ᠬᠥᠬᠡᠬᠤᠲᠠ ᠶᠢᠨ ᠰᠠᠶᠢᠬᠠᠨ ᠲᠣᠭᠤᠷᠢᠭ ᠲᠤ᠄  ᠮᠣᠲ᠋ᠣᠷ ᠲᠡᠷᠭᠡᠨ ᠤ ᠨᠠᠶᠢᠷ᠂ ᠢᠳᠡ ᠬᠦᠭ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/10/8
     10 ᠰᠠᠷ᠎ᠠ ᠶᠢᠨ 5 ᠤ ᠦᠳᠡ ᠶᠢᠨ ᠡᠮᠦᠨ᠎ᠡ᠂ ᠬᠥᠬᠡᠬᠤᠲᠠ ᠶᠢᠨ ᠠᠩᠬᠠᠳᠤᠭᠠᠷ ᠬᠤᠭᠤᠴᠠᠭᠠᠨ ᠤ  ᠮᠣᠲ᠋ᠣᠷ ᠲᠡᠷᠭᠡᠨ ᠤ ᠨᠠᠶᠢᠷ᠂ ᠰᠠᠶᠢᠬᠠᠨ ᠲᠣᠭᠤᠷᠢᠭ ᠤᠨ ᠶᠡᠭᠡ ᠲᠦᠷᠭᠡᠨ ᠭᠤᠣᠯ  ᠮᠣᠲ᠋ᠣᠷ ᠲᠡᠷᠭᠡᠨ ᠤ ᠴᠡᠴᠡᠷᠯᠢᠭ ᠲᠤ ᠶᠠᠪᠤᠭᠳᠠᠪᠠ᠃  
          ᠲᠣᠰ ᠬᠤᠭᠤᠴᠠᠭᠠᠨ ᠤ ᠮᠣᠲ᠋ᠣᠷ ᠲᠡᠷᠭᠡᠨ ᠤ ᠤᠷᠠᠨ ᠰᠠᠶᠢᠬᠠᠨ ᠤ ᠠᠵᠢᠯᠯᠠᠭ᠎ᠠ ᠶᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠵᠠᠩ ᠶᠢᠨ ᠵᠧᠩ ᠶᠢᠤ ᠵᠢᠭᠤᠯᠴᠢᠯᠠᠯ ᠤᠨ ᠰᠣᠶᠣᠯ ᠤᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠪᠡ᠃ ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ 10 ᠠᠶᠢᠮᠠᠭ ᠬᠤᠲᠠ ᠶᠢᠨ 150 ᠮᠣᠲ᠋ᠣᠷ ᠲᠡᠷᠭᠡᠨ ᠤ ᠮᠣᠷᠢᠲᠠᠨ ᠠᠳᠡ ᠴᠤᠭᠯᠠᠷᠠᠪᠠ᠃    
     ᠠᠵᠢᠯᠯᠠᠭ᠎ᠠ ᠳᠤ ᠪᠠᠰᠠ ᠤᠯᠠᠭᠠᠨᠮᠥ᠋ᠴᠢᠷ ᠤᠨ ᠲᠠᠶᠢᠰᠠᠨ ᠤ ᠲᠣᠭᠯᠠᠯᠲᠠ᠂ ᠮᠣᠷᠢᠲᠤ ᠪᠠᠭᠠᠲᠤᠷ ᠤᠨ ᠲᠣᠭᠯᠠᠭᠠᠮ ᠤᠨ ᠤᠷᠤᠯᠳᠤᠭᠠᠨ᠂ ᠪᠡᠯᠡᠳᠬᠡᠯ ᠠᠪᠳᠠᠷ᠎ᠠ ᠶᠢᠨ ᠣᠨᠴᠠᠯᠢᠭᠲᠤ ᠲᠠᠸᠠᠷ ᠤᠨ ᠦᠵᠡᠭᠦᠯᠦᠯᠭᠡ᠂ ᠭᠠᠳᠠᠨ᠎ᠠ ᠬᠡᠭᠡᠷ᠎ᠡ ᠪᠠᠭᠤᠳᠠᠯᠯᠠᠵᠤ ᠰᠢᠷᠠᠵᠤ ᠬᠠᠭᠰᠠᠭᠠᠬᠤ ᠵᠡᠷᠭᠡ ᠭᠤᠭᠴᠤᠭ᠎ᠠ ᠶᠢ ᠪᠠᠭᠲᠠᠭᠠᠵᠤ᠂ ᠵᠤᠭᠠᠴᠠᠭᠰᠠᠳ ᠲᠠᠢ ᠬᠠᠮᠲᠤ ᠨᠢᠭᠡ ᠤᠳᠠᠭᠠᠨ ᠤ ᠮᠣᠲ᠋ᠣᠷ ᠲᠡᠷᠭᠡ ᠪᠣᠯᠣᠨ ᠮᠣᠷᠢᠲᠤ ᠴᠡᠷᠢᠭ᠂ ᠪᠥᠵᠢᠭ ᠪᠣᠯᠣᠨ ᠳᠠᠭᠤᠤ ᠬᠥᠭᠵᠢᠮ᠂ ᠰᠣᠶᠣᠯ ᠪᠣᠯᠣᠨ ᠵᠤᠭᠠᠴᠠᠯ ᠤᠨ ᠨᠠᠮᠤᠷ ᠤᠨ ᠦᠪᠡᠳᠡᠭᠰᠢ ᠳᠠᠶᠢᠯᠠᠯᠭ᠎ᠠ ᠳᠤ ᠣᠷᠣᠯᠴᠠᠭᠰᠠᠨ ᠪᠠᠶᠢᠨ᠎ᠠ᠃
         ᠣᠶᠢᠷ᠎ᠠ ᠶᠢᠨ ᠵᠢᠯ ᠠᠴᠠ᠂ ᠰᠠᠶᠢᠬᠠᠨ ᠲᠣᠭᠤᠷᠢᠭ ︽ᠲᠠᠪᠤᠨ ᠲᠣᠬᠢᠷᠠᠮᠵᠢᠲᠠᠢ︾ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠶᠡᠭᠡ ᠲᠦᠷᠭᠡᠨ ᠭᠤᠣᠯ ᠤᠨ ᠠᠮᠢ ᠠᠬᠤᠢ ᠶᠢ ᠰᠡᠷᠭᠦᠭᠡᠬᠦ ᠡᠬᠢ ᠪᠠᠶᠠᠯᠢᠭ ᠪᠣᠯᠣᠨ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠵᠤ᠂ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠬᠦᠴᠦᠯᠡᠨ ᠪᠠᠶᠢᠭᠤᠯᠵᠤ᠂ ᠮᠠᠨ ᠤ ᠬᠤᠳᠠ ᠶᠢᠨ ᠰᠣᠶᠣᠯ ᠢᠷᠭᠡᠨᠰᠢᠯ ᠤᠨ ᠵᠠᠩ ᠦᠢᠯᠡ᠂ ᠬᠤᠳᠠ ᠶᠢᠨ ᠣᠷᠴᠢᠨ ᠲᠣᠭᠤᠷᠢᠨ ᠪᠣᠯᠣᠨ ᠨᠡᠭᠡᠭᠡᠯᠲᠡᠲᠡᠢ ᠪᠠᠭᠲᠠᠭᠠᠮᠵᠢᠲᠠᠢ ᠰᠢᠨ᠎ᠡ ᠬᠡᠪ ᠨᠠᠮᠪᠠ ᠶᠢᠨ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠪᠠ᠃ ᠲᠤᠰ ᠤᠳᠠᠭ᠎ᠠ ᠶᠢᠨ ᠡᠷᠬᠢᠯᠡᠭᠰᠡᠨ ᠮᠣᠲ᠋ᠣᠷ ᠲᠡᠷᠭᠡᠨ ᠤ ᠰᠠᠶᠢᠨ ᠰᠠᠶᠢᠬᠠᠨ ᠴᠠᠭ ᠦᠶ᠎ᠡ ᠳᠤ᠂ ᠡᠯ᠎ᠡ ᠵᠦᠢᠯ ᠤᠨ ᠢᠯᠡ ᠲᠣᠳᠣ ᠣᠨᠴᠠᠯᠢᠭ ᠲᠠᠢ᠂ ᠮᠣᠲ᠋ᠣᠷ ᠲᠡᠷᠭᠡᠨ ᠤ ᠰᠣᠶᠣᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠰᠠᠶᠢᠬᠠᠨ ᠰᠣᠶᠣᠯ ᠢᠷᠭᠡᠨᠰᠢᠯ ᠤᠨ ᠦᠵᠡᠮᠵᠢ᠂ ᠬᠤᠳᠠ ᠶᠢᠨ ᠰᠣᠶᠣᠯ ᠤᠨ ᠳᠦᠷᠢ ᠲᠥᠷᠬᠦ ᠪᠣᠯᠣᠨ ᠰᠢᠨ᠎ᠡ ᠦᠢᠯᠡᠳᠬᠦᠨ ᠤ ᠮᠣᠲ᠋ᠣᠷ ᠲᠡᠷᠭᠡ ᠶᠢ ᠳᠡᠯᠭᠡᠨ ᠦᠵᠡᠭᠦᠯᠬᠦ ᠭᠦᠶᠦᠯᠭᠡᠨ ᠦᠵᠡᠬᠦ ᠲᠠᠪᠴᠠᠩ ᠢ ᠪᠠᠶᠢᠭᠤᠯᠵᠤ᠂ ᠬᠥᠮᠥᠰ ᠤᠨ ᠬᠦᠷᠢᠶᠡᠯᠡᠯ ᠢ ᠨᠢᠭᠲᠠᠷᠠᠭᠤᠯᠬᠤ᠂ ᠠᠵᠤ ᠠᠬᠤᠢ ᠶᠢ ᠳᠠᠶᠢᠴᠢᠯᠠᠬᠤ ᠰᠠᠭᠤᠷᠢᠨ ᠳᠡᠭᠡᠷ᠎ᠡ᠂ ᠬᠤᠳᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠢᠨ᠎ᠡ ᠤᠷᠤᠰᠬᠠᠯ ᠤᠨ ᠰᠣᠶᠣᠯ ᠤᠨ ᠲᠦᠷᠦᠯ ᠲᠡᠮᠳᠡᠭ ᠢ ᠡᠭᠦᠳᠬᠦ ᠪᠣᠯᠣᠨ᠎ᠠ᠃
     ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ︽ᠵᠤᠭᠠᠴᠠᠯ + ᠪᠡᠶ᠎ᠡ ᠶᠢᠨ ᠲᠠᠮᠢᠷ︾ ᠤᠨ ᠵᠠᠭᠪᠤᠷ ᠤᠨ ᠲᠣᠭᠤᠷᠢᠨ ᠳᠤ᠂ ᠳᠦᠷᠰᠦ ᠪᠠᠶᠢᠳᠠᠯ ᠪᠣᠯᠣᠨ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠮᠣᠲ᠋ᠣᠷ ᠲᠡᠷᠭᠡᠨ ᠤ ᠵᠤᠭᠠᠴᠠᠯ ᠤᠨ ᠰᠣᠶᠣᠯ᠂ ᠪᠡᠶ᠎ᠡ ᠵᠢᠨ‌‍ᠲ᠋ᠠᠮᠢᠷ ‍ᠤᠨ‌ᠠᠵᠤ ᠦᠢᠯᠡᠰ ᠪᠣᠯᠣᠨ‌‍ᠰᠣᠶᠣᠯ ᠵᠤᠭᠠᠴᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠤᠮᠳᠠᠳᠤ ᠤᠯᠤᠰ ᠤᠨ ᠤᠮᠠᠷᠠᠲᠤ ᠬᠡᠰᠡᠭ ᠤᠨ ᠮᠣᠲ᠋ᠣᠷ ᠲᠡᠷᠭᠡᠨ ᠤ ᠵᠤᠭᠠᠴᠠᠯ ᠤᠨ ᠴᠢᠬᠤᠯᠠ ᠬᠠᠷᠠᠯᠲᠠᠲᠤ ᠣᠷᠣᠨ ᠢ ᠴᠣᠭᠴᠠᠯᠠᠵᠤ᠂ ᠬᠥᠭᠵᠢᠯ ᠦᠭᠡᠢ ᠤᠯᠠᠷᠢᠯ ᠤᠨ ᠵᠤᠭᠠᠴᠠᠯ ᠤᠨ ᠵᠠᠬ᠎ᠠ ᠳᠡᠯᠭᠡᠭᠦᠷ ᠤᠨ ᠪᠤᠶᠢᠵᠢᠯᠲᠠ ᠶᠢ ᠴᠢᠨᠠᠭᠰᠢᠳᠠ ᠰᠠᠶᠢᠲᠤᠷ ᠬᠢᠵᠦ᠂ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号