ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ  ᠥᠪᠡᠷᠲᠡᠭᠡᠨ ᠵᠠᠰᠠᠬᠤ ᠣᠷᠣᠨ᠂ ᠬᠤᠲᠠ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠵᠥᠩ ᠬᠤᠸᠠᠨ ᠠᠵᠤ ᠦᠢᠯᠡᠰ ᠤᠨ  ᠬᠦᠷᠢᠶᠡᠯᠡᠩ ᠳᠤ ᠬᠦᠷᠴᠦ ᠬᠠᠮᠲᠤ ᠪᠠᠷ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/10/8
       ︵ᠰᠤᠷᠪᠤᠯᠵᠢᠯᠠᠭᠴᠢ ᠭᠧᠩ ᠰᠢᠨ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠭᠦᠢᠴᠡᠳᠬᠡᠵᠦ᠂ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠲᠠᠯᠪᠢᠬᠤ ᠡᠭᠦᠷᠭᠡ ᠲᠤᠰᠢᠶᠠᠯ ᠤᠨ  ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 8 ᠤ ᠡᠳᠦᠷ᠂ ᠬᠤᠳᠠ ᠶᠢᠨ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ  ᠂ ᠬᠤᠳᠠ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ  ᠪᠠᠶᠢᠭᠤᠯᠵᠤ ᠵᠦᠩ ᠬᠤᠸᠠᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠬᠠᠮᠲᠤ ᠪᠠᠷ ᠰᠢᠨᠵᠢᠯᠡᠨ ᠪᠠᠶᠢᠴᠠᠭᠠᠵᠤ᠂  ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠥᠷᠨᠢᠭᠦᠨ ᠬᠦᠴᠦᠨ ᠢ ᠲᠤᠬᠠᠢ ᠶᠢᠨ ᠭᠠᠵᠠᠷ ᠲᠤᠨᠢ  ᠣᠶᠢᠯᠠᠭᠠᠪᠠ᠃            ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠳᠤ᠂ ᠲᠥᠯᠥᠭᠡᠯᠡᠭᠴᠢᠳ ᠲᠤᠬᠠᠢ ᠶᠢᠨ ᠲᠠᠯᠠᠪᠠᠢ ᠳᠤ  ᠶᠡᠷᠦᠩᠬᠡᠢ ᠱᠦᠵᠢ ᠰᠢ ᠶᠢᠨ ᠫᠢᠩ ᠤᠨ ᠵᠦᠩ ᠬᠤᠸᠠᠨ ᠠᠵᠤ ᠦᠢᠯᠡᠰ ᠤᠨ ᠬᠦᠷᠢᠶᠡᠯᠡᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠸᠢᠳᠢᠤ᠋ ᠮᠠᠲ᠋ᠧᠷᠢᠶᠠᠯ ᠢ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠵᠦᠩ ᠬᠤᠸᠠᠨ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ᠂ ᠦᠢᠯᠡᠳᠪᠦᠷᠢᠯᠡᠯ ᠤᠨ ᠤᠷᠠᠯᠠᠯ᠂ ᠬᠠᠭᠠᠰ ᠳᠠᠮᠵᠢᠭᠤᠯᠤᠭᠴᠢ ᠪᠣᠯᠣᠨ ᠭᠡᠷᠡᠯ ᠴᠡᠨᠡᠭ ᠤᠨ  ᠮᠠᠲ᠋ᠧᠷᠢᠶᠠᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠭᠰᠡᠨ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠠᠯᠠᠰᠲᠤ ᠲᠠᠪᠤᠳᠤᠭᠠᠷ ᠬᠤᠭᠤᠴᠠᠭᠠᠨ ᠤ ᠦᠢᠯᠡᠳᠪᠦᠷᠢ᠂ ᠬᠠᠭᠠᠰ ᠳᠠᠮᠵᠢᠭᠤᠯᠤᠭᠴᠢ ᠶᠢᠨ ᠬᠤᠶᠠᠳᠤᠭᠠᠷ ᠬᠤᠭᠤᠴᠠᠭᠠᠨ ᠤ ᠦᠢᠯᠡᠳᠪᠦᠷᠢ᠂ ᠲᠠᠯᠠᠰᠲᠤ ᠢᠯᠲᠠᠰᠤ ᠶᠢᠨ ᠦᠢᠯᠡᠳᠪᠦᠷᠢ ᠶᠢ ᠲᠣᠭᠤᠷᠢᠨ ᠦᠵᠡᠪᠡ᠃            ᠰᠢᠨᠵᠢᠯᠡᠨ ᠪᠠᠶᠢᠴᠠᠭᠠᠯᠲᠠ ᠶᠢᠨ ᠳᠠᠷᠠᠭ᠎ᠠ᠂ ᠲᠥᠯᠥᠭᠡᠯᠡᠭᠴᠢᠳ ᠵᠦᠩ ᠬᠤᠸᠠᠨ ᠠᠵᠤ ᠦᠢᠯᠡᠰ ᠤᠨ  ᠬᠦᠷᠢᠶᠡᠯᠡᠩ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠬᠤ ᠳᠤᠮᠳᠠ ᠣᠯᠣᠭᠰᠠᠨ‌ᠡᠯᠪᠡᠭ ᠪᠠᠶᠠᠯᠢᠭ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ  ᠨᠤᠲᠠᠯᠠᠵᠤ᠂ ᠬᠤᠶᠢᠰᠢᠳᠠ ᠴᠠᠭ ᠢᠮᠠᠭᠲᠠ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ  ᠬᠠᠮᠠᠭᠠᠯᠠᠬᠤ︾ ᠶᠢ ᠪᠡᠶᠡᠯᠡᠭᠦᠯᠬᠦ ᠥᠨᠳᠥᠷ ᠲᠤ ᠵᠣᠭᠰᠣᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ  ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ︽ᠠᠵᠤ  ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠬᠦ︾ ᠴᠢᠬᠤᠯᠠ ᠱᠠᠭᠠᠷᠳᠠᠯᠭ᠎ᠠ ᠶᠢ ᠣᠨᠣᠪᠴᠢᠲᠠᠶ  ᠡᠵᠡᠮᠰᠢᠵᠦ᠂ ᠠᠵᠤ ᠠᠬᠤᠢ ᠨᠡᠶᠢᠭᠡᠮ ᠤᠨ ᠰᠢᠨ᠎ᠡ ᠬᠥᠭᠵᠢᠯᠲᠡ ᠰᠢᠨ᠎ᠡ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ  ᠵᠣᠬᠢᠴᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠥᠯᠥᠭᠡᠯᠡᠭᠴᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠲᠥᠪᠯᠡᠷᠡᠭᠦᠯᠵᠦ᠂ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠲᠦᠷᠭᠡᠨ  ᠪᠦᠲᠦᠭᠡᠨ ᠪᠠᠶᠢᠭᠤᠯᠬᠤ ᠳᠤ ᠨᠡᠩ ᠤᠯᠠᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ᠂ ᠠᠰᠠᠭᠤᠳᠠᠯ ᠢ  ᠰᠢᠢᠳᠪᠦᠷᠢᠯᠡᠬᠦ ᠳᠤ ᠲᠤᠰᠠᠲᠠᠢ᠂ ᠬᠥᠭᠵᠢᠯᠲᠡ ᠶᠢ ᠪᠦᠲᠦᠮᠵᠢᠲᠡᠢ ᠠᠬᠢᠭᠤᠯᠬᠤ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠭᠰᠡᠨ ᠦᠷ᠎ᠡ ᠪᠦᠲᠦᠭᠡᠯ ᠢ ᠳᠤᠷᠠᠳᠴᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ  ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ   ᠢᠯᠡᠷᠬᠡᠶᠢᠯᠡᠵᠡᠭᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号