︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠰᠠᠶᠢᠬᠠᠨ ᠲᠣᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2023/11/14
       ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠠᠴᠢᠯᠠᠯᠲᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃            11 ᠰᠠᠷ᠎ᠠ ᠶᠢᠨ 9  ᠤ ᠡᠳᠦᠷ᠂ ︽ᠣᠷᠣᠨ ᠤ ᠲᠥᠪ ᠤᠨ ᠰᠢᠨ᠎ᠡ ᠴᠠᠭ ᠦᠶ᠎ᠡ ᠶᠢᠨ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ︱ ︿ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠦᠨᠳᠦᠰᠦᠨ ᠱᠠᠲᠤᠨ ᠳᠤ ᠪᠠᠭᠤᠵᠤ ᠬᠠᠷᠢᠯᠴᠠᠨ ᠬᠥᠳᠡᠯᠦᠯᠴᠡᠬᠦ ᠮᠠᠶ᠋ᠢᠭ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ︾ᠰᠠᠶᠢᠬᠠᠨ ᠲᠣᠭᠤᠷᠢᠭ ᠤᠨ ᠶᠢᠨ ᠾᠧ ᠪᠠᠯᠭᠠᠰᠤ ᠶᠢᠨ ᠱᠥ᠋ᠪᠢ ᠶᠠ ᠲᠣᠰᠬᠤᠨ ᠤ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠳᠤ ᠶᠠᠪᠤᠭᠳᠠᠪᠠ᠃
           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ ᠳ᠋ᠦ᠋ ᠢ ᠰᠢᠨ ᠤᠬᠠᠭᠤᠯᠤᠨ ᠲᠠᠶᠢᠯᠪᠤᠷᠢᠯᠠᠭᠴᠢ ᠶᠢᠨ ᠬᠤᠪᠢ ᠪᠠᠷ ︽ᠲᠠᠪᠤᠨ ᠥᠭᠦᠯᠡᠪᠦᠷᠢ︾ ᠶᠢᠨ ᠲᠣᠭᠤᠷᠢᠨ ᠳᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠭᠰᠡᠨ ᠪᠥᠭᠡᠳ ᠲᠤᠬᠠᠢ ᠶᠢᠨ ᠲᠠᠯᠠᠪᠤᠷ ᠲᠤ ᠪᠠᠶᠢᠭᠰᠠᠨ 30 ᠭᠠᠷᠤᠢ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃          ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠳᠤ᠂ ᠳ᠋ᠦ᠋ ᠢ ᠰᠢᠨ ᠨᠣᠮ ᠰᠤᠳᠤᠷ ᠠᠴᠠ ᠡᠰᠢ ᠲᠠᠲᠠᠵᠤ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠥᠪᠥᠷ ᠮᠣᠩᠭᠤᠯ ᠤᠨ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠥᠷᠨᠢᠭᠦᠯᠦᠭᠰᠡᠨ ᠨᠠᠮ ᠤᠨ ᠲᠡᠦᠬᠡ ᠶᠢᠨ ᠰᠤᠳᠤᠯᠭᠠᠨ ᠤ ᠠᠵᠢᠯ ᠢ ᠶᠠᠷᠢᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠪᠠ︔  ᠣᠶᠢᠯᠠᠭᠠᠮᠵᠢᠲᠠᠢ ᠦᠯᠢᠭᠡᠷ᠂ ᠳᠡᠷᠭᠡᠳᠡ ᠭᠠᠷᠤᠭᠰᠠᠨ ᠦᠨᠡᠨ ᠪᠣᠳᠠᠲᠤ ᠵᠢᠱᠢᠶ᠎ᠡ ᠪᠠᠷ ᠣᠶᠢᠷ᠎ᠠ ᠶᠢᠨ ᠵᠢᠯ ᠤᠨ ᠤᠯᠠᠨ ᠲᠠᠯ᠎ᠠ ᠶᠢᠨ ᠬᠤᠪᠢᠷᠠᠯᠲᠠ ᠶᠢ ᠤᠯᠠᠨ ᠤ ᠡᠮᠦᠨ᠎ᠡ ᠢᠯᠡᠷᠡᠭᠦᠯᠵᠦ᠂ ᠣᠶᠢᠯᠠᠭᠠᠮᠵᠢᠲᠠᠢ ᠦᠭᠡ ᠬᠡᠯᠡ ᠪᠠᠷ ᠨᠠᠮ ᠤᠨ ᠲᠦᠷᠦ ᠶᠢᠨ ᠪᠣᠳᠣᠯᠭ᠎ᠠ ᠤᠨᠤᠯ ᠢ ᠣᠶᠢᠯᠠᠭᠠᠭᠤᠯᠵᠤ᠂ ᠤᠯᠠᠨ ᠢ ᠰᠣᠨᠣᠰᠴᠤ᠂ ᠴᠡᠭᠡᠵᠢᠯᠡᠵᠦ᠂ ᠰᠠᠨᠠᠯ ᠨᠢᠭᠡᠲᠡᠢ ᠪᠣᠯᠭᠠᠵᠤ᠂ ᠤᠯᠠᠨ ᠢ ᠦᠨᠡᠨᠬᠦ ᠬᠥᠲᠥᠯᠥᠨ ᠳᠠᠭᠠᠭᠤᠯᠵᠤ ᠪᠠᠶᠢᠭᠠᠳ ᠨᠠᠮ ᠤᠨ ᠠᠴᠢ ᠲᠤᠰᠠ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ‌‍ᠢᠶ᠋ᠠᠨ ᠳᠠᠭᠠᠨ᠎ᠠ᠃            ︽ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ‌ᠣᠨᠴᠠᠭᠠᠢ᠂ ᠥᠩᠭᠡᠷᠡᠭᠰᠡᠨ ᠤ ᠬᠢ ᠲᠠᠢ ᠠᠳᠠᠯᠢ ᠦᠭᠡᠢ᠂ ᠪᠠᠭᠰᠢ ᠲᠠᠷᠢᠶᠠᠨ ᠳᠤᠮᠳᠠ ᠬᠦᠷᠴᠦ ᠪᠢᠳᠡᠨ ᠲᠠᠢ ᠨᠢᠭᠤᠷᠳᠠᠨ ᠰᠠᠨᠠᠯ ᠢᠶᠠᠨ ᠰᠣᠯᠢᠯᠴᠠᠨ ᠵᠢᠯᠤᠭᠤᠳᠴᠤ᠂ ᠭᠦᠨᠵᠡᠭᠡᠢ ᠪᠥᠭᠡᠳ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠤᠨᠤᠯ ᠤᠨ ᠮᠡᠳᠡᠯᠭᠡ ᠶᠢ ᠶᠠᠷᠢᠵᠤ᠂ ᠠᠭᠤᠯᠭ᠎ᠠ ᠨᠢ ᠪᠢᠳᠡᠨ ᠤ ᠠᠮᠢᠳᠤᠷᠠᠯ ᠳᠤ ᠣᠶᠢᠷᠠᠳᠴᠤ᠂ ᠠᠮᠢᠳᠤᠯᠢᠭ ᠢᠶᠠᠷ ᠬᠦᠯᠢᠶᠡᠨ ᠠᠪᠬᠤ ᠳᠤ ᠠᠮᠠᠷᠬᠠᠨ᠂ ᠡᠶᠢᠮᠦᠷᠬᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠬᠤᠵᠢᠮ ᠢᠯᠡᠭᠦᠬᠡᠨ ᠬᠢᠬᠦ ᠶᠢ ᠪᠢ ᠬᠦᠰᠡᠵᠦ ᠪᠠᠶᠢᠨ᠎ᠠ︾ ᠭᠡᠵᠦ ᠬᠥᠬᠡᠬᠤᠲᠠ ᠶᠢᠨ ᠲᠡᠭᠦᠯᠳᠡᠷ ᠬᠤᠭᠤᠷ ᠤᠨ ᠨᠡᠶᠢᠭᠡᠮᠯᠢᠭ ᠤᠨ ᠳᠠᠷᠤᠭ᠎ᠠ ᠴᠧᠨ ᠴᠧᠨ ᠰᠤᠷᠪᠤᠯᠵᠢᠯᠠᠭᠴᠢ ᠳᠤ ᠬᠡᠯᠡᠪᠡ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号