ᠰᠠᠶᠢᠬᠠᠨ ᠲᠣᠭᠤᠷᠢᠭ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠤᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/11/14
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ︽ᠢ ᠶᠧ︾ ᠣᠷᠣᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 10 ᠤ ᠡᠳᠦᠷ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠲ᠋ᠧᠰ ᠲᠤᠰᠬᠠᠢ ᠲᠠᠯᠠᠪᠠᠶ ᠶᠢᠨ ᠠᠵᠢᠯᠲᠠᠨ ᠡᠯᠰᠡᠬᠦ ᠬᠤᠷᠠᠯ ᠢ ᠡᠷᠭᠢᠯᠡᠨ ᠬᠢᠭᠰᠡᠨ ᠤ ᠳᠠᠷᠠᠭ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠬᠠᠮᠲᠤᠷᠠᠨ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠤᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠠᠲ᠋ᠥᠰ ᠤᠨ ᠶᠠᠩ ᠭᠤᠸᠠᠩ ᠴᠠᠬᠢᠯᠭᠠᠨ ᠬᠦᠴᠦᠨ ᠤ ᠪᠦᠯᠦᠭᠯᠡᠯ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠰᠠᠨᠰᠠᠷ ᠤᠨ ᠠᠶᠠᠯᠠᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠪᠣᠯᠣᠨ ᠬᠥᠬᠡᠬᠤᠲᠠ ᠶᠢᠨ 10 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
      ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠵᠢᠯᠴᠠᠨ ᠬᠦᠴᠦᠯᠡᠵᠦ᠂ ᠰᠠᠶᠢᠬᠠᠨ ᠲᠣᠭᠤᠷᠢᠭ ᠤᠨ ᠣᠷᠣᠨ ᠪᠠᠶᠢᠷᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠣᠷᠣᠨ ᠤ ᠲᠥᠪ ᠤᠨ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠦ᠂ ᠰᠠᠶᠢᠬᠠᠨ ᠲᠣᠭᠤᠷᠢᠭ ᠤᠨ ︽ᠲᠣᠭᠤᠷᠢᠭ ᠤᠨ ᠳᠠᠷᠤᠭ᠎ᠠ ᠲᠠᠨ ᠢ ᠠᠵᠢᠯ ᠣᠯᠬᠤ ᠪᠠᠷ ᠢᠷ᠎ᠡ︾ ᠭᠡᠬᠦ ᠰᠢᠷᠢᠰ ᠠᠵᠢᠯᠲᠠᠨ ᠡᠯᠰᠡᠬᠦ ᠴᠤᠭᠯᠠᠭᠠᠨ ᠢᠶᠠᠷ ᠭᠠᠷᠳᠠᠴᠠ ᠪᠣᠯᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠬᠥᠬᠡᠬᠤᠲᠠ ᠳᠤ ᠰᠠᠭᠤᠭ᠎ᠠ ᠠᠵᠤ ᠠᠬᠤᠶᠢᠯᠠᠯ ᠤᠨ ᠳᠤᠮᠳᠠ ᠳᠡᠭᠡᠳᠦ ᠵᠡᠷᠭᠡ ᠶᠢᠨ ᠠᠵᠤ ᠠᠬᠤᠶᠢᠯᠠᠯ ᠤᠨ ︽ᠬᠥᠭᠦᠷᠭᠡ︾ ᠶᠢ ᠪᠠᠶᠢᠭᠤᠯᠵᠤ᠂ ᠰᠢᠯᠢᠳᠡᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠵᠦ᠂ ᠠᠵᠤ ᠠᠬᠤᠶᠢᠯᠠᠯ ᠤᠨ ᠬᠡᠷᠡᠭᠴᠡᠭᠡ  ᠶᠢ ᠦᠨᠳᠦᠰᠦᠯᠡᠨ᠂ ᠴᠢᠳᠠᠪᠤᠷᠢᠲᠠᠨ ᠢ ᠬᠥᠮᠥᠵᠢᠭᠦᠯᠬᠦ ᠲᠥᠰᠥᠯ ᠢ ᠲᠣᠭᠲᠠᠭᠠᠵᠤ᠂ ︽ᠵᠠᠬᠢᠶᠠᠯᠠᠭ᠎ᠠ ᠶᠢᠨ ᠬᠡᠯᠪᠡᠷᠢ︾᠂ ︽ᠱᠠᠪᠢ ᠣᠷᠣᠬᠤ ᠳᠦᠷᠢᠮ︾ ᠢ ᠵᠠᠯᠭᠠᠭ᠎ᠠ ᠪᠠᠷ ᠬᠥᠮᠥᠵᠢᠭᠦᠯᠵᠦ᠂ ᠰᠤᠷᠭᠠᠭᠤᠯᠢ ᠠᠵᠤ ᠠᠬᠤᠶᠢᠯᠠᠯ ᠦᠢᠯᠡᠳᠪᠦᠷᠢᠯᠡᠯ ᠤᠨ ᠴᠢᠨᠠᠷᠲᠠᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠵᠤ᠂ ᠥᠪ ᠬᠥᠷᠥᠩᠭᠡ ᠪᠠᠷ ᠢᠶᠠᠨ ᠰᠤᠷᠭᠠᠨ ᠬᠥᠮᠦᠵᠢᠯ ᠢ ᠬᠥᠲᠥᠯᠥᠨ᠂ ᠦᠢᠯᠡᠳᠪᠦᠷᠢᠯᠡᠯ ᠢᠶᠠᠷ ᠰᠤᠷᠭᠠᠨ ᠬᠥᠮᠦᠵᠢᠯ ᠢ ᠲᠣᠭᠲᠠᠭᠠᠵᠤ᠂ ᠦᠢᠯᠡᠳᠪᠦᠷᠢᠯᠡᠯ ᠢᠶᠠᠷ ᠰᠤᠷᠭᠠᠨ ᠬᠥᠮᠦᠵᠢᠯ ᠢ ᠠᠬᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠥᠬᠡᠬᠤᠲᠠ ᠳᠤ ᠰᠠᠭᠤᠭ᠎ᠠ ᠠᠵᠤ ᠠᠬᠤᠶᠢᠯᠠᠯ ᠤᠨ ︽ᠲᠤᠷᠰᠢᠯᠲᠠ ᠶᠢᠨ ᠲᠠᠷᠢᠶ᠎ᠠ︾ ᠪᠠ ︽ᠬᠤᠪᠢᠷᠠᠭᠤᠯᠤᠤᠷ︾ ᠪᠣᠯᠭᠠᠵᠤ᠂ ᠬᠤᠲᠠ ᠶᠢᠨ ᠬᠡᠪᠴᠢᠶᠡᠨ ᠳᠠᠬᠢ ︽ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ︾ ᠶᠢᠨ ᠪᠠᠶᠢᠭᠤᠯᠤᠯᠲᠠ‌‍ᠶᠢ ᠪᠥᠬᠦ ᠲᠠᠯ᠎ᠠ ᠪᠠᠷ ᠠᠬᠢᠭᠤᠯᠵᠤ᠂ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ‌‍ᠳᠤ ᠦᠯᠡᠳᠡᠭᠡᠬᠦ ᠢᠨᠵᠧᠨᠧᠷᠢᠩ︾ ᠳᠤ ᠬᠦᠴᠦᠨ ᠨᠡᠮᠡᠷᠢᠯᠡᠵᠦ᠂ ᠵᠠᠰᠠᠭ ᠤᠨ ᠣᠷᠳᠣᠨ   ᠠᠴᠠ ᠨᠢᠭᠡᠳᠦᠯᠲᠡᠢ ᠲᠥᠯᠥᠪᠯᠡᠨ ᠬᠥᠭᠦᠷᠭᠡ ᠲᠠᠯᠪᠢᠬᠤ᠂ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ᠂ ᠠᠵᠤ ᠠᠬᠤᠶᠢᠯᠠᠯ ᠤᠨ ᠬᠡᠷᠡᠭᠯᠡᠯᠲᠡ ᠶᠢ ᠪᠣᠳᠠᠲᠠᠶᠢᠵᠢᠭᠤᠯᠬᠤ᠂ ᠠᠵᠤ ᠠᠬᠤᠶᠢᠯᠠᠯ ᠪᠠ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠡᠷᠭᠡᠪᠡᠷ ᠠᠬᠢᠭᠤᠯᠬᠤ ᠶᠢ ᠦᠨᠡᠨᠬᠦ ᠪᠡᠶᠡᠯᠡᠭᠦᠯᠵᠦ᠂ ᠵᠠᠰᠠᠭ ‍ᠤᠨ‌ᠣᠷᠳᠣᠨ᠂ ᠠᠵᠤ ᠠᠬᠤᠶᠢᠯᠠᠯ᠂ ᠰᠤᠷᠭᠠᠭᠤᠯᠢ ᠵᠡᠷᠭᠡ ᠣᠷᠣᠯᠴᠠᠭᠰᠠᠨ ᠭᠤᠣᠯ ᠴᠣᠭᠴᠠ ᠤᠳ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠲᠤᠪᠠᠷ ᠤᠷᠤᠭᠰᠢᠯᠠᠨ᠂ ᠠᠵᠤ ᠠᠬᠤᠶᠢᠯᠠᠯ ᠤᠨ ᠮᠡᠷᠭᠡᠵᠢᠯ ᠤᠨ ᠲᠠᠰ ᠳᠡᠪᠰᠢᠬᠦ ᠪᠠ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠰᠢᠨ᠎ᠡ ᠶᠢ ᠡᠭᠦᠳᠦᠨ ᠬᠥᠮᠥᠵᠢᠭᠦᠯᠬᠦ ᠶᠢ ᠪᠡᠶᠡᠯᠡᠭᠦᠯᠦᠨ᠎ᠡ᠃
      ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠪᠦᠬᠦ ᠬᠤᠳᠠ ᠶᠢᠨ ᠠᠵᠤ ᠦᠢᠯᠡᠰ ᠤᠨ ᠬᠥᠭᠵᠢᠯᠲᠡ ᠳᠤ ᠰᠠᠭᠤᠷᠢᠯᠠᠵᠤ᠂ ᠠᠵᠤ ᠦᠢᠯᠡᠰ ᠤᠨ ᠲᠥᠪᠯᠡᠷᠡᠯ ᠪᠠ ᠶᠡᠭᠡ ᠳᠡᠭᠡᠳᠦ ᠰᠤᠷᠭᠠᠭᠤᠯᠢ ᠲᠥᠪᠯᠡᠷᠡᠭᠰᠡᠨ ᠬᠤᠶᠠᠷ ᠶᠡᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠬᠦᠴᠦ ᠲᠠᠯᠪᠢᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠠᠵᠤ ᠠᠬᠤᠶᠢᠯᠠᠯ ᠳᠤ ᠦᠢᠯᠡᠴᠢᠯᠡᠵᠦ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠵᠦ᠂ ᠠᠵᠢᠯ ᠣᠯᠭᠤᠯᠲᠠ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠪᠠ᠃
     ᠡᠭᠦᠨ ᠳᠤ᠂ ᠬᠥᠬᠡᠬᠤᠲᠠ ᠶᠢᠨ ᠠᠲ᠋ᠥᠰ ᠤᠨ ᠬᠡᠷᠡᠯ ᠸᠣᠯᠲ ᠤᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠲᠥᠷᠥᠯ ᠵᠦᠢᠯ ᠳᠤ ᠨᠡᠶᠢᠲᠡ 732 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 7000 ᠭᠠᠷᠤᠢ ᠮᠦ ᠭᠠᠵᠠᠷ ᠡᠵᠡᠯᠡᠨ᠂ ᠲᠥᠷᠥᠯ ᠵᠦᠢᠯ ᠢ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ‌‍ᠪᠠᠶᠢᠭᠤᠯᠵᠤ᠂ ᠠᠵᠢᠯ ᠣᠯᠭᠤᠯᠲᠠ ᠶᠢᠨ ᠬᠡᠲᠦ ᠶᠢᠨ ᠲᠥᠯᠥᠪ ᠥᠷᠭᠡᠨ ᠠᠭᠤᠳᠠᠮ᠂ ᠠᠵᠢᠯ ᠤᠨ ᠪᠠᠶᠢᠷᠢ ᠣᠯᠠᠨ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠡᠭᠡ ᠪᠠᠶᠢᠨ᠎ᠠ᠃ ᠲᠣᠰ‌ᠤᠳᠠᠭᠠᠨ ᠤ ᠠᠵᠢᠯᠲᠠᠨ‌ᠡᠯᠰᠡᠬᠦ ᠴᠤᠭᠯᠠᠭᠠᠨ ᠳᠤ 16 ᠠᠵᠢᠯ ᠤᠨ ᠪᠠᠶᠢᠷᠢ ᠶᠢᠨ 3210 ᠠᠵᠢᠯ ᠤᠨ ᠪᠠᠶᠢᠷᠢ ᠬᠠᠩᠭᠠᠵᠤ᠂ ᠦᠢᠯᠡᠳᠪᠦᠷᠢᠯᠡᠯ ᠤᠨ ᠳᠠᠭᠠᠭᠠᠮᠠᠯ᠂ ᠭᠠᠷ ᠤᠷᠠᠯᠠᠯ ᠤᠨ ᠳᠠᠭᠠᠭᠠᠮᠠᠯ᠂ ᠢᠨᠵᠧᠨᠧᠷ᠂ ᠮᠡᠷᠭᠡᠵᠢᠯᠲᠡᠨ ᠵᠡᠷᠭᠡ ᠣᠯᠠᠨ ᠵᠦᠢᠯ ᠤᠨ ᠠᠵᠢᠯ ᠮᠡᠷᠭᠡᠵᠢᠯ ᠤᠨ ᠰᠣᠩᠭᠤᠯᠲᠠ ᠳᠤ ᠬᠤᠯᠪᠣᠭᠳᠠᠵᠠᠢ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ᠂ ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢᠨ ᠵᠥᠪᠯᠡᠯᠭᠡ ᠥᠭᠬᠦ ᠬᠡᠯᠪᠡᠷᠢ ᠪᠠᠷ ᠶᠠᠪᠤᠭᠳᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠨᠡᠶᠢᠲᠡ 4.1 ᠲᠦᠮᠡᠨ ᠬᠥᠮᠥᠨ ᠣᠷᠣᠯᠴᠠᠵᠤ᠂ 1600 ᠭᠠᠷᠤᠢ ᠬᠥᠮᠥᠨ ᠤ ᠠᠵᠢᠯ ᠣᠯᠬᠤ ᠰᠠᠨᠠᠮᠵᠢ ᠶᠢ ᠠᠩᠬ᠎ᠠ ᠠᠯᠬᠤᠮ ᠲᠣᠬᠢᠷᠠᠭᠤᠯᠪᠠ᠃ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠡᠶᠢᠲᠡ 18 ᠲᠠᠯᠠᠪᠤᠷ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ᠂ ᠨᠡᠶᠢᠲᠡ 23306 ᠠᠵᠢᠯ ᠤᠨ ᠪᠠᠶᠢᠷᠢ ᠬᠠᠩᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨ᠎ᠠ ᠣᠷᠣᠯᠴᠠᠭᠰᠠᠨ ᠬᠥᠮᠥᠨ 48.04 ᠲᠦᠮᠡ ᠳᠤ ᠬᠦᠷᠴᠡᠢ᠃
     ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠨᠢ ᠬᠡᠷᠡᠭᠴᠡᠭᠡ ᠶᠢ ᠠᠵᠤ ᠠᠬᠤᠶᠢᠯᠠᠯ ᠠᠴᠠ ᠠᠰᠠᠭᠤᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠤᠰᠬᠠᠢ ᠲᠤᠰᠢᠶᠠᠯᠲᠠᠨ ᠤ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ︽ᠲᠣᠭᠤᠷᠢᠭ ᠤᠨ ᠳᠠᠷᠤᠭ᠎ᠠ ᠲᠠᠨ ᠢ ᠠᠵᠢᠯ ᠣᠯᠬᠤ ᠪᠠᠷ ᠢᠷ᠎ᠡ︾ ᠭᠡᠬᠦ ᠠᠵᠢᠯᠲᠠᠨ ᠡᠯᠰᠡᠬᠦ ᠴᠤᠭᠯᠠᠭᠠᠨ ᠵᠡᠷᠭᠡ ᠨᠠᠢᠮᠠᠨ ᠶᠡᠭᠡ ᠠᠵᠢᠯᠯᠠᠭ᠎ᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠤᠷᠢᠭ ᠲᠤ ᠰᠠᠭᠤᠭ᠎ᠠ ᠡᠯ᠎ᠡ ᠠᠵᠤ ᠠᠬᠤᠶᠢᠯᠠᠯ ᠤᠨ ᠠᠵᠤ ᠦᠢᠯᠡᠰ ᠪᠠᠶᠢᠭᠤᠯᠬᠤ ᠳᠤ ᠬᠦᠴᠦᠨ ᠨᠡᠮᠡᠷᠢᠯᠡᠵᠦ᠂ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠵᠦ᠂ ︽ᠲᠠᠪᠤᠨ ᠲᠣᠬᠢᠷᠠᠮᠵᠢᠲᠠᠢ︾ ᠬᠤᠲᠠ ᠶᠢ ᠪᠠᠶᠢᠭᠤᠯᠬᠤ ᠳᠤ ᠬᠦᠴᠦᠨ ᠨᠡᠮᠡᠷᠢᠯᠡᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号