ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/14
     ᠾᠧ ᠬᠠᠢ ᠳ᠋ᠦᠩ ᠬᠤᠷᠠᠯ ᠢ ᠡᠷᠬᠢᠯᠡᠪᠡ            ︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 10 ᠤ ᠡᠳᠦᠷ᠂ ᠬᠤᠳᠠ ᠶᠢᠨ ᠵᠠᠰᠠᠭ ᠤᠨ ᠣᠷᠳᠣᠨ 2023 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠤ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃            ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠪᠡ᠃            ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠣᠰᠣᠭᠠᠷ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠭᠦᠨᠵᠡᠭᠡᠢ ᠪᠥᠭᠡᠳ ᠪᠣᠳᠠᠲᠠᠢ ᠬᠢᠵᠦ᠂ ᠰᠤᠷᠤᠯᠴᠠᠯᠭ᠎ᠠ ᠶᠢ ᠰᠠᠶᠢᠲᠤᠷ ᠲᠥᠯᠥᠪᠯᠡᠵᠦ᠂ ᠠᠭᠤᠯᠭ᠎ᠠ ᠶᠢ ᠰᠠᠶᠢᠲᠤᠷ ᠲᠣᠬᠢᠷᠠᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠣᠨᠣᠪᠴᠢᠲᠠᠢ ᠪᠥᠭᠡᠳ ᠨᠡᠪᠲᠡᠷᠬᠡᠢ ᠣᠶᠢᠯᠠᠭᠠᠵᠤ᠂ ᠪᠠᠷᠢᠮᠵᠢᠶ᠎ᠠ ᠲᠠᠢ ᠬᠠᠷᠢᠴᠠᠭᠤᠯᠤᠨ ᠡᠯ᠎ᠡ ᠲᠠᠯ᠎ᠠ ᠶᠢᠨ ᠠᠵᠢᠯ ᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠪᠦᠬᠦᠨ ᠪᠣᠳᠠᠲᠤ ᠦᠷ᠎ᠡ ᠪᠦᠲᠦᠭᠡᠯ ᠲᠠᠢ ᠪᠠᠶᠢᠵᠤ᠂ ᠥᠪᠡᠷ ᠤᠨ ᠰᠡᠳᠦᠪ ᠢᠶᠠᠨ ᠴᠢᠩᠭ᠎ᠠ ᠠᠩᠬᠠᠷᠴᠤ᠂ ᠨᠠᠷᠢᠨ ᠬᠢᠨᠠᠮᠠᠭᠠᠢ ᠰᠤᠳᠤᠯᠤᠨ᠂ ᠠᠰᠠᠭᠤᠳᠠᠯ ᠢ ᠣᠨᠣᠪᠴᠢᠲᠠᠶ ᠡᠷᠢᠵᠦ ᠣᠯᠵᠤ᠂ ᠠᠷᠭ᠎ᠠ ᠬᠡᠮᠵᠢᠶ᠎ᠡ ᠪᠠᠨ ᠣᠨᠣᠪᠴᠢᠲᠠᠶ ᠡᠷᠢᠵᠦ ᠣᠯᠵᠤ᠂ ᠵᠠᠷᠢᠮ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠳᠤ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠭᠤᠣᠯᠳᠠᠯᠭ᠎ᠠ ᠶᠢ ᠠᠩᠬᠠᠷᠴᠤ᠂ ᠲᠠᠩᠰᠠ ᠲᠤᠰᠢᠶᠠᠬᠤ ᠦᠵᠡᠯ ᠤᠬᠠᠮᠰᠠᠷ ᠢ ᠪᠣᠶ ᠪᠣᠯᠭᠠᠵᠤ᠂ ᠲᠣᠬᠢᠷᠠᠭᠤᠯᠤᠯᠲᠠ ᠪᠠᠨ ᠨᠡᠮᠡᠭᠳᠡᠭᠦᠯᠦᠨ᠂ ᠰᠢᠢᠳᠪᠦᠷᠢᠯᠡᠬᠦ ᠪᠠᠨ ᠲᠦᠷᠭᠡᠳᠬᠡᠵᠦ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠵᠦ᠂ ᠴᠠᠭ ᠲᠤᠬᠠᠢ ᠳᠤᠨᠢ ᠳᠠᠩᠰᠠᠨ ᠠᠴᠠ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃            ᠬᠤᠷᠠᠯ ᠠᠴᠠ ᠱᠠᠭᠠᠷᠳᠠᠭᠰᠠᠨ ᠨᠢ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠦᠵᠡᠯ ᠰᠠᠨᠠᠭ᠎ᠠ ᠣᠶᠢᠯᠠᠭᠠᠯᠲᠠ ᠪᠠᠨ ᠬᠤᠪᠢᠷᠠᠭᠤᠯᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠣᠷᠣᠨ ᠤ ᠲᠥᠪ ᠤᠨ ᠳᠠᠪᠠᠭᠤᠯᠢᠭ ᠢᠶᠠᠷ ᠭᠤᠣᠯᠳᠠᠭᠤᠯᠤᠨ᠂ ᠪᠦᠬᠦ ᠤᠯᠤᠰ᠂ ᠪᠦᠬᠦ ᠣᠷᠣᠨ ᠤ ᠰᠠᠶᠢᠨ ᠬᠢᠭᠰᠡᠨ ᠭᠠᠵᠠᠷ ᠣᠷᠣᠨ ᠲᠠᠢ ᠬᠠᠷᠢᠴᠠᠭᠤᠯᠵᠤ᠂ ᠲᠥᠯᠥᠪᠯᠡᠭᠡ ᠲᠠᠢ᠂ ᠴᠢᠭᠯᠡᠯᠲᠦ ᠴᠢᠨᠠᠷᠲᠠᠢ ᠪᠠᠷ ᠳᠤᠲᠠᠭᠤ ᠪᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠪᠣᠳᠠᠲᠠᠢ ᠳᠤ ᠰᠠᠭᠤᠷᠢᠯᠠᠨ᠂ ᠬᠥᠭᠵᠢᠯᠲᠡ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠦᠢᠯ ᠤᠨ ᠡᠭᠦᠷᠭᠡ ᠬᠠᠷᠠᠯᠲᠠ ᠶᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号