ᠤᠯᠤᠰ ᠤᠨ ᠬᠠᠮᠠᠭᠠᠯᠠᠯᠲᠠ ᠶᠢᠨ ᠠᠮᠢᠲᠠᠨ ᠰᠢᠷᠠᠬᠬᠳᠠᠵᠦ᠂ ᠠᠷᠠᠳ ᠤᠨ ᠴᠠᠭᠳᠠᠭ᠎ᠠ ᠲᠤᠰᠠᠯᠠᠮᠵᠢ ᠦᠭᠪᠡ
ᠨᠡᠶᠢᠲᠡᠯᠡᠭᠰᠡᠨ ᠴᠠᠭ᠄
2023/10/8
        ᠣᠶᠢᠷ᠎ᠠ ᠳᠤ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠠᠶᠠᠨᠲᠣᠮᠢᠯᠠᠭᠰᠠᠨ ᠰᠠᠯᠪᠤᠷᠢ ᠬᠠᠷᠢᠶᠠᠨ ᠤ ᠨᠢᠭᠡᠨ ᠪᠠᠶᠢᠭᠤᠯᠤᠯᠭ᠎ᠠ ᠶᠢᠨ ᠴᠠᠭᠳᠠᠭ᠎ᠠ ᠳᠤ ᠮᠡᠳᠡᠭᠦᠯᠦᠭᠰᠡᠨ ᠢᠶᠠᠷ᠂ ᠬᠦᠷᠢᠶᠡᠨ ᠳᠤ ᠨᠢᠭᠡᠨ ᠰᠢᠷᠬᠠᠲᠤᠭᠰᠠᠨ ᠪᠢᠴᠢᠬᠠᠨ ᠰᠢᠪᠠᠭᠤ ᠪᠠᠶᠢᠬᠤ ᠶᠢ ᠣᠯᠵᠤ ᠮᠠᠲᠠᠵᠠᠢ᠃ ᠮᠡᠳᠡᠭᠡ ᠣᠯᠣᠭᠰᠠᠨ ᠤ ᠳᠠᠷᠠᠭ᠎ᠠ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠠᠶ ᠳᠤ ᠬᠦᠷᠪᠡ᠃
      ᠠᠵᠢᠭᠯᠠᠭᠰᠠᠨ ᠢᠶᠠᠷ᠂ ᠠᠷᠠᠳ ᠤᠨ ᠴᠠᠭᠳᠠᠭ᠎ᠠ ᠡᠨᠡ ᠰᠢᠪᠠᠭᠤ ᠰᠢᠷᠬᠠᠲᠤᠭᠰᠠᠨ ᠪᠠᠶᠢᠬᠤ ᠶᠢ ᠣᠯᠵᠤ ᠮᠠᠲᠠᠵᠠᠢ ᠂ ᠬᠤᠶᠠᠳᠠᠭᠢ ᠤᠳᠠᠭᠠᠨ ᠤ ᠰᠢᠷᠬᠠᠲᠤᠯ ᠠᠴᠠ ᠰᠡᠷᠭᠡᠶᠢᠯᠡᠬᠦ ᠶᠢᠨ ᠲᠥᠯᠥᠭᠡ᠂ ᠠᠷᠠᠳ ᠤᠨ ᠴᠠᠭᠳᠠᠭ᠎ᠠ ᠲᠡᠭᠦᠨ ᠢ ᠴᠠᠭᠠᠰᠤᠨ ᠬᠠᠶᠢᠷᠴᠠᠭ ᠲᠤ  ᠬᠢᠵᠦ ᠬᠥᠬᠡᠬᠤᠲᠠ ᠶᠢᠨ ᠠᠮᠢᠲᠠᠨ ᠤ ᠬᠦᠷᠢᠶᠡᠯᠡᠩ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠲᠠᠢ ᠬᠠᠷᠢᠯᠴᠠᠭᠰᠠᠨ ᠪᠠᠶᠢᠨ᠎ᠠ᠃ ᠲᠤᠰ ᠰᠢᠪᠠᠭᠤ ᠪᠣᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ ᠪᠢᠯᠵᠤᠤᠬᠠᠢ ᠮᠥᠨ᠂ ᠬᠠᠷᠴᠠᠭᠠᠢ   ᠶᠢᠨ ᠲᠥᠷᠥᠯ ᠤᠨ ᠳᠣᠭᠰᠢᠨ ᠵᠢᠭᠦᠷᠲᠡᠨ᠂ ᠪᠢᠯᠵᠤᠤᠬᠠᠢ ᠶᠢᠨ ᠪᠠᠭ ᠤᠨ ᠪᠢᠴᠢᠬᠠᠨ ᠰᠢᠪᠠᠭᠤ᠂ ᠰᠢᠪᠠᠵᠢ ᠪᠠ ᠬᠤᠯᠤᠭᠠᠨ᠎ᠠ   ᠶᠢᠨ ᠲᠥᠷᠥᠯ   ᠢ ᠪᠠᠷᠢᠵᠤ ᠢᠳᠡᠳᠡᠭ᠃       ᠣᠳᠣᠬᠠᠨ ᠳᠤ᠂ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠠᠴᠠ ᠰᠢᠷᠬᠠᠲᠤᠭᠰᠠᠨ ᠰᠢᠪᠠᠭᠤᠳ ᠢ ᠢᠳᠡᠪᠬᠢᠲᠡᠢ ᠲᠡᠵᠢᠭᠡᠬᠦ ᠪᠠ ᠠᠪᠤᠷᠠᠨ᠂ ᠲᠡᠭᠦᠨ ᠤ ᠡᠷᠡᠭᠦᠯᠵᠢᠨ᠂ ᠨᠢᠰᠬᠡᠬᠦ ᠨᠥᠬᠦᠴᠡᠯ ᠳᠤ ᠭᠦᠷᠦᠭᠰᠡᠨ ᠤ ᠳᠠᠷᠠᠭ᠎ᠠ ᠪᠠᠶᠢᠭᠠᠯᠢ ᠳᠤ ᠲᠠᠯᠪᠢᠵᠤ ᠥᠭᠭᠦᠨ᠎ᠡ᠃       ᠢᠷᠡᠯᠲᠡ᠄  ᠰᠠᠶᠢᠬᠠᠨ ᠲᠣᠭᠤᠷᠢᠭ ᠤᠨ  ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号