ᠮᠠᠨ ᠤ ᠣᠷᠣᠨ ᠤ 257 ᠪᠦᠲᠦᠭᠡᠯ ᠣᠯᠠᠨ ᠤᠯᠤᠰ ᠤᠨ ᠬᠡᠪᠯᠡᠯ ᠤᠨ ᠡᠷᠬᠡ ᠶᠢᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠵᠠᠢ
ᠨᠡᠶᠢᠲᠡᠯᠡᠭᠰᠡᠨ ᠴᠠᠭ᠄
2023/11/28
     ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠠᠴᠠ ᠣᠶᠢᠯᠠᠭᠠᠭᠰᠠᠨ ᠢᠶᠠᠷ᠂ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠡᠪᠯᠡᠯ ᠤᠨ ᠡᠷᠬᠡ ᠶᠢᠨ ᠦᠵᠡᠰᠭᠦᠯᠡᠩ ᠤᠨ ᠴᠤᠭᠯᠠᠭᠠᠨ ᠣᠷᠴᠢᠮᠬᠠᠨ ᠴᠧᠩᠳᠦ᠋ ᠬᠤᠲᠠ ᠳᠤ ᠶᠠᠪᠤᠭᠳᠠᠵᠤ᠂ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ 257 ᠬᠤᠪᠢ ᠲᠥᠯᠥᠭᠡᠯᠡᠬᠦ ᠴᠢᠨᠠᠷᠲᠠᠢ ᠬᠡᠪᠯᠡᠯ ᠤᠨ ᠡᠷᠬᠡ ᠶᠢᠨ ᠪᠦᠲᠦᠭᠡᠯ ᠢ ᠳᠡᠯᠭᠡᠨ ᠦᠵᠡᠭᠦᠯᠦᠭᠰᠡᠨ ᠪᠠᠶᠢᠨ᠎ᠠ᠃      ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠡᠪᠯᠡᠯ ᠤᠨ ᠡᠷᠬᠡ ᠶᠢᠨ ᠦᠵᠡᠰᠭᠦᠯᠡᠩ ᠤᠨ ᠴᠤᠭᠯᠠᠭᠠᠨ ᠳᠡᠭᠡᠷ᠎ᠡ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠨᠢ ︽ᠬᠡᠪᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ ᠤᠮᠠᠷᠠᠲᠤ ᠬᠢᠯᠢ ᠶᠢᠨ ᠰᠣᠶᠣᠯ ᠢ ᠬᠥᠭᠵᠢᠭᠦᠯᠦᠨ ᠮᠠᠨᠳᠤᠭᠤᠯᠬᠤ︾ ᠪᠠᠷ ᠭᠤᠣᠯ ᠰᠡᠳᠦᠪ ᠪᠣᠯᠭᠠᠨ ᠲᠠᠭᠤ ᠳᠦᠷᠰᠦ ᠰᠢᠩᠭᠡᠭᠡᠯᠲᠡ ᠶᠢᠨ ᠬᠡᠪᠯᠡᠯ ᠤᠨ ᠡᠷᠬᠡ ᠶᠢᠨ ᠪᠦᠲᠦᠭᠡᠭᠳᠡᠬᠦᠨ᠂ ᠷᠠᠳᠢᠣ᠋ ᠲᠧᠯᠸᠢᠰ ᠵᠠᠭᠤᠴᠢᠯᠠᠭᠤᠷ ᠤᠨ ᠡᠬᠢ ᠪᠠᠶᠠᠯᠢᠭ ᠪᠣᠯᠣᠨ ᠨᠢᠭᠡ ᠪᠦᠯᠦᠭ ᠥᠪᠥᠷ ᠮᠣᠩᠭᠤᠯ ᠤᠨ ᠣᠨᠴᠠᠯᠢᠭ ᠲᠠᠢ ᠠᠷᠠᠳ  ᠤᠨ ᠤᠳᠬ᠎ᠠ ᠤᠷᠠᠯᠢᠭ ᠤᠨ ᠴᠢᠨᠠᠷ ᠰᠠᠶᠢᠲᠠᠢ ᠬᠡᠪᠯᠡᠯ ᠤᠨ ᠡᠷᠬᠡ ᠶᠢᠨ ᠪᠦᠲᠦᠭᠡᠯ ᠢ ᠳᠡᠯᠭᠡᠨ ᠦᠵᠡᠭᠦᠯᠵᠦ᠂ ᠪᠣᠳᠠᠲᠤ ᠪᠣᠳᠠᠰ ᠤᠨ ᠦᠵᠡᠭᠦᠯᠭᠡ ᠪᠣᠯᠣᠨ ᠲᠣᠭᠠᠴᠢᠯᠠᠭᠰᠠᠨ ᠦᠵᠡᠭᠦᠯᠭᠡ ᠪᠠᠷ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ᠂ ᠲᠠᠭᠤ ᠳᠦᠷᠰᠦ ᠰᠢᠩᠭᠡᠭᠡᠯᠲᠡ ᠵᠡᠷᠭᠡ ᠬᠡᠪᠯᠡᠯ ᠤᠨ ᠡᠷᠬᠡ ᠶᠢᠨ ᠪᠦᠲᠦᠭᠡᠯ ᠵᠢᠴᠢ ᠠᠷᠠᠰᠤᠨ ᠰᠡᠶᠢᠯᠦᠮᠡᠯ᠂ ᠡᠯᠡᠰᠦᠨ ᠵᠢᠷᠤᠭ᠂ ᠴᠠᠭᠠᠰᠤᠨ ᠬᠠᠶᠢᠴᠢᠯᠠᠮᠠᠯ᠂ ᠨᠣᠣᠰᠣᠨ ᠬᠠᠳᠬᠤᠮᠠᠯ ᠵᠡᠷᠭᠡ ᠤᠯᠠᠮᠵᠢᠯᠠᠯᠲᠤ ᠭᠠᠷ ᠤᠷᠠᠯᠠᠯ ᠤᠨ ᠲᠥᠯᠥᠭᠡᠯᠡᠬᠦ ᠴᠢᠨᠠᠷᠲᠠᠢ ᠬᠡᠪᠯᠡᠯ ᠤᠨ ᠡᠷᠬᠡ ᠶᠢᠨ ᠪᠦᠲᠦᠭᠡᠯ ᠢ ᠳᠡᠯᠭᠡᠨ ᠦᠵᠡᠭᠦᠯᠵᠡᠢ᠃      ᠣᠶᠢᠯᠠᠭᠠᠭᠰᠠᠨ ᠢᠶᠠᠷ᠂ ᠮᠠᠨ ᠤ ᠣᠷᠣᠨ ᠪᠣᠯ ᠪᠦᠭᠦ ᠤᠯᠤᠰ ᠤᠨ ᠠᠷᠠᠳ ᠤᠨ ᠤᠳᠬ᠎ᠠ ᠤᠷᠠᠯᠢᠭ ᠤᠨ ᠬᠡᠪᠯᠡᠯ  ᠤᠨ ᠡᠷᠬᠡ ᠶᠢ ᠬᠠᠮᠠᠭᠠᠯᠠᠬᠤ ᠪᠠ ᠠᠬᠢᠭᠤᠯᠬᠤ ᠲᠤᠷᠰᠢᠯᠲᠠ ᠶᠢᠨ ᠮᠤᠵᠢ ᠣᠷᠣᠨ ᠤ ᠨᠢᠭᠡ ᠪᠠᠶᠢᠵᠤ᠂ ᠣᠳᠣᠬᠠᠨ ᠳᠤ ᠪᠦᠭᠦ ᠣᠷᠣᠨ ᠳᠤ ᠨᠢᠭᠡᠨᠲᠡ 156 ᠬᠡᠪᠯᠡᠯ ᠤᠨ ᠡᠷᠬᠡ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠤᠨ᠂ ᠬᠡᠪᠯᠡᠯ ᠤᠨ ᠡᠷᠬᠡ ᠶᠢᠨ ᠬᠠᠮᠠᠭᠠᠯᠠᠯᠲᠠ ᠲᠠᠢ 1.6 ᠲᠦᠮᠡ ᠭᠠᠷᠤᠢ ᠪᠦᠲᠦᠭᠡᠯ ᠢ ᠳᠡᠩᠰᠡᠯᠡᠵᠦ  ᠨᠢᠭᠡ ᠪᠦᠯᠦᠭ ᠰᠢᠯᠢᠳᠡᠭ ᠬᠡᠪᠯᠡᠯ  ᠤᠨ ᠡᠷᠬᠡ ᠶᠢᠨ ᠪᠦᠲᠦᠭᠡᠯ ᠢ ᠤᠯᠠᠷᠢᠭᠤᠯᠤᠨ ᠠᠰᠢᠭᠯᠠᠵᠠᠢ᠃ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠡᠪᠯᠡᠯ ᠤᠨ ᠡᠷᠬᠡ ᠶᠢᠨ ᠦᠵᠡᠰᠭᠦᠯᠡᠩ ᠤᠨ ᠴᠤᠭᠯᠠᠭᠠᠨ ᠳᠡᠭᠡᠷ᠎ᠡ ᠭᠦᠭᠡᠬᠤᠲᠠ 2023 ᠣᠨ  ᠤ ᠠᠷᠠᠳ ᠤᠨ ᠤᠳᠬ᠎ᠠ ᠤᠷᠠᠯᠢᠭ ᠤᠨ ᠬᠡᠪᠯᠡᠯ ᠤᠨ ᠡᠷᠬᠡ ᠶᠢ ᠬᠠᠮᠠᠭᠠᠯᠠᠬᠤ ᠪᠠ ᠠᠬᠢᠭᠤᠯᠬᠤ 10 ᠲᠤᠷᠰᠢᠯᠲᠠ ᠶᠢᠨ ᠬᠤᠲᠠ ᠶᠢᠨ ᠨᠢᠭᠡ ᠪᠠᠷ ᠰᠣᠩᠭᠤᠭᠳᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号