| ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠭᠪᠤᠷ ᠢ ᠬᠤᠪᠢᠷᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠂ | ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ︽ᠡᠴᠦᠰ ᠤᠨ ᠨᠢᠭᠡ ᠮᠧᠲᠷ︾ ᠤᠨ ᠬᠦᠴᠢᠷ ᠠᠰᠠᠭᠤᠳᠠᠯ ᠢ ᠪᠥᠬᠦ | ᠬᠦᠴᠦᠨ ᠢᠶᠠᠷ ᠢᠶᠠᠨ ᠰᠢᠢᠳᠪᠦᠷᠢᠯᠡᠵᠦ᠂ ᠰᠠᠭᠤᠭᠠᠯᠢ ᠠᠷᠠᠳ ᠲᠤ ᠭᠡᠷ ᠠᠴᠠ ᠨᠢ ᠣᠶᠢᠷᠠᠬᠠᠨ ᠥᠨᠳᠥᠷ ᠶᠠᠰᠤ | ᠴᠢᠨᠠᠷ ᠲᠠᠢ ᠡᠮᠴᠢᠯᠡᠭᠡ᠂ ᠡᠷᠡᠭᠦᠯᠵᠢᠯ ᠤᠨ ᠦᠢᠯᠡᠴᠢᠯᠡᠭᠡ ᠶᠢ ᠬᠦᠷᠲᠡᠭᠡᠵᠦ᠂ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ᠂ ᠮᠠᠨ ᠤ | ᠬᠤᠲᠠ ︽ᠬᠥᠬᠡᠬᠤᠲᠠ ᠶᠢᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠡᠷᠡᠭᠵᠢᠭᠦᠯᠬᠦ ᠠᠷᠭ᠎ᠠ︾ ᠶᠢ | ᠳᠠᠷᠤᠮᠠᠯᠯᠠᠨ ᠲᠠᠷᠬᠠᠭᠠᠪᠠ᠂ ᠪᠣᠳᠠᠲᠠᠢ ᠲᠠᠶᠢᠯᠤᠮᠵᠢ ᠨᠢ ᠳᠣᠣᠷᠠᠬᠢ ᠮᠡᠲᠦ᠄ | ᠨᠢᠭᠡ᠂ ᠲᠣᠭᠲᠠᠭᠠᠭᠰᠠᠨ ᠦᠨᠳᠦᠰᠦᠯᠡᠯ | 2022 ᠣᠨ ᠤ 3 ᠳ᠋ᠤᠭᠠᠷ ᠰᠠᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠵᠡᠷᠭᠡ ᠵᠢᠷᠭᠤᠭᠠᠨ ᠶᠠᠮᠤᠨ ᠵᠥᠪᠯᠡᠯ ᠬᠠᠮᠲᠤᠷᠠᠨ ︽ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠤᠯᠤᠰ ᠡᠷᠡᠭᠦᠯ ᠬᠠᠮᠠᠭᠠᠯᠠᠯ ᠦᠨᠳᠦᠰᠦᠨ | ᠱᠠᠲᠤ ᠲᠠᠷᠬᠠᠭᠠᠭᠰᠠᠨ ﹇2022﹈ 10 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠂ ᠡᠨᠡ ᠨᠢ ᠭᠡᠷ ᠪᠦᠯᠢ ᠶᠢᠨ | ᠡᠮᠴᠢ ᠶᠢᠨ ᠭᠡᠷᠡᠲᠦ ᠦᠢᠯᠡᠴᠢᠯᠡᠭᠡ ᠶᠢᠨ ᠠᠵᠢᠯ ᠵᠢᠩᠬᠢᠨᠢ ᠪᠠᠷ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ | ᠤᠯᠤᠰ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠢᠯᠤᠭᠤᠳᠬᠤ ᠰᠠᠨᠠᠯ ᠢ ᠦᠨᠳᠦᠰᠦᠯᠡᠨ᠂ ᠮᠠᠨ ᠤ | ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠶᠡᠷᠦᠩᠬᠡᠢ ᠱᠠᠭᠠᠷᠳᠠᠯᠭ᠎ᠠ᠄ ᠦᠨᠳᠦᠰᠦᠨ ᠵᠠᠷᠴᠢᠮ ᠬᠢᠭᠡᠳ ᠠᠵᠢᠯ ᠤᠨ ᠬᠠᠷᠠᠯᠲᠠ ᠶᠢ ᠪᠠᠭᠲᠠᠭᠠᠨ᠎ᠠ᠂ | ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠢᠳᠡᠪᠬᠢᠲᠡᠢ ᠥᠷᠭᠡᠳᠬᠡᠨ᠂ 2023 ᠣᠨ ᠤ ᠡᠴᠦᠰ ᠲᠤ | ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 40% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ | ᠣᠲᠣ ᠶᠢᠨ ᠪᠠᠶᠢᠭ᠎ᠠ ᠦᠢᠯᠡᠴᠢᠯᠡᠭᠡᠨ ᠤ ᠬᠢᠷᠢ ᠲᠦᠪᠰᠢᠨ ᠤ ᠰᠠᠭᠤᠷᠢᠨ ᠳᠡᠭᠡᠷ᠎ᠡ᠂ ᠪᠥᠬᠦ ᠬᠥᠮᠥᠰ ᠪᠠ | ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠵᠢᠯ ᠪᠦᠷᠢ 3 ︱ 5 | ᠵᠠᠭᠤᠨ ᠤ ᠨᠢᠭᠡᠴᠢ ᠳᠡᠭᠡᠭᠰᠢᠯᠡᠭᠦᠯᠵᠦ᠂ ᠭᠡᠷ ᠪᠦᠯᠢ ᠳᠤ ᠨᠡᠶᠢᠳᠡᠮ ᠪᠦᠷᠬᠦᠭᠦᠯᠬᠦ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ | ︵ᠬᠤᠶᠠᠷ︶ ᠦᠢᠯᠡᠴᠢᠯᠡᠭᠡᠨ ᠤ ᠬᠠᠩᠭᠠᠯᠭ᠎ᠠ ᠳᠤ ᠭᠡᠷ ᠪᠦᠯᠢ ᠶᠢᠨ ᠡᠮᠴᠢ ᠶᠢᠨ ᠪᠦᠷᠢᠯᠳᠦᠭᠦᠨ ᠪᠠ | ᠦᠢᠯᠡᠴᠢᠯᠡᠭᠡᠨ ᠤ ᠲᠦᠷᠦᠯ ᠢᠯᠭᠠᠯ ᠢ ᠪᠠᠭᠲᠠᠭᠠᠨ᠎ᠠ᠃ | ︵ᠭᠤᠷᠪᠠ︶ ᠭᠡᠷᠡᠲᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠳᠤ ᠭᠡᠷ᠎ᠡ ᠲᠣᠭᠲᠠᠬᠤ ᠭᠤᠣᠯ ᠴᠣᠭᠴᠠ ᠨᠢ | ᠡᠯ᠎ᠡ ᠬᠤᠰᠢᠭᠤ ᠰᠢᠶᠠᠨ ᠲᠣᠭᠤᠷᠢᠭ ᠲᠤ ᠬᠠᠷᠢᠶᠠᠯᠠᠭᠳᠠᠬᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠬᠤ ᠶᠢ ᠲᠣᠳᠣᠷᠬᠠᠶᠢᠯᠠᠪᠠ᠃ | ᠭᠡᠷ᠎ᠡ ᠲᠣᠭᠲᠠᠬᠤ ᠰᠠᠭᠤᠭᠠᠯᠢ ᠠᠷᠠᠳ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠣᠷᠣᠨ ᠤ | ᠬᠡᠪᠴᠢᠶᠡᠨ ᠳᠠᠬᠢ ᠪᠠᠶᠢᠩᠭᠤ ᠰᠠᠭᠤᠭ᠎ᠠ ᠰᠠᠭᠤᠭᠠᠯᠢ ᠠᠷᠠᠳ ᠪᠣᠯᠣᠨ᠎ᠠ᠃ | ︵ᠳᠥᠷᠪᠡ︶ ᠡᠮᠴᠢᠯᠡᠭᠡᠨ ᠤ ᠳᠠᠭᠠᠳᠬᠠᠯ ᠨᠢ ᠳᠣᠣᠷᠠᠬᠢ ᠲᠥᠷᠥ ᠶᠢᠨ ᠪᠣᠳᠣᠯᠭ᠎ᠠ ᠪᠠᠷ ᠳᠡᠮᠵᠢᠨ ᠳᠡᠮᠵᠢᠯᠭᠡ | ᠦᠵᠡᠭᠦᠯᠦᠨ᠎ᠡ᠄ | ᠨᠢᠭᠡ ᠳᠤ ᠭᠡᠷ ᠪᠦᠯᠢ ᠶᠢᠨ ᠡᠮᠴᠢ ᠭᠡᠷ᠎ᠡ ᠲᠣᠭᠲᠠᠭᠰᠠᠨ ᠲᠣᠭᠲᠠᠭᠰᠠᠨ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ | ᠲᠥᠯᠥᠪᠯᠡᠬᠦ ᠬᠡᠪᠴᠢᠶᠡᠨ ᠳᠤ ᠣᠷᠣᠭᠤᠯᠤᠨ᠎ᠠ᠃ | ᠬᠤᠶᠠᠷ ᠲᠤ ᠭᠡᠷ᠎ᠡ ᠲᠣᠭᠲᠠᠵᠤ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠴᠢᠯᠡᠭᠡᠨ ᠤ ᠵᠠᠷᠤᠳᠠᠯ ᠢ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ | ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠨ ᠲᠥᠯᠥᠬᠦ ᠬᠡᠪᠴᠢᠶᠡᠨ ᠳᠤ ᠣᠷᠣᠭᠤᠯᠤᠨ᠎ᠠ᠃ ᠡᠬᠢᠯᠡᠵᠦ ᠲᠣᠭᠠᠴᠠᠭ᠎ᠠ | ᠬᠢᠬᠦ ᠱᠤᠭᠤᠮ᠂ ᠲᠠᠩᠰᠠ ᠲᠠᠶᠢᠯᠬᠤ ᠬᠠᠷᠢᠴᠠᠯ ᠢ ᠲᠣᠰ ᠲᠣᠰ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ | ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ | ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ᠂ ᠲᠣᠭᠠᠴᠠᠭ᠎ᠠ ᠬᠢᠬᠦ ᠲᠤᠭ᠎ᠠ ᠶᠢ | ᠬᠠᠷᠠᠭᠠᠯᠵᠠᠭᠰᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠣᠨ ᠤ ᠲᠣᠭᠠᠴᠠᠭ᠎ᠠ | ᠬᠢᠬᠦ ᠬᠠᠮᠤᠭ ᠤᠨ ᠥᠨᠳᠥᠷ ᠬᠢᠵᠠᠭᠠᠷᠯᠠᠭᠰᠠᠨ ᠲᠤᠭ᠎ᠠ ᠳᠤ ᠪᠣᠳᠤᠵᠤ ᠣᠷᠣᠭᠤᠯᠤᠨ᠎ᠠ᠃ | ᠭᠤᠷᠪᠠ ᠳᠤ ᠬᠤᠶᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠴᠢ ᠭᠡᠷ᠎ᠡ ᠲᠣᠭᠲᠠᠭᠰᠠᠨ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠣᠨᠣᠰᠢᠯᠠᠨ ᠪᠠᠶᠢᠴᠠᠭᠠᠬᠤ | ᠵᠠᠷᠤᠳᠠᠯ ᠤᠨ ᠪᠠᠷᠢᠮᠵᠢᠶ᠎ᠠ ᠶᠢ ᠲᠣᠮᠢᠯᠠᠭᠰᠠᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ ︵ᠣᠨᠴᠠ ᠬᠡᠷᠡᠭᠴᠡᠭᠡᠨ ᠤ ᠲᠥᠷᠥᠯ ᠪᠠᠭᠲᠠᠬᠤ ᠦᠭᠡᠢ︶᠃ | ᠳᠥᠷᠪᠡ ᠳᠤ᠂ ᠮᠠᠨ ᠤ ᠬᠤᠲᠠ ᠶᠢᠨ 11 ᠵᠦᠢᠯ ᠤᠨ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ | ᠵᠠᠷᠤᠳᠠᠯ ᠤᠨᠲ᠋ᠣᠭᠲᠠᠭᠰᠠᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠡᠮ | ᠡᠮᠨᠡᠯᠭᠡ ᠵᠢᠨᠲ᠋ᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠤᠤᠯ ᠤᠨ 80% ᠪᠠᠶᠢᠭᠰᠠᠨ ᠠᠴᠠ100% | ᠪᠣᠯᠭᠠᠨ ᠲᠣᠬᠢᠷᠠᠭᠤᠯᠵᠤ᠂ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠃ | ᠲᠠᠪᠤ ᠳᠤ ᠲᠣᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠨᠳᠦᠰᠦᠨ ᠡᠮᠴᠢᠯᠡᠭᠡᠨ ᠤ ᠳᠠᠭᠠᠳᠬᠠᠯ ᠤᠨ ︽ᠡᠮ ᠤᠨ ᠵᠦᠢᠯ ᠤᠨ ᠭᠠᠷᠴᠠᠭ︾ ᠤᠨ ᠡᠮ ᠪᠡᠯᠡᠳᠬᠡᠬᠦ ᠨᠣᠷᠮ᠎ᠠ ᠶᠢ | ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢ ᠵᠣᠬᠢᠴᠠᠭᠤᠯᠵᠤ ᠪᠠᠶᠢᠭᠠᠳ ᠲᠣᠭᠲᠠᠭᠰᠠᠨ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠰᠤᠳᠤᠯᠤᠯ ᠡᠭᠦᠳᠡᠨ ᠡᠮᠨᠡᠯᠭᠡ ᠶᠢᠨ | ᠣᠨᠣᠰᠢᠯᠠᠨ ᠪᠠᠶᠢᠴᠠᠭᠠᠬᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠲᠥᠯᠥᠬᠦ ᠬᠡᠪᠴᠢᠶᠡᠨ ᠳᠤ ᠣᠷᠣᠭᠤᠯᠬᠤ ᠶᠢ | ᠠᠬᠢᠭᠤᠯᠤᠨ᠎ᠠ᠃ | ᠵᠢᠷᠭᠤᠭ᠎ᠠ ᠳᠤ ᠣᠨᠣᠰᠢᠯᠠᠯᠲᠠ ᠨᠢ ᠲᠣᠳᠣᠷᠬᠠᠢ᠂ ᠡᠪᠡᠳᠴᠢᠨ ᠤ ᠪᠠᠶᠢᠳᠠᠯ ᠨᠢ ᠲᠣᠭᠲᠠᠪᠤᠷᠢᠲᠠᠢ᠂ ᠡᠮᠴᠢ | ᠰᠤᠪᠢᠯᠠᠭᠴᠢ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠡᠮᠴᠢᠯᠡᠭᠡ ᠪᠠ ᠰᠤᠪᠢᠯᠠᠯᠲᠠ ᠬᠢᠬᠦ ᠳᠤ | ᠲᠣᠬᠢᠷᠠᠬᠤ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠭᠡᠷ ᠪᠦᠯᠢ ᠶᠢᠨ ᠡᠪᠡᠳᠴᠢᠲᠡᠨ ᠤ ᠣᠷᠣ ᠶᠢᠨ ᠡᠮᠴᠢᠯᠡᠭᠡᠨ ᠤ | ᠳᠠᠭᠠᠳᠬᠠᠯ ᠤᠨ ᠲᠡᠰᠦᠯᠦᠨ ᠪᠣᠳᠣᠯᠲᠠ ᠬᠢᠬᠦ ᠶᠢ ᠰᠦᠪᠡᠭᠴᠢᠯᠡᠨᠥᠷᠨᠢᠭᠦᠯᠦᠨᠡ᠃ | ︵ᠲᠠᠪᠤ︶ ᠭᠡᠷᠡᠲᠦ ᠦᠢᠯᠡᠴᠢᠯᠡᠭᠡᠨ ᠤ ᠰᠦᠢᠳᠬᠡᠯ ᠢ ᠲᠥᠯᠥᠬᠦ ᠡᠲᠡᠭᠡᠳ ᠵᠢᠴᠢ ᠪᠠᠷᠢᠮᠵᠢᠶ᠎ᠠ᠃ ᠨᠢᠭᠡ ᠳᠤ ᠭᠡᠷᠡᠲᠦ | ᠦᠢᠯᠡᠴᠢᠯᠡᠭᠡᠨ ᠤ ᠰᠦᠢᠳᠬᠡᠯ ᠢ ᠲᠥᠯᠥᠬᠦ ᠡᠲᠡᠭᠡᠳ ᠪᠣᠯ ᠬᠥᠬᠡᠬᠤᠲᠠ ᠶᠢᠨ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠭᠡᠷ᠎ᠡ ᠲᠣᠭᠲᠠᠭᠰᠠᠨ ᠰᠠᠭᠤᠭᠠᠯᠢ ᠠᠷᠠᠳ ᠪᠣᠯᠣᠨ᠎ᠠ᠃ ᠬᠤᠶᠠᠷ ᠲᠤ ᠭᠡᠷᠡᠲᠦ | ᠦᠢᠯᠡᠴᠢᠯᠡᠭᠡᠨ ᠤ ᠰᠦᠢᠳᠬᠡᠯ ᠢ ᠲᠥᠯᠥᠬᠦ ᠡᠲᠡᠭᠡᠳ ᠤᠨ ᠶᠣᠰᠣᠭᠠᠷ᠂ ᠭᠤᠣᠯᠳᠠᠯᠭ᠎ᠠ ᠲᠠᠢ ᠪᠤᠰᠤ ᠬᠥᠮᠥᠰ ᠬᠥᠮᠥᠨ | ᠪᠦᠷᠢ ᠵᠢᠯ ᠳᠤ 55 ᠲᠥᠭᠦᠷᠢᠭ ᠥᠭᠭᠦᠨ᠎ᠡ᠂ ᠡᠭᠦᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ 20 | ᠲᠥᠭᠦᠷᠢᠭ ᠥᠭᠭᠦᠨ᠎ᠡ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠠᠴᠠ | 30 ᠲᠥᠭᠦᠷᠢᠭ ᠥᠭᠭᠦᠨ᠎ᠡ᠂ ᠭᠡᠷ᠎ᠡ ᠲᠣᠭᠲᠠᠭᠰᠠᠨ ᠰᠠᠭᠤᠭᠠᠯᠢ ᠠᠷᠠᠳ 5 5ᠲᠥᠭᠦᠷᠢᠭ ᠥᠭᠭᠦᠨ᠎ᠡ︔ | ᠭᠤᠣᠯᠳᠠᠯᠭ᠎ᠠ ᠲᠠᠢ ᠬᠥᠮᠥᠰ ᠬᠥᠮᠥᠨ ᠪᠦᠷᠢ ᠵᠢᠯ ᠳᠤ 150 ᠲᠥᠭᠦᠷᠢᠭ ᠥᠭᠭᠦᠨ᠎ᠡ᠂ ᠡᠭᠦᠨ ᠳᠤ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠠᠴᠠ 110 ᠲᠥᠭᠦᠷᠢᠭ ᠥᠭᠴᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠠᠴᠠ 30 ᠲᠥᠭᠦᠷᠢᠭ ᠥᠭᠴᠦ᠂ ᠭᠡᠷ᠎ᠡ ᠲᠣᠭᠲᠠᠭᠰᠠᠨ ᠰᠠᠭᠤᠭᠠᠯᠢ | ᠠᠷᠠᠳ 10 ᠲᠥᠭᠦᠷᠢᠭ ᠥᠭᠭᠦᠨ᠎ᠡ᠃ ᠡᠬᠢᠯᠡᠭᠦᠯᠦᠭᠰᠡᠨ ᠡᠮᠦᠨᠡᠬᠢ ᠭᠤᠷᠪᠠᠨ ᠵᠢᠯ ︵2023 ᠣᠨ ︱ 2025 ᠣᠨ︶ | ᠳᠤ ᠭᠡᠷ᠎ᠡ ᠲᠣᠭᠲᠠᠭᠰᠠᠨ ᠰᠠᠭᠤᠭᠠᠯᠢ ᠠᠷᠠᠳ ᠭᠡᠷᠡᠲᠦ ᠦᠢᠯᠡᠴᠢᠯᠡᠭᠡᠨ ᠤ ᠰᠦᠢᠳᠬᠡᠯ ᠢ ᠲᠦᠷ ᠲᠥᠯᠥᠬᠦ ᠦᠭᠡᠢ᠃ | ᠡᠭᠦᠨ ᠤ ᠬᠠᠮᠲᠤ ᠭᠤᠣᠯᠳᠠᠯᠭ᠎ᠠ ᠲᠠᠢ ᠬᠥᠮᠥᠰ ᠭᠡᠷ᠎ᠡ ᠲᠣᠭᠲᠠᠭᠰᠠᠨ ᠬᠠᠮᠤᠷᠬᠤ ᠬᠢᠷᠢ ᠲᠦᠪᠰᠢᠨ ᠢ ᠪᠣᠳᠣᠯᠬᠢᠯᠠᠵᠤ᠂ | 2023 ᠣᠨ ᠤ ᠡᠴᠦᠰ ᠲᠤ᠂ ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡ ᠶᠢᠨ ᠬᠠᠮᠤᠷᠬᠤ ᠨᠣᠷᠮ᠎ᠠ ᠶᠢ | 78% ᠠᠴᠠ ᠳᠣᠣᠷ᠎ᠠ ᠦᠭᠡᠢ ᠪᠣᠯᠭᠠᠨ᠎ᠠ᠃ | ︵ᠵᠢᠷᠭᠤᠭ᠎ᠠ︶ ᠭᠡᠷᠡᠲᠦ ᠦᠢᠯᠡᠴᠢᠯᠡᠭᠡᠨ ᠤ ᠠᠭᠤᠯᠭ᠎ᠠ᠃ ᠡᠭᠦᠨ ᠳᠤ ᠡᠷᠡᠭᠦᠯ ᠮᠡᠨᠳᠦ ᠶᠢᠨ ᠦᠨᠡᠯᠡᠨ ᠵᠢᠱᠢᠯᠲᠡ᠂ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠳᠥᠭᠦᠮ ᠳᠥᠲᠡ ᠪᠠᠷ ᠡᠮ ᠲᠣᠬᠢᠷᠠᠭᠤᠯᠵᠤ ᠥᠭᠬᠦ ᠵᠡᠷᠭᠡ | ᠨᠠᠢᠮᠠᠨ ᠲᠠᠯ᠎ᠠ ᠶᠢ ᠪᠠᠭᠲᠠᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠪᠡᠳᠴᠢᠨ ᠡᠮᠭᠡᠭ ᠢ ᠡᠮᠨᠡᠨ | ᠵᠠᠰᠠᠬᠤ ᠠᠴᠠ ᠡᠷᠡᠭᠦᠯ ᠮᠡᠨᠳᠦ ᠶᠢᠨ ᠬᠠᠮᠢᠶᠠᠷᠤᠯᠲᠠ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠲᠥᠪ ᠭᠤᠥᠯᠴᠢ ᠴᠢᠨᠠᠷ ᠪᠠ ᠬᠦᠷᠲᠡᠵᠦ ᠪᠣᠯᠬᠤᠶᠢᠴᠠ | ᠴᠢᠨᠠᠷ ᠢ ᠳᠡᠭᠡᠭᠰᠢᠯᠡᠭᠦᠯᠦᠨ᠎ᠡ᠃ | ︵ᠳᠣᠯᠤᠭ᠎ᠠ︶ ᠭᠡᠷᠡᠲᠦ ᠦᠢᠯᠡᠴᠢᠯᠡᠭᠡᠨ ᠤ ᠰᠦᠢᠳᠬᠡᠯ ᠢ ᠰᠠᠯᠭᠠᠨ ᠥᠭᠬᠦ᠃ ᠭᠡᠷᠡᠲᠦ ᠦᠢᠯᠡᠴᠢᠯᠡᠭᠡᠨ ᠤ | ᠰᠦᠢᠳᠬᠡᠯ ᠨᠢ ᠭᠡᠷ ᠪᠦᠯᠢ ᠶᠢᠨ ᠡᠮᠴᠢ ᠶᠢᠨ ᠪᠠᠶᠢᠭ᠎ᠠ ᠲᠣᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠣᠷᠣᠯᠭ᠎ᠠ ᠶᠢᠨ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠰᠦᠢᠳᠬᠡᠯ ᠢ ᠬᠤᠶᠠᠷ ᠱᠠᠲᠤ ᠬᠤᠪᠢᠶᠠᠨ ᠰᠠᠯᠭᠠᠨ ᠥᠭᠭᠦᠨ᠎ᠡ᠃ | ᠨᠢᠭᠡᠳᠦᠭᠡᠷ ᠱᠠᠲᠤ ᠦᠶ᠎ᠡ ᠳᠤ ᠭᠡᠷᠡᠲᠦ ᠦᠢᠯᠡᠴᠢᠯᠡᠭᠡᠨ ᠤ ᠰᠦᠢᠳᠬᠡᠯ ᠤᠨ 50% ᠪᠠᠷ ᠦᠨᠳᠦᠰᠦᠨ | ᠦᠢᠯᠡᠴᠢᠯᠡᠭᠡᠨ ᠤ ᠵᠠᠷᠤᠳᠠᠯ ᠢ ᠰᠠᠯᠭᠠᠨ ᠥᠭᠴᠦ᠂ ᠬᠢᠨᠠᠨ ᠲᠣᠭᠲᠠᠭᠠᠭᠰᠠᠨ ᠭᠡᠷᠡᠲᠦ ᠦᠢᠯᠡᠴᠢᠯᠡᠭᠡᠨ ᠤ ᠰᠦᠢᠳᠬᠡᠯ | ᠣᠯᠭᠤᠬᠤ ᠡᠲᠡᠭᠡᠳ ᠤᠨ ᠬᠥᠮᠥᠨ ᠤ ᠲᠤᠭ᠎ᠠ ᠪᠠᠷ ᠬᠢᠨᠠᠨ ᠪᠣᠳᠤᠵᠤ᠂ ᠤᠯᠠᠷᠢᠯ ᠢᠶᠠᠷ ᠰᠠᠯᠭᠠᠨ ᠥᠭᠭᠦᠨ᠎ᠡ︔ | ᠬᠤᠶᠠᠳᠤᠭᠠᠷ ᠱᠠᠲᠤᠨ ᠳᠤ ︽ᠬᠢᠨᠠᠨ ᠰᠢᠯᠭᠠᠬᠤ ᠪᠠᠷᠢᠮᠵᠢᠶ᠎ᠠ︾ ᠶᠢᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠵᠤ᠂ | ᠭᠡᠷᠡᠲᠦ ᠦᠢᠯᠡᠴᠢᠯᠡᠭᠡᠨ ᠤ ᠰᠦᠢᠳᠬᠡᠯ ᠤᠨ ᠦᠯᠡᠳᠡᠭᠰᠡᠨ 50% ᠶᠢ ᠬᠠᠷᠢᠴᠠᠯ ᠶᠣᠰᠣᠭᠠᠷ ᠰᠠᠯᠭᠠᠨ ᠥᠭᠭᠦᠨ᠎ᠡ᠃ | | ︵ᠨᠠᠢᠮᠠ︶ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠬᠦ᠂ ᠡᠭᠦᠨ ᠳᠤ ᠭᠡᠷ ᠪᠦᠯᠢ ᠶᠢᠨ ᠡᠮᠴᠢ ᠶᠢ | ᠬᠥᠮᠥᠵᠢᠭᠦᠯᠦᠨ ᠪᠣᠯᠪᠠᠰᠤᠷᠠᠭᠤᠯᠬᠤ ᠰᠢᠰᠲ᠋ᠧᠮᠵᠢ ᠶᠢ ᠰᠠᠶᠢᠵᠢᠷᠠᠭᠤᠯᠬᠤ᠂ ᠡᠮᠴᠢᠯᠡᠭᠡᠨ ᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ᠂ ᠬᠠᠷᠢᠮᠠᠬᠠᠢ ᠴᠢᠨᠠᠷᠲᠠᠢ ᠦᠢᠯᠡᠴᠢᠯᠡᠭᠡᠨ ᠤ ᠬᠡᠯᠡᠯᠴᠡᠭᠡᠷ ᠢ ᠳᠡᠯᠭᠡᠷᠡᠭᠦᠯᠬᠦ ᠭᠤᠷᠪᠠᠨ | ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃ | ︵ᠶᠢᠰᠦ︶ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ᠂ ᠡᠭᠦᠨ ᠳᠤ ᠬᠢᠨᠠᠨ ᠰᠢᠯᠭᠠᠬᠤ ᠰᠢᠰᠲ᠋ᠧᠮᠵᠢ ᠶᠢ | ᠲᠡᠭᠦᠯᠳᠡᠷᠵᠢᠭᠦᠯᠬᠦ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠬᠤ᠂ ᠬᠢᠨᠠᠯᠲᠠ ᠲᠠᠯᠪᠢᠬᠤ ᠪᠠ ᠦᠨᠡᠯᠡᠨ ᠵᠢᠱᠢᠬᠦ ᠶᠢ | ᠴᠢᠩᠭᠠᠳᠬᠠᠬᠤ ᠭᠤᠷᠪᠠᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠲᠦᠷᠦᠭᠦᠯᠡᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠬᠢᠨᠠᠨ ᠰᠢᠯᠭᠠᠬᠤ ᠲᠣᠭᠲᠠᠴᠠ ᠶᠢ | ᠪᠠᠶᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠲᠤᠷᠠᠨ ︽ ᠬᠢᠨᠠᠨ ᠰᠢᠯᠭᠠᠬᠤ ᠪᠠᠷᠢᠮᠵᠢᠶ᠎ᠠ︾ | ᠶᠢ ᠲᠣᠭᠲᠠᠭᠠᠵᠤ᠂ ᠬᠢᠨᠠᠨ ᠲᠣᠭᠲᠠᠭᠠᠭᠰᠠᠨ ᠲᠣᠭᠠᠴᠠᠭ᠎ᠠ ᠬᠢᠬᠦ ᠡᠲᠡᠭᠡᠳ ᠤᠨ ᠬᠥᠮᠥᠨ ᠤ ᠲᠤᠭ᠎ᠠ ᠶᠢᠨ ᠰᠠᠭᠤᠷᠢᠨ | ᠳᠡᠭᠡᠷ᠎ᠡ ︽ᠪᠦᠲᠦᠮᠵᠢᠲᠡᠶ ᠭᠡᠷ᠎ᠡ ᠲᠣᠭᠲᠠᠭᠰᠠᠨ︾᠂ ︽ᠪᠦᠲᠦᠮᠵᠢᠲᠡᠶ ᠦᠢᠯᠡᠴᠢᠯᠡᠭᠰᠡᠨ︾ ᠪᠠ ︽ᠵᠠᠷᠤᠳᠠᠯ ᠢ ᠪᠦᠲᠦᠮᠵᠢᠲᠡᠶ | ᠬᠢᠵᠠᠭᠠᠷᠯᠠᠭᠰᠠᠨ︾ ᠢ ᠦᠨᠳᠦᠰᠦᠯᠡᠨ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠶᠠᠰᠤ ᠴᠢᠨᠠᠷ᠂ ᠲᠤᠭ᠎ᠠ | ᠬᠡᠮᠵᠢᠶ᠎ᠡ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠵᠡᠷᠭᠡ ᠶᠢ ᠬᠢᠨᠠᠨ ᠰᠢᠯᠭᠠᠨ᠎ᠠ᠃ | ︵ᠠᠷᠪᠠ︶ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠂ ᠡᠭᠦᠨ ᠳᠤ ᠵᠣᠬᠢᠶᠠᠨ ᠪᠠᠶᠢᠭᠤᠯᠤᠨ | ᠤᠳᠤᠷᠢᠳᠤᠯᠭ᠎ᠠ ᠶᠢ ᠴᠢᠩᠭᠠᠳᠬᠠᠬᠤ᠂ ᠨᠡᠶᠢᠭᠡᠮ ᠤᠨ ᠲᠠᠯ᠎ᠠ ᠶᠢᠨ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ | ᠬᠢᠬᠦ ᠬᠤᠶᠠᠷ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ | ︵ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠯᠢᠶᠠᠩ ᡁᠢ ᠭᠦᠸᠧ᠂ ᠬᠠᠷᠢᠯᠴᠠᠬᠤ | ᠤᠲᠠᠰᠤ᠄ 0471 ︱ 2386095︶ |