ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2023/11/20
       -  ᠬᠤᠪᠢᠰᠬᠠᠯᠲᠤ ᠰᠣᠶᠣᠯ ᠤᠨ ᠰᠢᠷᠢᠰ ᠮᠡᠳᠡᠭᠡᠯᠡᠯ ︵ᠭᠤᠷᠪᠠ︶            ᠤᠯᠠᠭᠠᠨ ᠥᠩᠭᠡ ᠪᠣᠯ ᠬᠢᠩᠭᠠᠨ ᠠᠶᠢᠮᠠᠭ ᠤᠨ ᠥᠨᠢ ᠤᠳᠠᠭᠠᠨ ᠲᠡᠦᠬᠡ ᠶᠢᠨ ᠳᠤᠮᠳᠠᠬᠢ ᠤᠳᠬ᠎ᠠ ᠭᠦᠨ ᠥᠩᠭᠡ ᠪᠤᠳᠤᠭ ᠶᠤᠮ᠃            ᠬᠠᠨ ᠠᠭᠤᠯᠠ ᠶᠢᠨ ᠬᠤᠷᠮᠣᠢ ᠳᠤ᠂ ᠲᠤᠭᠤᠷ ᠤᠨ ᠭᠤᠣᠯ ᠤᠨ ᠬᠥᠪᠡᠭᠡᠨ ᠳᠤ᠂  ᠪᠣᠷᠣᠭᠵᠢᠭᠤᠨ ᠠᠳᠠᠯ᠎ᠠ ᠲᠥᠪ ᠶᠡᠬᠡᠮᠰᠦᠭ ᠬᠤᠶᠠᠷ ᠳᠠᠪᠬᠤᠷ  ᠵᠢᠵᠢᠭ ᠠᠰᠠᠷ ᠲᠤ ᠲᠣᠭᠤᠷᠢᠨ ᠦᠵᠡᠭᠴᠢᠳ ᠪᠦᠯᠦᠭ ᠪᠦᠯᠦᠭ ᠢᠶᠠᠷ ᠬᠦᠷᠦᠯᠴᠡᠨ ᠢᠷᠡᠵᠦ᠂ ᠨᠠᠷᠢᠨ ᠨᠢᠮᠪᠠᠢ ᠲᠣᠭᠤᠷᠢᠨ ᠦᠵᠡᠵᠦ᠂  ᠰᠡᠳᠬᠢᠯ ᠲᠠᠯᠪᠢᠨ ᠰᠣᠨᠣᠰᠴᠤ ᠪᠠᠶᠢᠯ᠎ᠠ᠃ ᠠᠰᠠᠷ ᠤᠨ ᠡᠮᠦᠨᠡᠬᠢ ᠲᠣᠭᠤᠰᠬᠠᠨ ᠬᠡᠷᠡᠮ ᠳᠡᠭᠡᠷ᠎ᠡ ︽5·1 ᠤ ᠬᠤᠷᠠᠯ ᠤᠨ ᠪᠠᠭᠤᠷᠢ︾ ᠭᠡᠬᠦ ᠠᠯᠲᠠᠨ ᠰᠢᠷᠭᠠᠯ ᠲᠣᠮᠣ ᠦᠰᠦᠭ ᠨᠡᠷᠡᠨ ᠤ ᠭᠡᠷᠡᠯ ᠳᠤ ᠭᠢᠯᠠᠯᠵᠠᠨ ᠬᠠᠷᠠᠭᠳᠠᠨ᠎ᠠ᠃            ᠡᠨᠡ ᠬᠦ ᠪᠠᠷᠢᠯᠭ᠎ᠠ ᠨᠢ 1935 ᠣᠨ ᠳᠤ ᠪᠠᠶᠢᠭᠤᠯᠤᠭᠳᠠᠵᠤ᠂ ᠥᠩᠭᠡᠷᠡᠭᠰᠡᠨ ᠳᠤ ᠬᠠᠭᠤᠷᠮᠠᠭ ᠬᠢᠩᠭᠠᠨ ᠤ ᠬᠠᠭᠤᠷᠠᠢ ᠵᠠᠮ ᠤᠨ ᠴᠡᠷᠢᠭ ᠤᠨ ᠨᠣᠶᠠᠳ ᠤᠨ ᠰᠤᠷᠭᠠᠭᠤᠯᠢ ᠶᠢᠨ ᠶᠣᠰᠣᠯᠠᠯ ᠤᠨ ᠲᠠᠩᠬᠢᠮ᠂ ᠵᠡᠭᠦᠨ ᠮᠣᠩᠭᠤᠯ ᠤᠨ ᠴᠡᠷᠢᠭ ᠵᠠᠰᠠᠭ ᠤᠨ ᠺᠠᠳ᠋ᠷ ᠤᠨ ᠰᠤᠷᠭᠠᠭᠤᠯᠢ ᠶᠢᠨ ᠶᠣᠰᠣᠯᠠᠯ ᠤᠨ ᠲᠠᠩᠬᠢᠮ ᠪᠠᠶᠢᠭᠰᠠᠨ ᠪᠠ ᠬᠤᠵᠢᠮ ᠨᠢ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠶᠣᠰᠣᠯᠠᠯ ᠤᠨ ᠲᠠᠩᠬᠢᠮ ᠪᠣᠯᠵᠠᠢ᠃ 1947 ᠣᠨ ᠤ 5 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠤᠨ 393 ᠲᠥᠯᠥᠭᠡᠯᠡᠭᠴᠢ ᠶᠢᠨ ᠠᠯᠠᠭ᠎ᠠ ᠲᠡᠰᠢᠯᠲᠡ ᠶᠢᠨ ᠲᠠᠭᠤᠨ ᠡᠨᠡ ᠬᠦ ᠠᠰᠠᠷ ᠲᠤ ᠤᠳᠠᠲᠠᠯ᠎ᠠ ᠴᠤᠤᠷᠢᠶᠠᠲᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠠᠩᠬᠠᠳᠠᠭᠴᠢ ᠮᠤᠵᠢ ᠶᠢᠨ ᠲᠡᠰ ᠤᠨ ᠦᠨᠳᠦᠰᠦᠲᠡᠨ ᠤ ᠥᠪᠡᠷᠲᠡᠭᠡᠨ ᠵᠠᠰᠠᠬᠤ ᠵᠠᠰᠠᠭ ᠤᠨ ᠡᠷᠬᠡ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠠᠳᠡ ᠪᠠᠶᠢᠭᠤᠯᠤᠭᠳᠠᠭᠰᠠᠨ ᠢᠶᠠᠨ ᠲᠥᠪ ᠴᠢᠩᠭ᠎ᠠ ᠪᠠᠷ ᠲᠤᠩᠬᠠᠭᠯᠠᠪᠠ᠃ ᠠᠳᠡ ᠭᠦᠷᠦᠭᠡᠳ ᠥᠪᠥᠷ ᠮᠣᠩᠭᠤᠯ ᠤᠨ 300 ᠭᠠᠷᠤᠢ ᠵᠢᠯ ᠤᠨ ᠬᠠᠭᠠᠴᠠᠭᠰᠠᠨ ᠲᠡᠦᠬᠡ ᠡᠴᠦᠰᠯᠡᠵᠦ᠂ ᠰᠢᠨ᠎ᠡ ᠬᠠᠭᠤᠳᠠᠰᠤ ᠶᠢ ᠰᠡᠬᠦᠭᠰᠡᠨ ᠪᠠᠶᠢᠨ᠎ᠠ᠃            ᠣᠴᠢ ᠦᠰᠦᠷᠦᠭᠡᠳ ᠠᠭᠤᠯᠠ ᠶᠢ ᠰᠢᠲᠠᠭᠠᠬᠤ ᠨᠢᠭᠡᠳᠦᠯ ᠤᠨ ᠬᠦᠴᠦᠨ ᠬᠤᠷᠢᠭᠯᠠᠭᠳᠠᠰᠢ ᠦᠭᠡᠢ            ︽5·1 ᠤ ᠬᠤᠷᠠᠯ ᠤᠨ ᠪᠠᠭᠤᠷᠢ︾ ᠶᠢᠨ ᠦᠵᠡᠭᠦᠯᠭᠡ ᠶᠢᠨ ᠲᠢᠩᠬᠢᠮ ᠳᠤ ᠠᠯᠬᠤᠨ ᠣᠷᠣᠪᠠᠯ ᠡᠩ ᠲᠡᠷᠢᠭᠦᠨ ᠳᠤ ᠬᠥᠮᠥᠰ ᠤᠨ ᠬᠠᠷᠠᠭᠠᠨ ᠳᠤ ᠲᠣᠳᠣᠷᠠᠬᠤ ᠨᠢ ᠡᠭᠦᠳᠡᠨ ᠲᠢᠩᠬᠢᠮ ᠤᠨ ᠵᠡᠭᠦᠨ ᠬᠡᠷᠡᠮ ᠳᠡᠭᠡᠷᠡᠬᠢ ︽ᠲᠠᠪᠤᠨ ᠰᠠᠷ᠎ᠠ ᠶᠢᠨ ᠦᠦᠷ ᠤᠨ ᠲᠤᠶᠠᠭ᠎ᠠ︾ ᠭᠡᠬᠦ ᠲᠣᠮᠣ ᠲᠤᠰᠤᠨ ᠪᠤᠳᠤᠭ ᠤᠨ ᠵᠢᠷᠤᠭ ᠪᠣᠯᠣᠨ᠎ᠠ᠂ ᠡᠨᠡ ᠵᠢᠷᠤᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠪᠠᠶᠢᠳᠠᠯ ᠢ ᠲᠣᠳᠣᠬᠠᠨ ᠬᠠᠷᠠᠭᠤᠯᠵᠤ ᠪᠤᠢ᠃            ︽ᠡᠨᠡ ᠪᠣᠯ ᠮᠠᠨ ᠤ ᠥᠪᠥᠷ ᠮᠣᠩᠭᠤᠯ ᠤᠨ ᠬᠠᠮᠤᠭ ᠤᠨ ᠠᠷᠢᠭᠤᠨ ᠳᠠᠷᠬᠠᠨ ᠭᠠᠵᠠᠷ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠮᠡᠨᠳᠦᠯᠡᠭᠰᠡᠨ ᠭᠠᠵᠠᠷ ᠪᠣᠯᠣᠨ᠎ᠠ ᠁︾ ᠲᠠᠶᠢᠯᠪᠤᠷᠢᠯᠠᠭᠴᠢ ᠶᠢᠨ ᠶᠠᠷᠢᠬᠤ ᠶᠢ ᠰᠣᠨᠣᠰᠬᠤ ᠳᠤ  76 ᠵᠢᠯ ᠤᠨ ᠡᠮᠦᠨᠡᠬᠢ ᠪᠠᠶᠢᠳᠠᠯ ᠨᠢᠳᠦᠨ ᠳᠤ ᠬᠠᠷᠠᠭᠳᠠᠬᠤ ᠰᠢᠭ᠋ ᠪᠠᠶᠢᠯ᠎ᠠ ᠁            ᠶᠠᠫᠤᠨ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ ᠤ ᠳᠠᠷᠠᠭ᠎ᠠ ᠥᠪᠥᠷ ᠮᠣᠩᠭᠤᠯ ᠤᠨ ᠦᠨᠳᠦᠰᠦᠲᠡᠨ ᠤ ᠥᠪᠡᠷᠲᠡᠭᠡᠨ ᠵᠠᠰᠠᠬᠤ ᠬᠥᠳᠡᠯᠭᠡᠭᠡᠨ ᠤ ᠥᠷᠭᠡᠨ ᠳᠡᠯᠭᠡᠷ ᠭᠦᠨᠵᠡᠭᠡᠢ ᠥᠷᠨᠢᠬᠦ ᠶᠢ ᠳᠠᠭᠠᠯᠳᠤᠨ᠂ ᠨᠢᠭᠡᠳᠦᠭᠰᠡᠨ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠥᠯᠥᠭᠡᠯᠡᠭᠰᠡᠨ ᠠᠷᠠᠳ ᠤᠨ ᠵᠠᠰᠠᠭ ᠤᠨ ᠡᠷᠬᠡ ᠶᠢ ᠪᠠᠶᠢᠭᠤᠯᠬᠤ ᠨᠢ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠶᠢᠳᠡᠮ ᠤᠨ ᠬᠦᠰᠡᠯ ᠡᠷᠡᠮᠡᠯᠵᠡᠯ ᠪᠣᠯᠤᠭᠰᠠᠨ ᠪᠠᠶᠢᠨ᠎ᠠ᠃            1946 ᠣᠨ ᠤ 4 ᠰᠠᠷ᠎ᠠ ᠶᠢᠨ 3 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠨᠢᠭᠡᠳᠦᠯᠲᠡᠢ ᠬᠤᠷᠠᠯ ᠴᠧᠩᠳᠧ ᠳᠤ ᠬᠤᠷᠠᠯᠳᠤᠪᠠ᠂ ᠡᠨᠡ ᠨᠢ ᠳᠠᠷᠤᠢ ᠠᠯᠳᠠᠷᠲᠤ ︽ᠲᠦᠷᠪᠡᠨ ᠰᠠᠷ᠎ᠠ ᠶᠢᠨ ᠭᠤᠷᠪᠠᠨ ᠤ ᠬᠤᠷᠠᠯ︾ ᠪᠣᠯᠣᠨ᠎ᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠬᠰᠠᠨ ᠪᠦᠭᠦ ᠲᠥᠯᠥᠭᠡᠯᠡᠭᠴᠢᠳ ᠬᠠᠮᠲᠤ ᠪᠠᠷ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠨᠢᠭᠡᠳᠦᠯᠲᠡᠢ ᠬᠤᠷᠠᠯ ᠤᠨ ᠭᠤᠣᠯ ᠰᠢᠢᠳᠪᠦᠷᠢ︾ ᠶᠢ ᠪᠠᠲᠤᠯᠠᠪᠠ᠃            ︽ᠲᠦᠷᠪᠡᠨ ᠰᠠᠷ᠎ᠠ ᠶᠢᠨ ᠭᠤᠷᠪᠠᠨ ᠤ ᠬᠤᠷᠠᠯ︾ ᠪᠣᠯ ᠥᠪᠥᠷ ᠮᠣᠩᠭᠤᠯ ᠤᠨ ᠣᠶᠢᠷ᠎ᠠ ᠦᠶ᠎ᠡ ᠶᠢᠨ ᠲᠡᠦᠬᠡᠨ ᠳᠡᠭᠡᠷᠡᠬᠢ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠂ ᠲᠡᠭᠦᠨ ᠤ ᠠᠮᠵᠢᠯᠲᠠ ᠲᠠᠢ ᠬᠤᠷᠠᠯᠳᠤᠭᠰᠠᠨ   ᠨᠢ ᠴᠢᠩ ᠤᠯᠤᠰ ᠤᠨ ᠦᠶ᠎ᠡ ᠠᠴᠠ ᠨᠠᠭᠠᠰᠢᠬᠢ ᠥᠪᠥᠷ ᠮᠣᠩᠭᠤᠯ ᠤᠨ ᠵᠡᠭᠦᠨ ᠬᠡᠰᠡᠭ᠂ ᠪᠠᠷᠠᠭᠤᠨ ᠬᠡᠰᠡᠭ ᠤᠨ ᠭᠠᠵᠠᠷ ᠣᠷᠣᠨ ᠤ ᠤᠷᠳᠤ ᠬᠤᠭᠤᠴᠠᠭᠠᠨ ᠤ ᠬᠠᠭᠠᠴᠠᠨ ᠲᠤᠰᠠᠭᠠᠷᠯᠠᠭᠰᠠᠨ ᠪᠠᠶᠢᠳᠠᠯ ᠢ ᠡᠴᠦᠰᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠲᠡᠦᠬᠡᠲᠦ ᠴᠢᠨᠠᠷᠲᠠᠢ ᠠᠭᠤᠤ ᠶᠡᠭᠡ ᠡᠷᠭᠢᠯᠲᠡ ᠶᠢ ᠪᠡᠶᠡᠯᠡᠭᠦᠯᠵᠦ᠂ ᠮᠣᠩᠭᠤᠯ ᠦᠨᠳᠦᠰᠦᠲᠡᠨ ᠵᠢᠴᠢ ᠥᠪᠥᠷ ᠮᠣᠩᠭᠤᠯ ᠤᠨ ᠪᠤᠰᠤᠳ ᠡᠯ᠎ᠡ ᠦᠨᠳᠦᠰᠦᠲᠡᠨ ᠤ ᠬᠤᠪᠢᠰᠬᠠᠯᠲᠤ ᠬᠦᠴᠦᠨ ᠤ ᠤᠷᠢᠳ ᠡᠮᠦᠨ᠎ᠡ ᠪᠠᠶᠢᠭ᠎ᠠ ᠦᠭᠡᠢ ᠨᠢᠭᠡᠳᠦᠯ ᠪᠦᠯᠬᠦᠮᠳᠡᠯ ᠪᠣᠯᠣᠨ ᠬᠥᠭᠵᠢᠨ ᠪᠤᠵᠠᠭᠠᠶᠢᠷᠠᠬᠤ᠂ ᠭᠤᠮᠢᠨᠳᠠᠩ ᠤᠨ ᠲᠡᠷᠰᠯᠡᠭᠦᠴᠦᠳ ᠤᠨ ᠥᠪᠥᠷ ᠮᠣᠩᠭᠤᠯ ᠣᠷᠣᠨ ᠲᠡᠶᠢᠰᠢ ᠳᠠᠭᠠᠷᠢᠯᠲᠠ ᠬᠢᠬᠦ ᠶᠢ ᠡᠰᠡᠷᠭᠦᠴᠡᠨ ᠬᠤᠷᠢᠭᠯᠠᠬᠤ ᠪᠠ ᠬᠦᠴᠦᠲᠡᠢ ᠴᠣᠬᠢᠯᠲᠠ ᠥᠭᠬᠦ ᠳᠤ ᠴᠢᠬᠤᠯᠠ ᠪᠦᠬᠦᠢ ᠪᠥᠭᠡᠳ ᠴᠠᠭ ᠲᠠᠭᠠᠨ ᠲᠣᠬᠢᠷᠠᠭᠰᠠᠨ ᠪᠡᠯᠡᠳᠬᠡᠯ ᠬᠢᠭᠰᠡᠨ ᠪᠠᠶᠢᠨ᠎ᠠ᠃ ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠪᠣᠯᠣᠨ ᠬᠤᠪᠢᠰᠬᠠᠯᠲᠤ ᠲᠡᠮᠡᠴᠡᠯ ᠤᠨ ᠪᠦᠭᠦ ᠲᠠᠯ᠎ᠠ ᠪᠠᠷ ᠭᠦᠨᠵᠡᠭᠡᠶᠢᠷᠡᠨ ᠬᠥᠭᠵᠢᠬᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠪᠠᠶᠢᠭᠤᠯᠤᠭᠳᠠᠬᠤ ᠳᠤ ᠪᠠᠲᠤ ᠰᠠᠭᠤᠷᠢ ᠶᠢ ᠲᠠᠯᠪᠢᠵᠤ ᠥᠭᠴᠡᠢ᠃            1946 ᠣᠨ ᠤ 11 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢ ᠪᠣᠳᠣᠯᠬᠢᠯᠠᠬᠤ ᠲᠤᠬᠠᠢ ᠵᠢᠭᠠᠪᠤᠷᠢ︾ ᠭᠠᠷᠭᠠᠪᠠ᠃ 1947 ᠣᠨ ᠤ ᠡᠬᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠵᠢᠭᠠᠪᠤᠷᠢ ᠶᠢ ᠦᠨᠳᠦᠰᠦᠯᠡᠨ ᠤᠯᠠᠭᠠᠨᠬᠦᠦ ᠥᠪᠡᠷᠲᠡᠭᠡᠨ ᠵᠠᠰᠠᠬᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠤᠳᠤᠷᠢᠳᠬᠤ ᠪᠠᠶᠢᠭᠤᠯᠭ᠎ᠠ ᠪᠣᠯᠣᠨ ᠪᠠᠷᠠᠭᠤᠨ ᠮᠣᠩᠭᠤᠯ ᠤᠨ ᠭᠦᠢᠴᠡᠳᠬᠡᠬᠦ ᠬᠤᠷᠢᠶᠠᠨ ᠤ 40 ᠭᠠᠷᠤᠢ ᠬᠥᠮᠥᠨ ᠢ ᠳᠠᠭᠠᠭᠤᠯᠤᠨ ᠪᠡᠶᠢᠰᠡ ᠶᠢᠨ ᠰᠦᠮ᠎ᠡ ᠠᠴᠠ ᠮᠣᠷᠳᠠᠵᠤ ᠥᠪᠥᠷ ᠮᠣᠩᠭᠤᠯ ᠤᠨ ᠵᠡᠭᠦᠨ ᠬᠡᠰᠡᠭ ᠤᠨ ᠵᠢᠵᠢᠭ ᠬᠤᠳᠠ ᠸᠠᠩ ᠤᠨ ᠰᠦᠮ᠎ᠡ︵ᠤᠳᠤ ᠶᠢᠨ ᠤᠯᠠᠭᠠᠨᠬᠤᠲᠠ︶ ᠳᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠪᠠᠷ ᠪᠡᠯᠡᠳᠬᠡᠪᠡ᠃            ᠡᠨᠡ ᠦᠶ᠎ᠡ ᠳᠤ ᠵᠡᠭᠦᠨ ᠬᠤᠶᠢᠲᠤ ᠶᠢᠨ ᠴᠢᠯᠦᠭᠡᠯᠡᠬᠦ ᠳᠠᠶᠢᠨ ᠤ ᠪᠠᠶᠢᠳᠠᠯ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠠᠷᠠᠳ ᠤᠨ ᠴᠡᠷᠢᠭ ᠠᠩᠭᠢ ᠨᠢᠭᠡᠨᠲᠡ ᠵᠡᠭᠦᠨ ᠬᠤᠶᠢᠲᠤ ᠶᠢᠨ ᠳᠠᠶᠢᠨ ᠤ ᠲᠠᠯᠠᠪᠤᠷ ᠲᠠᠬᠢ ᠰᠠᠨᠠᠭᠠᠴᠢᠯᠠᠭᠠᠲᠤ ᠡᠷᠬᠡ ᠲᠠᠢ ᠪᠣᠯᠵᠠᠢ᠃ ︽ᠲᠦᠷᠪᠡᠨ ᠰᠠᠷ᠎ᠠ ᠶᠢᠨ ᠭᠤᠷᠪᠠᠨ ᠤ ᠬᠤᠷᠠᠯ︾ ᠤᠨ ᠳᠠᠷᠠᠭᠠᠬᠢ ᠨᠢᠭᠡ ᠵᠢᠯ ᠳᠤ ᠥᠪᠥᠷ ᠮᠣᠩᠭᠤᠯ ᠤᠨ ᠴᠢᠯᠦᠭᠡᠯᠡᠭᠳᠡᠭᠰᠡᠨ ᠣᠷᠣᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠥᠪᠥᠷ ᠮᠣᠩᠭᠤᠯ ᠤᠨ ᠦᠨᠳᠦᠰᠦᠲᠡᠨ ᠤ ᠥᠪᠡᠷᠲᠡᠭᠡᠨ ᠵᠠᠰᠠᠬᠤ ᠬᠥᠳᠡᠯᠭᠡᠭᠡᠨ  ᠪᠠᠷᠠᠭᠤᠨ‌ᠡᠴᠠ ᠵᠡᠭᠦᠨᠰᠢ ᠠᠯᠬᠤᠮ ᠠᠯᠬᠤᠮ ᠢᠶᠠᠷ ᠰᠢᠯᠵᠢᠭᠰᠡᠨ ᠪᠥᠭᠡᠳ ᠦᠳᠲᠡᠷ ᠲᠦᠷᠭᠡᠨ ᠥᠷᠨᠢᠨ ᠬᠥᠭᠵᠢᠵᠦ᠂ ᠬᠢᠩᠭᠠᠨ ᠠᠶᠢᠮᠠᠭ ᠢᠶᠠᠷ ᠲᠥᠪ ᠪᠤᠯᠭᠠᠬᠰᠠᠨ ᠵᠡᠭᠦᠨ ᠬᠡᠰᠡᠭ ᠤᠨ ᠠᠷᠤ ᠲᠠᠯ᠎ᠠ ᠶᠢᠨ ᠰᠠᠭᠤᠷᠢᠨ ᠭᠠᠵᠠᠷ ᠲᠠᠰᠤᠷᠠᠯᠳᠠ ᠦᠭᠡᠢ ᠪᠠᠬᠢᠵᠢᠨ ᠬᠥᠭᠵᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠷᠣᠨ ᠨᠤᠲᠤᠭ ‍ᠤᠨ‌ᠦᠨᠳᠦᠰᠦᠲᠡᠨ ᠤ ᠵᠡᠪᠰᠡᠭᠲᠦ ᠬᠦᠴᠦᠨ ᠶᠠᠭ ᠠᠷᠠᠳ ᠤᠨ ᠴᠡᠷᠢᠭ ᠠᠩᠭᠢ ᠪᠤᠯᠬᠤ ᠲᠡᠶᠢᠰᠢ ᠰᠢᠯᠵᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠮᠥᠵᠢᠭᠦᠯᠦᠯ ᠳᠣᠣᠷᠠᠬᠢ ᠦᠨᠳᠦᠰᠦᠲᠡᠨ ᠤ ᠺᠠᠳ᠋ᠷ ᠤᠨ ᠡᠩᠨᠡᠭᠡ ᠴᠦ ᠲᠠᠰᠤᠷᠠᠯᠳᠠ ᠦᠭᠡᠢ ᠪᠤᠵᠠᠭᠠᠶᠢᠷᠠᠪᠠ᠃            ᠡᠶᠢᠮᠦᠷᠬᠦᠦ ᠠᠰᠢᠭᠲᠠᠢ ᠪᠠᠶᠢᠳᠠᠯ ᠪᠣᠯᠣᠨ ᠳᠠᠪᠠᠭᠤᠯᠢᠭ ᠨᠥᠬᠦᠴᠡᠯ ᠳᠣᠣᠷ᠎ᠠ ᠥᠪᠥᠷ ᠮᠣᠩᠭᠤᠯ ᠤᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ᠂ ᠥᠪᠥᠷ ᠮᠣᠩᠭᠤᠯ ᠤᠨ ᠲᠡᠦᠬᠡ ᠶᠢᠨ ᠰᠢᠨ᠎ᠡ ᠡᠷᠢᠨ ᠢ ᠨᠡᠭᠡᠭᠡᠬᠦ ᠤᠷᠢᠳ ᠡᠮᠦᠨ᠎ᠡ ᠪᠠᠶᠢᠭ᠎ᠠ ᠦᠭᠡᠢ ᠦᠪᠡᠳᠡᠭᠰᠢ ᠶᠡᠭᠡ ᠬᠤᠷᠠᠯ - ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠠᠷᠤᠢ︽5·1︾ ᠤ ᠶᠡᠭᠡ ᠬᠤᠷᠠᠯ ᠬᠢᠩᠭᠠᠨ ᠠᠶᠢᠮᠠᠭ ᠤᠨ ᠸᠠᠩ ᠤᠨ ᠰᠦᠮ᠎ᠡ ᠵᠡᠭᠡᠯᠢ ᠳᠤ ᠦᠪᠡᠳᠡᠭᠰᠢ ᠶᠡᠭᠡ ᠪᠠᠷ ᠶᠠᠪᠤᠭᠳᠠᠪᠠ᠃            ᠲᠠᠪᠤᠨ ᠰᠠᠷ᠎ᠠ ᠶᠢᠨ ᠦᠦᠷ ᠤᠨ ᠲᠤᠶᠠᠭ᠎ᠠ  ᠲᠠᠯ᠎ᠠ ᠨᠤᠲᠤᠭ ᠢ ᠭᠡᠶᠢᠭᠦᠯᠪᠡ            1947 ᠣᠨ ᠤ 4 ᠰᠠᠷ᠎ᠠ ᠶᠢᠨ 23 ᠤ ᠡᠳᠦᠷ᠂ ᠬᠠᠪᠤᠷ ᠤᠨ ᠰᠠᠯᠬᠢ ᠬᠤᠷᠴᠢᠨ ᠤ ᠲᠠᠯ᠎ᠠ ᠨᠤᠲᠤᠭ ᠢ ᠢᠯᠪᠢᠵᠦ᠂ ᠬᠢᠩᠭᠠᠨ ᠠᠶᠢᠮᠠᠭ ᠤᠨ ᠸᠠᠩ ᠤᠨ ᠰᠦᠮ᠎ᠡ ᠵᠡᠭᠡᠯᠢ ᠶᠢᠨ ᠤᠳᠠ ᠤᠯᠢᠶᠠᠰᠤ ᠬᠥᠬᠡᠷᠡᠨ ᠨᠣᠭᠤᠭᠠᠷᠠᠨ᠎ᠠ᠃ ᠵᠡᠭᠡᠯᠢ ᠭᠤᠳᠤᠮᠵᠢ ᠶᠢᠨ ᠬᠤᠶᠠᠷ ᠲᠠᠯ᠎ᠠ ᠳᠤ ᠥᠩᠭᠡᠲᠦ ᠲᠤᠭ ᠨᠠᠮᠢᠷᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠤᠷᠮᠠᠰᠢᠨ ᠪᠠᠶᠠᠷᠯᠠᠵᠤ᠂ ᠬᠢᠵᠠᠭᠠᠯᠠᠰᠢ ᠦᠭᠡᠢ ᠪᠠᠶᠠᠷ ᠪᠠᠭ᠋ᠠᠳᠤᠯ ᠤᠨ ᠳᠤᠮᠳᠠ ᠰᠣᠭᠲᠣᠭᠤᠷᠠᠨ᠎ᠠ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠭᠡᠳ ᠤᠳᠠᠭᠰᠠᠨ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠦᠳᠡ ᠶᠢᠨ ᠬᠤᠶᠢᠨᠠᠬᠢ 1 ᠴᠠᠭ ᠤᠨ ᠦᠶ᠎ᠡ ᠪᠠᠷ ᠦᠪᠡᠳᠡᠭᠰᠢ ᠶᠡᠭᠡ ᠪᠠᠷ ᠡᠬᠢᠯᠡᠬᠦ ᠪᠣᠯᠣᠨ᠎ᠠ᠃            ︽5·1︾ ᠤ ᠬᠤᠷᠠᠯ ᠤᠨ ᠪᠠᠭᠤᠷᠢ ᠶᠢᠨ ᠶᠡᠭᠡ ᠲᠢᠩᠬᠢᠮ ᠳᠤ᠂ ᠵᠡᠭᠦᠨ ᠬᠤᠶᠢᠲᠤ ᠶᠢᠨ ᠺᠢᠨᠣ᠋ ᠶᠢᠨ ᠦᠢᠯᠡᠳᠪᠦᠷᠢ ᠶᠢᠨ ᠰᠡᠭᠦᠳᠡᠷᠯᠡᠭᠰᠡᠨ 8 ᠮᠢᠨᠦ᠋ᠲ ᠭᠠᠷᠤᠢ ᠶᠢᠨ ᠪᠤᠳᠤᠭ ᠦᠭᠡᠢ ᠺᠢᠨᠣ᠋ ᠡᠨᠡ ᠬᠦ ᠬᠤᠪᠣᠷ ᠨᠠᠨᠳᠢᠨ ᠲᠡᠦᠬᠡᠨ ᠴᠠᠭ ᠮᠥᠴᠡ ᠶᠢ ᠲᠡᠮᠳᠡᠭᠯᠡᠵᠡᠢ᠃            ᠥᠪᠥᠷ ᠮᠣᠩᠭᠤᠯ ᠤᠨ ᠬᠡᠰᠡᠭ ᠠᠶᠢᠮᠠᠭ ᠬᠤᠲᠠ ᠠᠴᠠ ᠢᠷᠡᠭᠰᠡᠨ ᠮᠠᠯᠴᠢᠨ ᠲᠠᠷᠢᠶᠠᠴᠢᠨ ᠤ ᠲᠥᠯᠥᠭᠡᠯᠡᠭᠴᠢ᠂ ᠡᠮᠡᠭᠲᠡᠶᠢᠴᠦᠳ ᠤᠨ ᠲᠥᠯᠥᠭᠡᠯᠡᠭᠴᠢ ᠵᠡᠷᠭᠡ ᠬᠤᠷᠠᠯ ᠳᠤ ᠣᠷᠣᠯᠴᠠᠭᠰᠠᠳ ᠮᠣᠷᠢᠨ ᠲᠡᠷᠭᠡ ᠪᠠᠨ ᠭᠡᠯᠢᠵᠦ᠂ ᠲᠡᠮᠡᠭᠡ ᠤᠨᠤᠵᠤ᠂ ᠮᠠᠶᠢᠬᠠᠨ ᠪᠠ ᠬᠠᠭᠤᠷᠠᠢ ᠬᠦᠨᠡᠰᠦ ᠪᠠᠨ ᠠᠪᠴᠤ᠂ ᠥᠷᠭᠡᠨ ᠠᠭᠤᠳᠠᠮ ᠲᠠᠯ᠎ᠠ ᠨᠤᠲᠤᠭ ᠵᠢᠴᠢ ᠡᠯᠡᠰᠦᠨ ᠴᠥᠯ ᠢᠶᠠᠷ ᠳᠡᠮᠵᠢᠨ ᠳᠥᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠵᠦ ᠪᠠᠶᠢᠭ᠎ᠠ ᠶᠢ ᠸᠢᠳᠢᠤ᠋ ᠳᠤ ᠲᠡᠮᠳᠡᠭᠯᠡᠨ ᠦᠯᠡᠳᠡᠭᠡᠵᠡᠢ᠃            ᠡᠨᠡ ᠵᠢᠯ 94 ᠨᠠᠰᠤᠲᠠᠢ ᠥᠯᠵᠡᠶᠢᠲᠦ ᠲᠤᠬᠠᠢ ᠶᠢᠨ ᠦᠶ᠎ᠡ ᠳᠤ ᠰᠡᠷᠭᠡᠶᠢᠯᠡᠨ ᠬᠠᠮᠠᠭᠠᠯᠠᠬᠤ ᠬᠤᠷᠢᠶᠠᠨ ᠤ ᠨᠢᠭᠡᠨ ᠡᠩ ᠤᠨ ᠪᠠᠶᠢᠯᠳᠤᠭᠴᠢ ᠶᠢᠨ ᠬᠤᠪᠢ ᠪᠠᠷ ᠳᠠᠶᠢᠴᠢᠨ ᠨᠥᠬᠦᠳ ᠲᠠᠢ ᠪᠠᠨ ᠬᠠᠮᠲᠤ ︽5·1︾ ᠤ ᠶᠡᠭᠡ ᠬᠤᠷᠠᠯ‌‍ᠤᠨ ᠢᠯᠠᠯᠲᠠ ᠲᠠᠢ ᠪᠠᠷ ᠬᠤᠷᠠᠯᠳᠤᠬᠤ ᠶᠢ ᠪᠠᠲᠤᠯᠠᠭᠰᠠᠨ ᠪᠠᠶᠢᠨ᠎ᠠ᠃      ︽ᠲᠡᠷᠡ ᠡᠳᠦᠷ ᠵᠡᠭᠡᠯᠢ ᠳᠡᠭᠡᠷ᠎ᠡ ᠬᠠᠷᠠᠩᠭ᠎ᠠ ᠬᠡᠩᠭᠡᠷᠭᠡ ᠨᠢᠵᠢᠭᠢᠨᠡᠵᠦ᠂ ᠭᠠᠵᠠᠷ ᠪᠣᠯᠭᠠᠨ ᠳᠤ ᠶᠠᠩᠭᠠᠷ ᠪᠥᠵᠢᠭᠯᠡᠵᠦ᠂ ᠤᠷᠢᠶ᠎ᠠ ᠯᠣᠽᠦᠩ ᠨᠠᠭᠠᠵᠤ᠂ ᠬᠤᠷᠠᠯ ᠤᠨ ᠲᠠᠯᠠᠪᠠᠢ ᠳᠤ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ᠂ ᠦᠨᠳᠦᠰᠦᠲᠡᠨ‌ᠨᠦᠭᠦᠳ ᠤᠨ ᠤᠯᠠᠨ ᠲᠦᠮᠡᠨ ᠪᠦᠷ ︿ᠮᠠᠤ ᠲᠡᠷᠢᠭᠦᠯᠡᠭᠴᠢ ᠮᠠᠨᠳᠤᠲᠤᠭᠠᠢ﹀᠂ ︿ᠡᠪ ᠬᠠᠮᠲᠤ ᠨᠠᠮ‌ᠮᠠᠨᠳᠤᠲᠤᠭᠠᠢ﹀᠂ ︿ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠮᠠᠨᠳᠤᠲᠤᠭᠠᠢ﹀ ᠭᠡᠵᠦ ᠬᠠᠰᠬᠢᠷᠴᠤ᠂ ᠬᠥᠮᠥᠨ ᠪᠦᠭᠦᠨ ᠴᠥᠮ ᠪᠠᠶᠠᠷ ᠵᠢᠷᠭᠠᠯ ᠲᠠᠢ ᠪᠠᠶᠢᠯ᠎ᠠ︾ ᠭᠡᠵᠦ ᠥᠯᠵᠡᠶᠢᠲᠦ ᠡᠷᠭᠢᠴᠡᠭᠦᠯᠦᠨ ᠬᠡᠯᠡᠪᠡ᠃            ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠥᠲᠥᠯᠪᠦᠷᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠦᠷ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠶᠢᠨ ᠬᠥᠲᠥᠯᠪᠦᠷᠢ︾᠂ ︽ᠶᠡᠭᠡ ᠬᠤᠷᠠᠯ ᠤᠨ ᠰᠣᠩᠭᠤᠭᠤᠯᠢ ᠶᠢᠨ ᠳᠦᠷᠢᠮ︾ ᠵᠡᠷᠭᠡ ᠳᠦᠷᠢᠮ ᠤᠨ ᠪᠢᠴᠢᠭ ᠮᠠᠲ᠋ᠧᠷᠢᠶᠠᠯ ᠢ ᠰᠠᠨᠠᠯ ᠨᠢᠭᠡᠲᠡᠢ ᠪᠠᠲᠤᠯᠠᠪᠠ᠃ ᠡᠳᠡᠭᠡᠷ ᠳᠦᠷᠢᠮ ᠤᠨ ᠠᠭᠤᠯᠭ᠎ᠠ ᠨᠢ ᠪᠦᠷᠢᠨ ᠲᠡᠭᠦᠯᠳᠡᠷ᠂ ᠬᠠᠷᠢᠯᠴᠠᠨ ᠢᠵᠢ ᠪᠦᠷᠢᠳᠦᠭᠰᠡᠨ᠂ ᠠᠩᠬ᠎ᠠ ᠠᠯᠬᠤᠮ ᠰᠢᠰᠲ᠋ᠧᠮ ᠲᠠᠢ ᠪᠣᠯᠤᠭᠰᠠᠨ ᠨᠢ ᠥᠪᠥᠷ ᠮᠣᠩᠭᠤᠯ ᠣᠷᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠦ ᠶᠢᠨ ᠪᠣᠳᠣᠯᠭ᠎ᠠ ᠶᠢ ᠲᠤᠰᠬᠠᠶᠢᠯᠠᠨ ᠬᠡᠷᠡᠭᠵᠢᠭᠦᠯᠬᠦ ᠳᠦᠷᠢᠮ ᠤᠨ ᠪᠢᠴᠢᠭ ᠮᠠᠲ᠋ᠧᠷᠢᠶᠠᠯ ᠪᠣᠯᠣᠨ᠎ᠠ᠃ ᠡᠭᠦᠨ ᠤ ᠬᠠᠮᠲᠤ᠂ ᠰᠣᠩᠭᠤᠭᠤᠯᠢ ᠶᠠᠪᠤᠭᠤᠯᠵᠤ ᠤᠯᠠᠭᠠᠨᠬᠦᠦ ᠪᠠᠷ ᠲᠡᠷᠢᠭᠦᠯᠡᠭᠴᠢ᠂ ᠬᠠᠹᠤᠩᠭ᠎ᠠ ᠪᠠᠷ ᠳᠡᠳ᠋ ᠲᠡᠷᠢᠭᠦᠯᠡᠭᠴᠢ ᠪᠤᠯᠭᠠᠬᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠣᠯᠣᠨ ᠪᠤᠶᠠᠨᠮᠠᠨᠳᠤᠬᠤ ᠪᠠᠷ ᠵᠥᠪᠯᠡᠯᠭᠡᠨ ᠤ ᠬᠤᠷᠠᠯ ᠤᠨ ᠳᠠᠷᠤᠭ᠎ᠠ᠂ ᠵᠠᠶᠠᠭᠠᠲᠠᠢ ᠪᠠᠷ ᠳᠡᠳ᠋ ᠳᠠᠷᠤᠭ᠎ᠠ ᠪᠤᠯᠭᠠᠬᠰᠠᠨ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠲᠦᠷ ᠴᠠᠭ ᠤᠨ ᠵᠥᠪᠯᠡᠯᠭᠡᠨ ᠤ ᠬᠤᠷᠠᠯ ᠢ ᠰᠣᠩᠭᠤᠨ ᠭᠠᠷᠭᠠᠪᠠ᠃            1947 ᠣᠨ ᠤ 5 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨᠠᠬᠢ 7 ᠴᠠᠭ ᠲᠤ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠵᠢᠩᠬᠢᠨᠢ ᠪᠠᠷ ᠪᠠᠶᠢᠭᠤᠯᠤᠭᠳᠠᠭᠰᠠᠨ ᠢ ᠲᠤᠩᠬᠠᠭᠯᠠᠪᠠ᠃ ︽ᠡᠷᠬᠢᠮ ᠲᠠ ᠨᠠᠷ ᠲᠤ ᠴᠢᠩ ᠰᠡᠳᠬᠢᠯ ᠠᠴᠠ ᠪᠠᠨ ᠲᠠᠩᠭᠠᠷᠢᠭᠯᠠᠶ᠎ᠠ᠂ ᠥᠪᠥᠷ ᠮᠣᠩᠭᠤᠯ ᠤᠨ ᠠᠷᠠᠳ ᠲᠦᠮᠡᠨ ᠳᠤ ᠦᠢᠯᠡᠴᠢᠯᠡᠵᠦ᠂ ᠥᠪᠡᠷ ᠢ ᠪᠠᠨ ᠬᠠᠮᠠᠭᠠᠯᠠᠬᠤ ᠲᠠᠶᠢᠨ ᠪᠣᠯᠣᠨ ᠴᠢᠯᠦᠭᠡᠯᠡᠬᠦ ᠲᠠᠶᠢᠨ ᠤ ᠢᠯᠠᠯᠲᠠ ᠶᠢ ᠡᠷᠡᠰ ᠲᠡᠮᠡᠴᠡᠨ ᠣᠯᠬᠤ ᠶᠢᠨ ᠲᠥᠯᠥᠭᠡ᠂ ᠥᠪᠥᠷ ᠮᠣᠩᠭᠤᠯ ᠢ ᠲᠤᠶᠢᠯᠪᠤᠷᠢᠲᠠᠢ ᠴᠢᠯᠦᠭᠡᠯᠡᠬᠦ ᠶᠢᠨ ᠲᠥᠯᠥᠭᠡ ᠲᠡᠮᠡᠴᠡᠨ᠎ᠡ︾ ᠭᠡᠵᠦ ᠲᠡᠷᠡ ᠬᠦ ᠡᠷᠲᠡᠨ ᠤ ᠵᠢᠵᠢᠭ ᠠᠰᠠᠷ ᠲᠤ ᠴᠤᠤᠷᠢᠶᠠᠲᠤᠭᠰᠠᠨ ᠡᠷᠡᠰ ᠪᠠᠲᠤ ᠲᠠᠩᠭᠠᠷᠢᠭ ᠨᠢ ᠤᠳᠤ ᠪᠤᠯᠲᠠᠯ᠎ᠠ ᠬᠥᠮᠥᠰ ᠤᠨ ᠤᠢ ᠴᠡᠭᠡᠵᠢᠨ ᠳᠤ ᠬᠠᠳᠠᠩᠰᠢᠭᠰᠠᠭᠠᠷ᠃            1947 ᠣᠨ ᠤ 5 ᠰᠠᠷ᠎ᠠ ᠶᠢᠨ 19 ᠤ ᠡᠳᠦᠷ᠂ ᠲᠡᠷᠢᠭᠦᠯᠡᠭᠴᠢ ᠮᠠᠤ ᠽᠧ ᠳ᠋ᠦᠩ᠂ ᠶᠡᠷᠦᠩᠬᠡᠢ ᠰᠧᠯᠢᠩ ᠵᠦ ᠳ᠋ᠧ ᠴᠠᠭᠢᠯᠭᠠᠨ ᠮᠡᠳᠡᠭᠡ ᠢᠷᠡᠭᠦᠯᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠳᠤ ᠪᠠᠶᠠᠷ ᠬᠦᠷᠭᠡᠪᠡ᠃ ᠪᠠᠶᠠᠷ ᠤᠨ ᠴᠠᠭᠢᠯᠭᠠᠨ ᠳᠠᠭᠠᠨ᠄ ︽ᠬᠦᠴᠢᠷ ᠪᠡᠷᠬᠡᠰᠢᠶᠡᠯ ᠢ ᠬᠠᠨᠤᠲᠠᠯ᠎ᠠ ᠠᠮᠰᠠᠭᠰᠠᠨ ᠥᠪᠥᠷ ᠮᠣᠩᠭᠤᠯ ᠤᠨ ᠠᠬ᠎ᠠ ᠳᠡᠭᠦᠦ ᠨᠠᠷ ᠲᠠ ᠨᠠᠷ ᠤᠨ ᠤᠳᠤᠷᠢᠳᠤᠯᠭ᠎ᠠ ᠳᠣᠣᠷ᠎ᠠ ᠡᠷᠬᠡ ᠴᠢᠯᠦᠭᠡᠲᠦ ᠭᠡᠭᠡᠨ ᠰᠠᠷᠠᠭᠤᠯ ᠰᠢᠨ᠎ᠡ ᠲᠡᠦᠬᠡ ᠶᠢ ᠡᠬᠢᠯᠡᠨ ᠡᠭᠦᠳᠴᠦ ᠪᠠᠶᠢᠨ᠎ᠠ᠃ ᠮᠣᠩᠭᠤᠯ ᠦᠨᠳᠦᠰᠦᠲᠡᠨ ᠬᠢᠲᠠᠳ ᠦᠨᠳᠦᠰᠦᠲᠡᠨ ᠪᠣᠯᠣᠨ ᠤᠯᠤᠰ ᠤᠨ ᠳᠣᠲᠣᠭᠠᠳᠤ ᠶᠢᠨ ᠪᠤᠰᠤᠳ ᠦᠨᠳᠦᠰᠦᠲᠡᠨ ᠲᠠᠢ ᠨᠢᠭᠲᠠᠷᠠᠨ ᠪᠦᠯᠬᠦᠮᠳᠡᠵᠦ᠂ ᠦᠨᠳᠦᠰᠦᠲᠡᠨ ᠤ ᠳᠠᠷᠤᠯᠠᠯ ᠪᠣᠯᠣᠨ ᠹᠧᠣᠳᠠᠯ ᠤᠨ ᠳᠠᠷᠤᠯᠠᠯ ᠢ ᠱᠦᠭᠦᠷᠳᠡᠨ ᠠᠷᠢᠯᠭᠠᠵᠤ᠂ ᠰᠢᠨ᠎ᠡ ᠮᠣᠩᠭᠤᠯ ᠪᠣᠯᠣᠨ ᠰᠢᠨ᠎ᠡ ᠳᠤᠮᠳᠠᠳᠤ ᠤᠯᠤᠰ ᠢ ᠪᠠᠶᠢᠭᠤᠯᠬᠤ ᠶᠢᠨ ᠲᠥᠯᠥᠭᠡ ᠲᠡᠮᠡᠴᠡᠬᠦ ᠶᠢ ᠪᠢᠳᠡ ᠢᠲᠡᠭᠡᠵᠦ ᠪᠠᠶᠢᠨ᠎ᠠ︕ ᠲᠠ ᠨᠠᠷ ᠤᠨ ᠢᠯᠠᠯᠲᠠ ᠶᠢ ᠪᠡᠯᠭᠡᠯᠡᠶ᠎ᠡ︕︾ ᠭᠡᠵᠦ ᠬᠡᠯᠡᠪᠡ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠨᠢ ᠥᠪᠥᠷ ᠮᠣᠩᠭᠤᠯ ᠣᠷᠣᠨ ᠤ ᠠᠷᠠᠳ ᠲᠦᠮᠡᠨ ᠤ ᠤᠯᠠᠨ ᠵᠢᠯ ᠤᠨ ᠲᠤᠷᠰᠢᠬᠢ ᠨᠢᠭᠡᠳᠦᠯ ᠪᠠ ᠥᠪᠡᠷᠲᠡᠭᠡᠨ ᠵᠠᠰᠠᠬᠤ ᠶᠢ ᠬᠦᠰᠡᠭᠰᠡᠨ ᠬᠦᠰᠡᠯ ᠡᠷᠡᠮᠡᠯᠵᠡᠯ ᠢ ᠪᠡᠶᠡᠯᠡᠭᠦᠯᠵᠦ᠂ ᠥᠪᠥᠷ ᠮᠣᠩᠭᠤᠯ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠡᠪ ᠬᠠᠮᠲᠤ ᠨᠠᠮ ᠢ ᠳᠠᠭᠠᠵᠤ᠂ ᠪᠦᠯᠬᠦᠮᠳᠡᠨ ᠨᠢᠭᠡᠳᠴᠦ᠂ ᠴᠢᠯᠦᠭᠡᠯᠡᠯᠲᠡ ᠶᠢ ᠬᠠᠮᠲᠤ ᠪᠠᠷ ᠡᠷᠢᠯᠬᠢᠯᠡᠬᠦ ᠬᠤᠪᠢᠰᠬᠠᠯᠲᠤ ᠬᠠᠯᠠᠭᠤᠨ ᠰᠡᠳᠬᠢᠯᠭᠡ ᠪᠠ ᠢᠲᠡᠭᠡᠯ ᠵᠣᠷᠢᠭ ᠢ ᠲᠤᠶᠢᠯ ᠤᠨ ᠶᠡᠭᠡ ᠪᠠᠷ ᠵᠣᠷᠢᠭᠵᠢᠭᠤᠯᠵᠤ᠂ ᠥᠪᠥᠷ ᠮᠣᠩᠭᠤᠯ ᠣᠷᠣᠨ ᠤ ᠨᠡᠶᠢᠭᠡᠮ ᠤᠨ ᠥᠭᠡᠷᠡᠴᠢᠯᠡᠯᠲᠡ᠂ ᠠᠵᠤ ᠠᠬᠤᠢ ᠰᠣᠶᠣᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠯᠤᠰ ᠭᠡᠳᠦ ᠶᠢᠨ ᠨᠥᠯᠥᠭᠡ ᠦᠵᠡᠭᠦᠯᠵᠡᠢ᠃            ᠬᠤᠪᠢᠰᠬᠠᠯ ᠤᠨ ᠤᠳᠤᠮᠰᠢᠯ ᠢ ᠡᠭᠦᠷᠢᠳᠡ ᠤᠯᠠᠮᠵᠢᠯᠠᠨ ᠵᠠᠯᠭᠠᠮᠵᠢᠯᠠᠨ᠎ᠠ            ᠤᠯᠠᠭᠠᠨᠬᠤᠲᠠ ᠭᠡᠳᠡᠭ ᠨᠢ  ︽ᠬᠤᠪᠢᠰᠬᠠᠯ ᠤᠨ ᠬᠤᠲᠠ︾ ᠭᠡᠰᠡᠨ ᠤᠳᠬ᠎ᠠ ᠲᠠᠢ᠂ ᠲᠡᠦᠬᠡ ᠶᠢᠨ ᠠᠵᠠ ᠲᠣᠭᠢᠶᠠᠯ ᠨᠢ ᠡᠨᠡ ᠬᠦ ᠨᠤᠲᠤᠭ ᠳᠡᠪᠢᠰᠬᠡᠷ ᠲᠤ ᠪᠠᠯᠠᠷᠠᠰᠢ ᠦᠭᠡᠢ ᠬᠤᠪᠢᠰᠬᠠᠯ ᠤᠨ ᠰᠦᠭ ᠰᠦᠨᠡᠰᠦ ᠶᠢ ᠣᠯᠭᠤᠵᠤ᠂ ᠠᠳᠡᠬᠢ ᠶᠢ ︽ᠲᠠᠯ᠎ᠠ ᠨᠤᠲᠤᠭ ᠤᠨ ᠶᠠᠨ ᠠᠨ︾ ᠭᠡᠬᠦ ᠥᠩᠭᠡ ᠬᠡᠷᠡᠯᠳᠦ ᠨᠡᠷᠡᠶᠢᠳᠦᠯ ᠲᠠᠢ ᠪᠣᠯᠭᠠᠵᠠᠢ᠃            ᠡᠨᠡ ᠬᠤᠲᠠ ᠳᠤ  ᠪᠠᠶᠢᠷᠢᠯᠠᠭ᠎ᠠ ︽5·1︾ ᠤ ᠬᠤᠷᠠᠯ ᠤᠨ ᠪᠠᠭᠤᠷᠢ ᠨᠢ ᠬᠤᠪᠢᠰᠬᠠᠯ ᠤᠨ ᠲᠡᠦᠬᠡ ᠶᠢᠨ ᠦᠨᠡᠨ ᠪᠣᠳᠠᠲᠠᠢ ᠭᠡᠷᠡᠴᠢ ᠪᠤᠯᠬᠤ ᠪᠠᠷ ᠪᠠᠷᠠᠬᠤ ᠦᠭᠡᠢ ᠪᠠᠰᠠ ᠴᠤ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠠᠴᠢᠶᠠᠯᠠᠪᠤᠷᠢ ᠪᠣᠯᠣᠨ᠎ᠠ᠃ ︽5·1︾ ᠤ ᠬᠤᠷᠠᠯ ᠤᠨ ᠪᠠᠭᠤᠷᠢ ᠨᠢ 1995 ᠣᠨ ᠤ 7 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠵᠢᠭᠰᠠᠭᠠᠭᠳᠠᠪᠠ᠃ 2006 ᠣᠨ ᠤ 5 ᠰᠠᠷ᠎ᠠ ᠶᠢᠨ 25 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠢᠶᠠᠷ ᠵᠥᠪᠰᠢᠶᠡᠷᠡᠵᠦ᠂ 2009 ᠣᠨ ᠤ 5 ᠰᠠᠷ᠎ᠠ ᠳᠤ ᠲᠥᠪ ᠤᠨ ᠤᠬᠠᠭᠤᠯᠬᠤ ᠬᠡᠯᠲᠡᠰ ᠠᠴᠠ ᠪᠦᠭᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠢᠶᠠᠷ ᠨᠡᠶᠢᠲᠡᠯᠡᠪᠡ᠃            ᠣᠶᠢᠷ᠎ᠠ ᠶᠢᠨ ᠵᠢᠯ ᠠᠴᠠ ᠬᠢᠩᠭᠠᠨ ᠠᠶᠢᠮᠠᠭ ᠬᠤᠪᠢᠰᠬᠠᠯ ᠤᠨ ᠦᠯᠡᠳᠡᠭᠳᠡᠯ ᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰ ᠪᠡᠶ᠎ᠡ ᠶᠢᠨ ᠠᠭᠤᠯᠤᠭᠳᠠᠬᠤᠨ ᠪᠣᠯᠣᠨ ᠣᠨᠴᠠᠯᠢᠭ ᠢ ᠰᠡᠷᠭᠦᠭᠡᠵᠦ᠂ ᠳᠡᠯᠭᠡᠨ ᠦᠵᠡᠭᠦᠯᠵᠦ ᠠᠰᠢᠭᠯᠠᠬᠤ ᠭᠡᠯᠪᠡᠷᠢ ᠶᠢᠨ ᠰᠢᠨ᠎ᠡ ᠶᠢ ᠡᠭᠦᠳᠪᠡ᠃ ᠡᠳᠦᠭᠡ︽ᠨᠢᠭᠡ ᠣᠷᠳᠣᠨ ᠭᠤᠷᠪᠠᠨ ᠪᠠᠭᠤᠷᠢ︾ ᠪᠠᠷ ᠭᠤᠣᠯ ᠪᠤᠯᠭᠠᠬᠰᠠᠨ ᠬᠤᠪᠢᠰᠬᠠᠯ ᠤᠨ ᠬᠥᠮᠦᠵᠢᠯ ᠤᠨ ᠵᠢᠭᠤᠯᠴᠢᠯᠠᠯ ᠨᠢ ᠠᠭᠠᠵᠢᠮ ᠢᠶᠠᠷ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠨᠢᠭᠡᠨ ᠶᠡᠭᠡ ᠭᠢᠯᠠᠰ ᠴᠡᠭ ᠪᠣᠯᠵᠤ᠂  ᠨᠡᠩ ᠤᠯᠠᠨ ᠵᠢᠭᠤᠯᠴᠢᠯᠠᠬᠰᠠᠳ ᠤᠨ ᠠᠩᠬᠠᠷᠤᠯ ᠢ ᠲᠠᠲᠠᠪᠠ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ 1947 ᠣᠨ ᠤ 5 ᠰᠠᠷ᠎ᠠ ᠶᠢᠨ 1 ᠤ ᠡᠳᠦᠷ ᠤᠨ ᠠᠩᠬᠠᠨ ᠤ ᠦᠷ ᠤᠨ ᠲᠤᠶᠠᠭ᠎ᠠ ᠤᠯᠠᠭᠠᠨ ᠬᠤᠳᠠ ᠠᠴᠠ ᠮᠠᠨᠳᠤᠵᠤ ᠲᠠᠯ᠎ᠠ ᠨᠤᠲᠤᠭ ᠢ ᠭᠡᠶᠢᠭᠦᠯᠪᠡ᠃ ᠠᠩᠬᠠᠨ ᠤ ᠪᠦᠷᠢᠶ᠎ᠡ ᠬᠢᠩᠭᠠᠨ ᠤ ᠣᠭᠲᠠᠷᠭᠤᠢ ᠳᠤ ᠬᠠᠩᠭᠢᠨᠠᠨ ᠴᠤᠤᠷᠢᠶᠠᠲᠤᠵᠤ᠂ ᠤᠮᠠᠷᠠᠲᠤ ᠬᠢᠯᠢ ᠶᠢᠨ ᠬᠥᠪᠡᠭᠦᠳ ᠥᠬᠢᠳ ᠲᠤ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠣᠯᠭᠤᠪᠠ᠃            ᠭᠠᠶᠢᠬᠠᠮᠰᠢᠭᠲᠤ ᠰᠠᠶᠢᠬᠠᠨ  ᠲᠡᠦᠬᠡ ᠶᠢ ᠠᠴᠢᠶᠠᠯᠠᠭᠰᠠᠨ ︽5·1︾ ᠤ ᠬᠤᠷᠠᠯ ᠤᠨ ᠪᠠᠭᠤᠷᠢ ᠨᠢ ᠡᠨᠡ ᠬᠦ ᠬᠤᠳᠠ ᠶᠢᠨ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠬᠤ ᠶᠢ ᠭᠡᠷᠡᠴᠢᠯᠡᠵᠦ᠂ ᠲᠡᠭᠦᠨ ᠤ ᠤᠯᠠᠮᠵᠢᠯᠠᠨ ᠵᠠᠯᠭᠠᠮᠵᠢᠯᠠᠭᠰᠠᠨ ᠬᠤᠪᠢᠰᠬᠠᠯ ᠤᠨ ᠤᠳᠤᠮᠰᠢᠯ ᠨᠢ ᠨᠡᠩ ᠴᠤ ᠴᠢᠰᠤᠨ ᠳᠤ ᠠᠭᠤᠰᠴᠤ᠂ ᠬᠢᠩᠭᠠᠨ ᠤ ᠦᠨᠳᠦᠰᠦᠲᠡᠨ ᠨᠦᠭᠦᠳ ᠤᠨ ᠬᠥᠪᠡᠭᠦᠳ ᠥᠬᠢᠳ ᠢ ᠤᠷᠮᠠᠰᠢᠭᠤᠯᠤᠨ ᠵᠣᠷᠢᠭᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号