ᠰᠠᠶᠢᠬᠠᠨ ᠲᠣᠭᠤᠷᠢᠭ᠄  ᠰᠢᠨ᠎ᠡ ᠶᠢ ᠡᠭᠦᠳᠴᠦ ᠥᠭᠡᠷᠡᠴᠢᠯᠡᠯᠲᠡ ᠬᠢᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ︽ᠰᠢᠨ᠎ᠡ ᠠᠬᠤᠢ ᠪᠠᠶᠢᠳᠠᠯ︾ ᠢ  ᠨᠡᠭᠡᠭᠡᠨ᠎ᠡ
ᠨᠡᠶᠢᠲᠡᠯᠡᠭᠰᠡᠨ ᠴᠠᠭ᠄
2023/11/20
      ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠷᠠᠯᠲᠠ ᠪᠠᠨ ᠣᠨᠢᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠰᠢᠨ᠎ᠡ ᠶᠢ ᠡᠭᠦᠳᠬᠦ ᠪᠠᠷ ᠰᠢᠪᠲᠤᠯᠤᠯᠲᠠ ᠶᠢ ᠡᠷᠢᠯᠬᠢᠯᠡᠵᠦ᠂ ᠥᠭᠡᠷᠡᠴᠢᠯᠡᠯᠲᠡ ᠪᠠᠷ ᠬᠥᠭᠵᠢᠯᠲᠡ ᠶᠢ ᠠᠬᠢᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠢᠶᠠᠷ ᠭᠠᠷᠳᠠᠴᠠ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠵᠢᠯ ᠤᠨ ᠠᠮᠵᠢᠯᠲᠠ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃       ᠱᠤᠸᠠᠩ ᠲᠠᠢ ᠱᠢ ᠵᠡᠭᠡᠯᠢ ᠠᠴᠠ ᠤᠮᠠᠷᠠᠰᠢ᠂ ᠵᠡᠭᠦᠨ ᠰᠡᠭᠦᠳᠡᠷ ᠤᠨ ᠡᠮᠦᠨ᠎ᠡ ᠵᠠᠮ ᠠᠴᠠ ᠵᠡᠭᠦᠨᠰᠢᠬᠢ ᠱᠤᠸᠠᠩ ᠲᠠᠢ ᠱᠢ ᠰᠤᠷᠭᠠᠭᠤᠯᠢ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠬᠦᠷ ᠬᠥᠭᠵᠢᠶᠡᠨ ᠲᠠᠢ ᠪᠠᠶᠢᠯ᠎ᠠ᠃ ᠣᠳᠣᠬᠠᠨ ᠳᠤ᠂ 2 ᠰᠠᠭᠤᠷᠢ ᠵᠢᠭᠠᠨ ᠰᠤᠷᠭᠠᠯᠲᠠ‌‍ᠶᠢᠨ ᠠᠰᠠᠷ ᠢ ᠨᠢᠭᠡᠨᠲᠡ ᠪᠠᠷᠢᠵᠤ ᠳᠠᠭᠤᠰᠬᠠᠭᠠᠳ᠂ ᠪᠠᠶᠢᠷᠢ ᠶᠢᠨ ᠠᠰᠠᠷ ᠪᠠ ᠮᠡᠳᠡᠭᠦᠯᠦᠯᠲᠡ ᠶᠢᠨ ᠲᠢᠩᠬᠢᠮ ᠤᠨ ᠣᠷᠣᠢ ᠶᠢ ᠨᠢ ᠨᠢᠭᠡᠨᠲᠡ ᠪᠢᠲᠡᠭᠦᠮᠵᠢᠯᠡᠵᠦ᠂ ᠲᠠᠮᠢᠷ ᠤᠨ ᠣᠷᠳᠣᠨ ᠪᠠ ᠬᠤᠭᠤᠯᠠᠨ ᠭᠡᠷ ᠤᠨ ᠣᠷᠣᠢ ᠶᠢ ᠰᠠᠶᠢᠬᠠᠨ ᠪᠢᠲᠡᠭᠦᠮᠵᠢᠯᠡᠵᠦ ᠪᠠᠶᠢᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠳᠡ‌ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠠᠷ ᠫᠠᠶᠢᠰᠠ ᠡᠯᠭᠦᠵᠦ᠂ ᠰᠠᠶᠢᠬᠠᠨ ᠲᠣᠭᠤᠷᠢᠭ ᠳᠤ ᠤᠳᠠᠯ ᠦᠭᠡᠢ ᠰᠠᠭᠤᠷᠢᠰᠢᠬᠤ ᠪᠠᠷ ᠪᠠᠶᠢᠭ᠎ᠠ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠣᠨ᠎ᠠ᠃
      ︽ᠰᠤᠷᠭᠠᠭᠤᠯᠢ ᠶᠢᠨ ᠪᠠᠷᠢᠯᠭ᠎ᠠ ᠶᠢᠨ ᠲᠠᠯᠠᠪᠠᠶ ᠨᠢ 35000 ᠲᠡᠭᠰᠢ ᠳᠥᠷᠪᠡᠯᠵᠢᠨ ᠮᠧᠲᠷ ᠪᠠᠶᠢᠵᠤ᠂ 2 ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ᠂ ᠪᠠᠶᠢᠷᠢ ᠶᠢᠨ ᠠᠰᠠᠷ᠂ ᠰᠠᠯᠬᠢ ᠪᠣᠷᠣᠭᠠᠨ ᠤ ᠪᠡᠶ᠎ᠡ ᠶᠢᠨ ᠲᠠᠮᠢᠷ ᠤᠨ ᠲᠠᠯᠠᠪᠤᠷ᠂ ᠬᠤᠭᠤᠯᠠᠨ ᠭᠡᠷ᠂ ᠮᠡᠳᠡᠭᠦᠯᠦᠯᠲᠡ ᠶᠢᠨ ᠲᠢᠩᠬᠢᠮ ᠵᠡᠷᠭᠡ ᠬᠠᠲᠠᠭᠤ ᠬᠡᠷᠡᠭᠰᠡᠯ ᠤᠨ ᠰᠠᠭᠤᠷᠢ ᠲᠥᠬᠦᠭᠡᠷᠦᠮᠵᠢ ᠵᠢᠴᠢ ᠠᠷᠠᠳ ᠤᠨ ᠠᠭᠠᠷ ᠤᠨ ᠰᠡᠷᠭᠡᠶᠢᠯᠡᠯᠲᠡ᠂ ᠡᠭᠦᠳᠡᠨ ᠭᠡᠷ ᠵᠡᠷᠭᠡ ᠳᠠᠭᠠᠯᠲᠠ ᠲᠥᠬᠦᠭᠡᠷᠦᠮᠵᠢ ᠶᠢ ᠪᠠᠭᠲᠠᠭᠠᠵᠤ᠂ 60 ᠵᠢᠭᠠᠨ ᠰᠤᠷᠭᠠᠯᠲᠠ ᠶᠢᠨ ᠠᠩᠭᠢ ᠶᠢ ᠲᠥᠯᠥᠪᠯᠡᠵᠦ᠂ 2700 ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠪᠡ᠃ ᠪᠠᠶᠢᠭᠤᠯᠤᠭᠳᠠᠭᠰᠠᠨ ᠤ ᠳᠠᠷᠠᠭ᠎ᠠ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠳᠤ ᠨᠠᠩ ᠥᠨᠳᠥᠷ ᠬᠢᠷᠢ ᠲᠦᠪᠰᠢᠨ ᠪᠦᠬᠦᠢ ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠪᠠᠭᠰᠢ ᠶᠢᠨ ᠬᠦᠴᠦᠨ ᠢ ᠬᠠᠩᠭᠠᠵᠤ᠂ ᠰᠤᠷᠭᠠᠭᠤᠯᠢ ᠵᠢᠱᠢᠯᠲᠡ ᠪᠠᠷ 2024 ᠣᠨ ᠤ 9 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ︾ ᠭᠡᠵᠦ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ ᠸᠠᠩ ᠴᠧᠨ ᠯᠢᠶᠠᠩ ᠬᠡᠯᠡᠵᠡᠢ᠃
      2023 ᠣᠨ ᠳᠤ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠰᠤᠷᠬᠤ ᠨᠠᠰᠤᠨ   ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠬᠠᠷᠠᠭᠠᠯᠵᠠᠯ ᠦᠵᠡᠭᠦᠯᠬᠦ ᠬᠥᠭᠵᠢᠯᠲᠡ ᠶᠢ ᠠᠬᠢᠭᠤᠯᠵᠤ᠂ ᠬᠡᠦᠬᠡᠳ ᠤᠨ ᠴᠡᠴᠡᠷᠯᠢᠭ ᠡᠷᠭᠢᠯᠡᠬᠦ ᠬᠢᠷᠢ ᠬᠡᠮᠵᠢᠶ᠎ᠡ ᠪᠠ ᠠᠰᠠᠷᠠᠨ ᠬᠥᠮᠥᠵᠢᠭᠦᠯᠬᠦ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠵᠤ᠂ 2023 ᠣᠨ ᠳᠤ ᠲᠠᠷᠢᠶᠠᠯᠠᠬᠤ ᠣᠷᠣᠨ ᠤ 7 ᠪᠠᠭ᠎ᠠ ᠰᠤᠷᠭᠠᠭᠤᠯᠢ ᠶᠢ ᠬᠤᠲᠠ ᠶᠢᠨ ᠲᠣᠭᠤᠷᠢᠭ ᠤᠨ 4 ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠬᠤ ᠣᠷᠣᠨ ᠤ ᠪᠠᠭ᠎ᠠ ᠰᠤᠷᠭᠠᠭᠤᠯᠢ ᠶᠢᠨ ︽ᠨᠠᠷᠠᠲᠤ ᠰᠤᠷᠭᠠᠭᠤᠯᠢ +︾ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠪᠥᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠪᠦᠯᠦᠭᠯᠡᠯ 12 ᠪᠣᠯᠵᠤ᠂ 46 ᠰᠤᠷᠭᠠᠭᠤᠯᠢ ᠂ ᠬᠡᠦᠬᠡᠳ ᠤᠨ ᠴᠡᠴᠡᠷᠯᠢᠭ ᠢ ᠬᠠᠮᠤᠷᠴᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠨᠢᠭᠡ ᠴᠣᠭᠴᠠᠵᠢᠯᠲᠠ ᠶᠢ ᠲᠦᠷᠭᠡᠨ ᠠᠬᠢᠭᠤᠯᠪᠠ᠃ ᠬᠤᠯᠪᠤᠭᠠᠯᠠᠨ ᠰᠤᠷᠭᠠᠭᠤᠯᠢ ᠡᠷᠭᠢᠯᠡᠬᠦ ᠶᠢ ᠭᠦᠨᠵᠡᠭᠡᠢ ᠠᠬᠢᠭᠤᠯᠵᠤ᠂ ᠬᠥᠬᠡᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠬᠢᠭᠡᠳ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠡᠭᠡᠯᠵᠢ ᠶᠢᠨ ᠬᠠᠮᠲᠤᠷᠠᠨ ᠰᠤᠷᠭᠠᠭᠤᠯᠢ ᠡᠷᠭᠢᠯᠡᠬᠦ ᠶᠢ ᠠᠬᠢᠭᠤᠯᠵᠤ᠂ ᠬᠤᠶᠠᠷ ᠰᠤᠷᠭᠠᠭᠤᠯᠢ ᠶᠢᠨ ᠬᠠᠮᠲᠤᠷᠠᠨ ᠵᠢᠭᠠᠨ ᠰᠤᠳᠤᠯᠬᠤ᠂ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠬᠢᠬᠦ᠂ ᠬᠠᠮᠲᠤ ᠶᠢᠨ ᠳᠡᠯᠭᠡᠴᠡ ᠪᠠᠷ ᠬᠠᠷᠢᠯᠴᠠᠨ ᠬᠥᠳᠡᠯᠦᠯᠴᠡᠬᠦ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠲᠣᠪᠴᠢᠶ᠎ᠠ ᠪᠠᠰᠠ ᠰᠤᠷᠭᠠᠭᠤᠯᠢ ᠪᠠ ᠣᠷᠣᠨ ᠨᠤᠲᠤᠭ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ᠂ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ︽ᠭᠤᠷᠪᠠᠨ ᠰᠢᠨ᠎ᠡ︾ ᠶᠢᠨ ᠥᠭᠡᠷᠡᠴᠢᠯᠡᠯᠲᠡ ᠪᠠ ᠣᠯᠠᠨ ᠶᠠᠩᠵᠤ ᠶᠢᠨ ᠥᠪᠡᠷᠮᠢᠴᠡ ᠣᠨᠴᠠᠯᠢᠭ ᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠠᠷᠠᠳ   ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠵᠢᠷᠤᠮᠵᠢᠭᠤᠨ ᠬᠥᠭᠵᠢᠯᠲᠡ ᠶᠢ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠠᠭᠰᠢ ᠡᠯᠰᠡᠬᠦ ᠡᠷᠴᠢᠮ ᠢᠶᠠᠨ ᠴᠢᠩᠭᠠᠷᠠᠭᠤᠯᠤᠨ᠂ ᠪᠠᠭᠰᠢ ᠰᠣᠷᠣᠭᠴᠢ᠂ ᠭᠡᠷ ᠤᠨ ᠠᠬᠠᠮᠠᠳ ᠲᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠶᠢ ᠪᠠᠷᠢᠮᠲᠠᠯᠠᠪᠠ᠃
     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︽135︾ᠠᠵᠢᠯ ᠤᠨ ᠰᠡᠳᠬᠢᠴᠡ ᠶᠢᠨ ᠲᠣᠭᠤᠷᠢᠨ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠠᠬᠢᠭᠤᠯᠪᠠ᠃ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠣᠭᠴᠠᠯᠠᠬᠤ ᠶᠠᠪᠤᠳᠠᠯ ᠢ ᠨᠠᠮ ᠤᠨ ᠡᠭᠦᠷ ᠤᠨ ᠤᠯᠤᠰ ᠲᠦᠷᠦ ᠦᠵᠡᠯ ᠰᠠᠨᠠᠭ᠎ᠠ ᠪᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ᠂ ᠰᠤᠷᠭᠠᠭᠤᠯᠢ ᠶᠢᠨ ᠬᠥᠭᠵᠢᠯᠲᠡ ᠶᠢᠨ ᠲᠥᠯᠦᠪᠵᠢᠭᠦᠯᠭᠡ ᠳᠤ ᠲᠤᠭᠤᠰᠢᠯᠠᠭᠤᠯᠤᠨ᠎ᠠ᠃ ︽ᠴᠢᠨᠠᠷ ᠰᠠᠶᠢᠲᠠᠢ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠲᠥᠷᠥᠯ ᠵᠦᠢᠯ ᠢ 28 ᠰᠢᠨ᠎ᠡ ᠪᠠᠷ ᠦᠷᠭᠦᠯᠵᠢᠯᠡᠨ ᠪᠠᠶᠢᠭᠤᠯᠵᠤ᠂ 2024 ᠣᠨ ᠤ 9 ᠰᠠᠷ᠎ᠠ ᠳᠤ 7 ᠳᠤᠮᠳᠠᠳᠤ ᠪᠠᠭ᠎ᠠ ᠰᠤᠷᠭᠠᠭᠤᠯᠢ ᠪᠠ 10 ᠬᠡᠦᠬᠡᠳ ᠤᠨ ᠴᠡᠴᠡᠷᠯᠢᠭ ᠢ ᠡᠬᠢᠯᠡᠨ ᠬᠡᠷᠡᠭᠯᠡᠵᠦ᠂ ᠡᠷᠳᠡᠮ ᠤᠨ ᠴᠣᠯᠠ ᠶᠢ 11550 ᠨᠡᠮᠡᠭᠳᠡᠭᠦᠯᠦᠨ᠎ᠡ︔ ᠡᠭᠦᠨ ᠤ ᠬᠠᠮᠲᠤ ᠰᠤᠷᠭᠠᠭᠤᠯᠢ ᠶᠢᠨ ᠵᠠᠬᠢᠷᠤᠯ᠂ ᠪᠠᠭᠰᠢ᠂ ᠠᠩᠭᠢ ᠶᠢᠨ ᠡᠷᠬᠢᠯᠡᠭᠴᠢ᠂ ᠵᠢᠭᠠᠨ ᠰᠤᠳᠤᠯᠤᠭᠴᠢ︽ᠲᠦᠷᠪᠡᠨ ᠨᠡᠷᠡᠰ ᠤᠨ ᠢᠨᠵᠧᠨᠧᠷᠢᠩ︾  ᠢ ᠠᠬᠢᠭᠤᠯᠵᠤ᠂ ᠭᠤᠷᠪᠠᠳᠤᠭᠠᠷ ᠬᠤᠭᠤᠴᠠᠭᠠᠨ ᠤ ︽ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠰᠢᠨ᠎ᠡ ᠶᠢ ᠡᠭᠦᠳᠬᠦ ᠬᠠᠮᠢᠶᠠᠷᠤᠯᠲᠠ ᠶᠢᠨ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ ᠠᠩᠭᠢ︾᠂ ︽ᠰᠤᠷᠭᠠᠭᠤᠯᠢ ᠶᠢᠨ ᠵᠠᠬᠢᠷᠤᠯ ᠤᠨ ᠶᠠᠷᠢᠶᠠᠨ ᠤ ᠲᠠᠪᠴᠠᠩ︾᠂ ︽ᠨᠡᠷᠡᠳᠦ ᠪᠠᠭᠰᠢ +︾ ᠬᠠᠮᠲᠤ ᠶᠢᠨ ᠴᠣᠭᠴᠠ ᠶᠢ ᠪᠠᠶᠢᠭᠤᠯᠬᠤ ᠵᠡᠷᠭᠡ ᠬᠡᠯᠪᠡᠷᠢ ᠪᠠᠷ ᠰᠤᠷᠭᠠᠨ ᠬᠥᠮᠦᠵᠢᠯ ᠤᠨ ᠪᠣᠳᠠᠲᠤ ᠶᠠᠪᠤᠳᠠᠯ ᠤᠳ ᠢ ᠰᠢᠢᠳᠪᠦᠷᠢᠯᠡᠬᠦ ᠪᠠᠷ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠠᠢ᠃
     ︽ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠰᠠᠭᠤᠷᠢ᠂ ᠤᠯᠤᠰ ᠢᠶᠠᠨ ᠬᠦᠴᠦᠷᠬᠡᠭᠵᠢᠭᠦᠯᠬᠦ ᠶᠢᠨ ᠴᠢᠬᠤᠯᠠ ᠶᠠᠪᠤᠳᠠᠯ ᠪᠣᠯᠤᠨ᠎ᠠ︾ ᠳᠠᠷᠠᠭᠠᠴᠢ ᠶᠢᠨ ᠠᠯᠬᠤᠮ ᠳᠤ᠂ ᠰᠠᠶᠢᠬᠠᠨ‌‍ᠲ᠋ᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢᠶᠠᠨ ᠦᠨᠡᠨᠬᠦ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠣᠯᠣᠨ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠵᠤ᠂ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠰᠤᠯᠠᠷᠠᠬᠤ ᠦᠭᠡᠢ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠢ ᠴᠢᠨᠠᠭᠰᠢᠳᠠ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠠᠷᠠᠳ ᠤᠯᠠᠨ ᠤ ᠰᠤᠷᠭᠠᠨ ᠬᠥᠮᠦᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︾ ᠭᠡᠵᠦ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠲᠤᠰᠬᠠᠢ ᠲᠤᠰᠢᠶᠠᠯᠲᠤ ᠳᠡᠳ᠋ ᠱᠦᠵᠢ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠭᠦᠸᠧ ᠵᠢᠦ ᠰᠢᠶᠠᠨ ᠰᠤᠷᠪᠤᠯᠵᠢᠯᠠᠭᠴᠢ ᠳᠤ ᠬᠡᠯᠡᠪᠡ᠃       ᠢᠷᠡᠯᠲᠡ᠄  ᠰᠢᠠᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号