲᠥᠷᠥ ᠶᠢᠨ | ᠪᠣᠳᠣᠯᠭ᠎ᠠ ᠶᠢᠨ ᠬᠢᠵᠠᠭᠠᠷᠯᠠᠯ ᠠᠴᠠ ᠪᠣᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ | ᠬᠦᠴᠢᠷᠳᠡᠯ ᠨᠡᠯᠢᠶᠡᠳ ᠶᠡᠭᠡ ᠪᠠᠶᠢᠵᠤ᠂ ᠪᠡᠯᠡ ᠴᠤᠭᠯᠠᠭᠤᠯᠬᠤ ᠠᠷᠭ᠎ᠠ ᠵᠠᠮ ᠲᠠᠩ ᠴᠤᠯᠭᠤᠢ ᠪᠠᠶᠢᠨ᠎ᠠ︾ ᠭᠡᠵᠦ | ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠭᠠᠵᠤ ᠭᠠᠷᠭᠠᠪᠠ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠠᠪᠤᠴᠠ ᠳᠤ | ᠣᠷᠣᠰᠢᠵᠤ ᠪᠠᠶᠢᠭ᠎ᠠ ᠪᠡᠯᠡ ᠮᠥᠩᠭᠦ ᠶᠢᠨ ᠣᠷᠣᠭᠤᠯᠤᠯᠲᠠ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠡᠨᠡ ᠵᠢᠯ ᠤᠨ | ᠪᠥᠬᠦ ᠤᠯᠤᠰ ᠤᠨ ᠬᠤᠶᠠᠷ ᠬᠤᠷᠠᠯ ᠳᠡᠭᠡᠷ᠎ᠡ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠪᠡᠭᠡᠵᠢᠩ ᠤᠨ ᠨᠡᠶᠢᠰᠯᠡᠯ ᠤᠨ ᠨᠡᠭᠡᠭᠡᠨ ᠬᠥᠭᠵᠢᠭᠦᠯᠦᠯᠲᠡ ᠶᠢᠨ ᠬᠤᠪᠢ ᠡᠵᠡᠮᠳᠡᠬᠦ ︵ᠪᠦᠯᠦᠭᠯᠡᠯ︶ ᠬᠢᠵᠠᠭᠠᠷᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠶᠠᠨ ᠰᠠᠨᠠᠭᠤᠯᠬᠤ ᠳᠠᠭᠠᠨ᠂ ᠨᠡᠶᠢᠭᠡᠮ ᠤᠨ ᠬᠥᠷᠥᠩᠭᠡ ᠶᠢ | ᠣᠷᠣᠭᠤᠯᠤᠨᠠᠪᠴᠢᠷᠠᠵᠤ᠂ ᠦᠯᠡᠳᠡᠭᠡᠯ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠨᠡᠶᠢᠭᠡᠮ ᠲᠣᠭᠤᠷᠢᠭ ᠤᠨ ᠠᠷᠠᠳᠤᠨ | ᠠᠮᠢᠳᠤᠷᠠᠯ ᠠᠵᠤ ᠠᠬᠤᠢ ᠶᠢᠨ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠪᠢᠴᠢᠯ ᠡᠷᠭᠢᠯᠲᠡ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ ᠭᠡᠵᠡᠢ᠃ | ︽ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠬᠤ ᠲᠠᠯ᠎ᠠ ᠪᠠᠷ᠂ ᠬᠠᠳᠠᠭᠠᠯᠠᠭᠳᠠᠵᠤ ᠪᠠᠶᠢᠭ᠎ᠠ ᠡᠬᠢ | ᠪᠠᠶᠠᠯᠢᠭ ᠢ ᠠᠮᠢᠳᠤᠯᠢᠭ ᠪᠣᠯᠭᠠᠬᠤ᠂ ᠦᠢᠯᠡᠴᠢᠯᠡᠭᠡᠨ ᠤ ᠠᠰᠢᠭ ᠣᠷᠣᠯᠭ᠎ᠠ ᠶᠢᠨ ᠳᠠᠯᠳᠠ ᠬᠦᠴᠦᠨ ᠢ ᠠᠭᠤᠳᠠᠯᠬᠤ | ᠵᠢᠴᠢ ᠵᠣᠬᠢᠴᠠᠩᠭᠤᠢ ᠡᠳ᠋ ᠤᠨ ᠵᠠᠰᠠᠭ ᠭᠠᠶᠢᠯᠢ ᠶᠢᠨ ᠬᠠᠷᠠᠭᠠᠯᠵᠠᠯ ᠢᠶᠠᠷ ᠳᠠᠮᠵᠢᠭᠤᠯᠤᠨ᠂ ᠣᠯᠠᠨ ᠲᠠᠯ᠎ᠠ ᠪᠠᠷ | ᠬᠠᠮᠲᠤ ᠪᠠᠷ ᠡᠭᠦᠷᠭᠡᠯᠡᠬᠦ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ᠬᠠᠭᠤᠴᠢᠨ ᠪᠠ | ᠬᠠᠭᠤᠴᠢᠷᠠᠭᠰᠠᠨ ᠪᠠᠭ᠎ᠠ ᠲᠣᠭᠤᠷᠢᠭ ᠢ ᠥᠭᠡᠷᠡᠴᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ | ᠬᠡᠷᠡᠭᠲᠡᠢ︾ ᠭᠡᠵᠦ ᠼᠤᠤ ᠶᠦᠩ ᠫᠢᠩ ᠰᠠᠨᠠᠭᠤᠯᠵᠠᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠤᠯᠠ | ᠪᠠᠶᠢᠬᠤ ᠭᠠᠵᠠᠷ ᠢ ᠠᠮᠢᠳᠤᠯᠢᠭ ᠪᠣᠯᠭᠠᠵᠤ᠂ ᠪᠠᠭᠲᠠᠭᠠᠮᠵᠢ ᠶᠢᠨ ᠨᠣᠷᠮ᠎ᠠ ᠶᠢ ᠲᠣᠬᠢᠷᠠᠭᠤᠯᠤᠨ ᠨᠡᠮᠡᠭᠳᠡᠭᠦᠯᠬᠦ᠂ | ᠬᠡᠷᠡᠭᠴᠡᠭᠡ ᠶᠢ ᠬᠤᠪᠢᠷᠠᠭᠤᠯᠬᠤ ᠵᠡᠷᠭᠡ ᠪᠠᠷ ᠳᠠᠮᠵᠢᠭᠤᠯᠤᠨ ᠨᠡᠶᠢᠭᠡᠮ ᠤᠨ ᠬᠦᠴᠦᠨ ᠤ ᠪᠡᠯᠡ ᠣᠷᠣᠭᠤᠯᠤᠯᠲᠠ ᠶᠢ | ᠲᠠᠲᠠᠬᠤ ᠬᠡᠷᠡᠭᠲᠡᠢ᠃ PPP ᠵᠠᠭᠪᠤᠷ ᠢᠶᠠᠷ ᠳᠠᠮᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠪᠡᠯᠡ ᠨᠡᠶᠢᠯᠡᠭᠦᠯᠦᠭᠰᠡᠨ ᠺᠣᠮᠫᠠᠨᠢ ᠪᠠᠶᠢᠭᠤᠯᠤᠨ ᠡᠵᠡᠩᠨᠡᠯᠲᠡ ᠶᠢᠨ | ᠭᠤᠣᠯ ᠴᠣᠭᠴᠠ ᠪᠣᠯᠭᠠᠵᠤ᠂ ᠨᠢᠭᠡ ᠴᠣᠭᠴᠠᠵᠢᠭᠤᠯᠤᠨ ᠥᠭᠡᠷᠡᠴᠢᠯᠡᠨ ᠡᠵᠡᠩᠨᠡᠬᠦ ᠶᠢ ᠬᠡᠷᠡᠭᠵᠢᠭᠦᠯᠦᠨ᠎ᠡ᠃ | ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ᠂ ᠡᠮᠴᠢᠯᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠪᠠᠭ᠎ᠠ ᠲᠣᠭᠤᠷᠢᠭ ᠵᠢᠴᠢ ᠡᠷᠬᠢᠨ | ᠲᠣᠭᠤᠷᠢᠨ ᠤ ᠦᠯᠡᠳᠡᠭᠡᠯ ᠡᠬᠢ ᠪᠠᠶᠠᠯᠢᠭ ᠢ ᠠᠭᠤᠳᠠᠯᠬᠤ ᠪᠠᠷ ᠳᠠᠮᠵᠢᠭᠤᠯᠤᠨ᠂ ᠥᠮᠴᠢᠯᠡᠭᠴᠢ ᠶᠢ ᠬᠥᠲᠥᠯᠥᠨ | ᠵᠢᠯᠤᠭᠤᠳᠴᠤ ᠪᠠᠶᠢᠭᠠᠳ ᠡᠷᠬᠢᠨ ᠲᠣᠭᠤᠷᠢᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠰᠢᠭ ᠣᠯᠵᠠᠪᠤᠷᠢ | ᠵᠢᠴᠢ ᠪᠠᠭ᠎ᠠ ᠲᠣᠭᠤᠷᠢᠭ ᠤᠨ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠰᠢᠯᠵᠢᠭᠦᠯᠦᠨ ᠥᠭᠭᠦᠨ᠎ᠡ᠂ ᠡᠭᠦᠨ ᠳᠤ | ᠲᠡᠷᠭᠡᠨ ᠵᠣᠭᠰᠣᠭᠠᠯ᠂ ᠴᠠᠬᠢᠯᠭᠠᠨ ᠴᠡᠨᠡᠭᠯᠡᠬᠦ ᠱᠣᠩ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠶᠢ | ᠪᠠᠭᠲᠠᠭᠠᠵᠤ᠂ ᠪᠡᠯᠡ ᠣᠷᠣᠭᠤᠯᠤᠯᠲᠠ ᠶᠢ ᠡᠭᠡᠭᠦᠯᠦᠨ ᠬᠤᠷᠢᠶᠠᠬᠤ ᠶᠢ ᠪᠡᠶᠡᠯᠡᠭᠦᠯᠦᠨ᠎ᠡ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠪᠠᠶᠢᠭᠤᠯᠤᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠲᠣᠭᠲᠠᠴᠠ ᠶᠢ ᠬᠠᠶᠢᠨ | ᠰᠦᠪᠡᠭᠴᠢᠯᠡᠨ᠎ᠡ | ᠪᠦᠬᠦ ᠤᠯᠤᠰ ᠢ ᠪᠠᠷᠠᠯᠠᠬᠤᠶ᠎ᠠ᠂ ᠭᠤᠸᠠᠩᠵᠧᠦ ᠬᠤᠳᠠ ︽ᠬᠤᠸᠠᠷ ᠬᠠᠳᠬᠤᠬᠤ︾ ᠢᠶᠠᠷ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ ᠪᠤᠢ᠃ ᠡᠨᠡ ᠵᠢᠯ ᠤᠨ 5 ᠳ᠋ᠤᠭᠠᠷ ᠰᠠᠷ᠎ᠠ ᠶᠢᠨ 17 ᠤ | ᠡᠳᠦᠷ᠂ ᠭᠤᠸᠠᠩᠵᠧᠦ ᠬᠤᠳᠠ ᠶᠢᠨ ᠬᠢᠨ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠬᠤᠳᠠ | ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠭᠤᠯᠬᠤ ᠪᠦᠬᠦ | ᠶᠠᠪᠤᠴᠠ ᠶᠢᠨ ᠠᠷᠭ᠎ᠠ ᠶᠢ ᠨᠡᠶᠢᠲᠡᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ | ᠵᠠᠬ᠎ᠠ ᠳᠡᠯᠭᠡᠭᠦᠷᠴᠢᠯᠡᠬᠦ ᠳᠦᠷᠢᠮ ᠲᠠᠢ ᠪᠣᠯᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ | ᠥᠭᠡᠷᠡᠴᠢᠯᠡᠯᠲᠡ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ | ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠡᠵᠡᠩᠨᠡᠯᠲᠡ ᠪᠣᠯᠣᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠪᠡ᠃ | ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠬᠤᠲᠠ ᠪᠠᠯᠭᠠᠰᠤᠨ ᠤ ᠬᠠᠭᠤᠴᠢᠨ | ᠪᠠᠭ᠎ᠠ ᠲᠣᠭᠤᠷᠢᠭᠢ ᠴᠡᠭᠴᠡᠯᠡᠨ ᠥᠭᠡᠷᠡᠴᠢᠯᠡᠬᠦ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠥᠯᠥᠭᠡ᠂ 2020 ᠣᠨ ᠳᠤ ᠬᠥᠬᠡᠬᠤᠲᠠ ᠶᠢᠨ ᠬᠢᠨ ︽ᠬᠥᠬᠡᠬᠤᠲᠠ ᠶᠢᠨ ᠬᠤᠲᠠ | ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ | ᠨᠡᠶᠢᠲᠡᠯᠡᠪᠡ᠃ ᠡᠨᠡ ᠵᠢᠯ᠂ ᠤᠯᠤᠰᠤᠨᠤᠳᠤᠷᠢᠳᠤᠮᠵᠢ ᠶᠢᠨ ᠴᠢᠨᠠᠷᠲᠠᠢ ᠰᠠᠨᠠᠯ ᠶᠣᠰᠣᠭᠠᠷ᠂ ᠬᠥᠬᠡᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠳᠤ ᠰᠢᠨ᠎ᠡ ᠪᠠᠷ ᠵᠠᠰᠠᠪᠤᠷᠢ ᠣᠷᠣᠭᠤᠯᠵᠤ᠂ ᠥᠭᠡᠷᠡᠴᠢᠯᠡᠬᠦ ᠠᠭᠤᠯᠭ᠎ᠠ᠂ ᠥᠭᠡᠷᠡᠴᠢᠯᠡᠬᠦ | ᠪᠠᠷᠢᠮᠵᠢᠶ᠎ᠠ᠂ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠪᠡᠯᠡ ᠮᠥᠩᠭᠦ ᠶᠢᠨ ᠨᠥᠬᠦᠪᠦᠷᠢ᠂ ᠡᠯ᠎ᠡ ᠲᠥᠷᠥᠯ ᠤᠨ ᠭᠠᠷᠳᠠᠮ ᠢ | ᠭᠦᠢᠴᠡᠳᠬᠡᠬᠦ᠂ ᠲᠥᠪ ᠤᠨ ᠪᠡᠯᠡ ᠮᠥᠩᠭᠦ ᠭᠤᠶᠤᠴᠢᠯᠠᠬᠤ᠂ ᠰᠠᠭᠤᠭᠠᠯᠢ ᠠᠷᠠᠳ ᠪᠡᠯᠡ ᠮᠥᠩᠭᠦ ᠭᠠᠷᠭᠠᠬᠤ᠂ | ᠨᠡᠶᠢᠭᠡᠮ ᠤᠨ ᠬᠥᠷᠥᠩᠭᠡ ᠶᠢᠨ ᠳᠡᠮᠵᠢᠯᠭᠡ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ᠂ ᠬᠠᠳᠠᠭᠠᠯᠠᠭᠳᠠᠵᠤ ᠪᠠᠶᠢᠭ᠎ᠠ | ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠲᠠᠯᠠᠪᠠᠷ ᠴᠥᠮ ᠲᠣᠳᠣᠷᠬᠠᠢ ᠲᠣᠭᠲᠠᠭᠠᠯ ᠭᠠᠷᠭᠠᠵᠤ᠂ ᠲᠥᠷᠥ ᠶᠢᠨ | ᠪᠣᠳᠣᠯᠭ᠎ᠠ ᠶᠢᠨ ᠤᠷᠢᠳᠠᠪᠠᠷ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠵᠢᠨᠦᠢᠯᠡᠳᠦᠯ ᠢ ᠭᠦᠢᠴᠡᠳ | ᠪᠠᠳᠠᠷᠠᠭᠤᠯᠪᠠ᠃ | ︽ᠡᠨᠡ ᠵᠢᠯ ᠪᠢᠳᠡ ᠬᠤᠳᠠᠯᠳᠤᠭᠠᠨ ᠤ ᠪᠠᠩᠬᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ | ᠦᠢᠯᠡᠳᠬᠦᠨ ᠪᠣᠯᠣᠨ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠬᠦ ᠡᠷᠴᠢᠮ ᠢᠴᠢᠩᠭᠠᠷᠠᠭᠤᠯᠵᠤ᠂ ᠠᠶᠤᠯ | ᠲᠦᠭᠰᠢᠭᠦᠷᠢ ᠶᠢ ᠡᠵᠡᠮᠳᠡᠵᠦ ᠪᠣᠯᠬᠤ᠂ ᠬᠤᠳᠠᠯᠳᠤᠭᠠᠨ ᠤ ᠦᠢᠯᠡᠰ ᠢ ᠦᠷᠭᠦᠯᠵᠢᠯᠡᠭᠦᠯᠵᠦ ᠪᠣᠯᠬᠤ ᠤᠷᠢᠲᠠᠯ ᠳᠣᠣᠷ᠎ᠠ᠂ | ᠬᠤᠲᠠ ᠪᠠᠯᠭᠠᠰᠤᠨ ᠤ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠬᠦ ᠠᠵᠤ ᠠᠬᠤᠶᠢᠯᠠᠯ ᠪᠣᠯᠣᠨ ᠵᠦᠢᠯᠡᠰ ᠲᠤ | ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠵᠦ ᠪᠠᠶᠢᠨ᠎ᠠ︾ | ᠭᠡᠵᠦ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃ | ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠴᠤ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠨᠡᠶᠢᠭᠡᠮᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠥᠭᠡᠷᠡᠴᠢᠯᠡᠯᠲᠡ ᠳᠤ ᠣᠷᠣᠯᠴᠠᠭᠤᠯᠵᠤ᠂ ᠬᠡᠨ ᠪᠡᠯᠡ ᠣᠷᠣᠭᠤᠯᠪᠠᠯ ᠬᠡᠨ ᠠᠰᠢᠭ ᠬᠦᠷᠳᠡᠬᠦ | ᠵᠠᠷᠴᠢᠮ ᠢᠶᠠᠷ᠂ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠡᠷᠬᠢᠯᠡᠵᠦ᠂ ᠪᠣᠳᠠᠲᠠᠢ ᠪᠠᠷ ᠡᠷᠬᠢᠯᠡᠨ᠎ᠡ᠃ | ︽ᠲᠠᠷᠠᠭᠠᠴᠢ ᠶᠢᠨ ᠠᠯᠬᠤᠮ ᠳᠤ᠂ ᠪᠢᠳᠡ ᠨᠡᠶᠢᠭᠡᠮ ᠤᠨ ᠬᠦᠴᠦᠨ ᠢ ᠲᠠᠲᠠᠬᠤ ᠵᠠᠷ ᠮᠡᠳᠡᠭᠡ ᠲᠠᠯᠪᠢᠬᠤ᠂ ᠴᠠᠬᠢᠯᠭᠠᠨ | ᠴᠡᠨᠡᠭᠯᠡᠬᠦ ᠲᠥᠬᠦᠭᠡᠷᠦᠮᠵᠢ ᠪᠠᠶᠢᠭᠤᠯᠬᠤ᠂ ᠣᠶᠤᠨᠲᠤ ᠲᠦᠷᠭᠡᠨ ᠬᠦᠷᠭᠡᠯᠲᠡ ᠶᠢᠨ ᠠᠪᠳᠠᠷ᠎ᠠ ᠲᠠᠯᠪᠢᠬᠤ ᠵᠡᠷᠭᠡ ᠠᠷᠭ᠎ᠠ | ᠮᠠᠶ᠋ᠢᠭ ᠢᠶᠠᠷ ᠥᠭᠡᠷᠡᠴᠢᠯᠡᠯᠲᠡ ᠳᠤ ᠣᠷᠣᠯᠴᠠᠭᠤᠯᠵᠤ᠂ ᠬᠤᠲᠠ ᠪᠠᠯᠭᠠᠰᠤ ᠶᠢᠨ ᠬᠠᠭᠤᠴᠢᠨ ᠪᠠᠭ᠎ᠠ ᠲᠣᠭᠤᠷᠢᠭ ᠢ | ᠥᠭᠡᠷᠡᠴᠢᠯᠡᠬᠦ ᠲᠥᠷᠥᠯ ᠵᠦᠢᠯ ᠢ ︿ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ + ᠵᠢᠷᠤᠭ ᠲᠥᠯᠥᠪᠯᠡᠭᠡ + | ᠥᠭᠡᠷᠡᠴᠢᠯᠡᠯᠲᠡ + ᠡᠵᠡᠩᠨᠡᠯᠲᠡ + ᠠᠳᠠᠯ ᠠᠬᠤᠢ﹀ ᠶᠢᠨ ᠪᠥᠬᠦ ᠶᠠᠪᠤᠴᠠ ᠶᠢ ᠨᠢᠭᠡ ᠴᠣᠭᠴᠠᠵᠢᠭᠤᠯᠤᠭᠰᠠᠨ | ᠰᠢᠰᠲ᠋ᠧᠮᠳᠦ ᠦᠢᠯᠡᠴᠢᠯᠡᠭᠡ ᠬᠠᠩᠭᠠᠬᠤ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠴᠢᠯᠡᠭᠡ ᠬᠡᠷᠡᠭᠵᠢᠭᠦᠯᠬᠦ ᠶᠢ | ᠵᠣᠷᠢᠭᠵᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨᠶᠠᠷᠢᠵᠠᠢ᠃ |