ᠠᠮᠠᠨ ᠬᠥᠨᠳᠡᠢ ᠪᠠᠨ ᠬᠠᠶᠢᠷᠠᠯᠠᠵᠤ ᠡᠷᠡᠭᠦᠯ ᠮᠡᠨᠳᠦ ᠠᠮᠢᠳᠤᠷᠠᠯ ᠢ ᠡᠳ᠋ᠯᠡᠨ᠎ᠡ
ᠨᠡᠶᠢᠲᠡᠯᠡᠭᠰᠡᠨ ᠴᠠᠭ᠄
2023/11/29
       ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠠᠨ ᠬᠥᠨᠳᠡᠢ ᠶᠢᠨ ᠡᠷᠡᠭᠦᠯᠵᠢᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠠᠨ ᠬᠥᠨᠳᠡᠢ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠣᠶᠢᠷ᠎ᠠ ᠳᠤ᠂ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠰᠢᠨ᠎ᠡ ᠪᠠᠷ ᠪᠠᠶᠢᠭᠤᠯᠤᠭᠰᠠᠨ ᠵᠡᠭᠦᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠬᠢᠲᠠᠳ ᠡᠮᠨᠡᠯᠭᠡ ᠶᠢᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ︽ᠠᠮᠠᠨ ᠬᠥᠨᠳᠡᠢ ᠪᠠᠨ ᠬᠠᠶᠢᠷᠠᠯᠠᠵᠤ ᠡᠷᠡᠭᠦᠯ ᠮᠡᠨᠳᠦ ᠠᠮᠢᠳᠤᠷᠠᠯ ᠢ ᠡᠳ᠋ᠯᠡᠶ᠎ᠡ︾ ᠭᠡᠬᠦ ᠭᠤᠣᠯ ᠰᠡᠳᠦᠪᠲᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠠᠮᠠᠨ ᠬᠥᠨᠳᠡᠢ ᠶᠢᠨ ᠡᠮᠴᠢᠯᠡᠭᠡᠨ ᠤ ᠲᠤᠰᠬᠠᠢ ᠦᠢᠯᠡᠴᠢᠯᠡᠭᠡ ᠶᠢ ᠬᠦᠷᠲᠡᠭᠡᠭᠰᠡᠨ ᠪᠠᠶᠢᠨ᠎ᠠ᠃
    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠮᠠᠨ ᠬᠥᠨᠳᠡᠢ ᠶᠢᠨ ᠡᠮᠴᠢ ᠠᠵᠢᠯᠯᠠᠭ᠎ᠠ ᠳᠤ ᠣᠷᠣᠯᠴᠠᠬᠤ ᠪᠠᠷ‌ᠢᠷᠡᠭᠰᠡᠨ ᠰᠠᠭᠤᠭᠠᠯᠢ ᠠᠷᠠᠳ‌ᠨᠢᠭᠡᠪᠦᠷᠢ ᠳᠤ ᠨᠠᠷᠢᠨ ᠬᠢᠨᠠᠮᠠᠭᠠᠢ ᠪᠠᠷ ᠰᠢᠳᠦᠨ ᠤ ᠪᠠᠶᠢᠴᠠᠭᠠᠯᠲᠠ᠂ ᠠᠮᠠᠨ ᠬᠥᠨᠳᠡᠢ ᠶᠢᠨ ᠡᠷᠡᠭᠦᠯ ᠮᠡᠨᠳᠦ ᠵᠢᠨ‌ᠦᠨᠡᠯᠡᠯᠲᠡ ᠬᠢᠵᠦ᠂ ᠪᠠᠶᠢᠴᠠᠭᠠᠵᠤ ᠭᠠᠷᠭᠠᠭᠰᠠᠨ ᠠᠮᠠᠨ ᠬᠥᠨᠳᠡᠢ ᠶᠢᠨ ᠠᠰᠠᠭᠤᠳᠠᠯ ᠳᠤ ᠴᠢᠭᠯᠡᠭᠦᠯᠦᠨ ᠲᠤᠰᠬᠠᠢ ᠮᠡᠷᠭᠡᠵᠢᠯ ᠤᠨ ᠰᠠᠨᠠᠭᠤᠯᠭ᠎ᠠ ᠪᠠ ᠡᠮᠨᠡᠨ ᠵᠠᠰᠠᠬᠤ ᠲᠥᠰᠥᠯ ᠭᠠᠷᠭᠠᠭᠰᠠᠨ ᠪᠠᠶᠢᠨ᠎ᠠ᠃ ᠡᠭᠦᠨ ᠤ ᠬᠠᠮᠲᠤ᠂ ᠡᠮᠴᠢ ᠰᠠᠭᠤᠭᠠᠯᠢ ᠠᠷᠠᠳ ᠲᠤ ᠠᠮᠠᠨ ᠬᠥᠨᠳᠡᠢ ᠶᠢᠨ ᠡᠷᠡᠭᠦᠯᠵᠢᠯ ᠤᠨ ᠴᠢᠬᠤᠯᠠ ᠴᠢᠨᠠᠷ ᠵᠢᠴᠢ ᠬᠡᠷᠬᠢᠨ ᠵᠥᠪ ᠣᠨᠣᠪᠴᠢᠲᠠᠶ ᠰᠢᠳᠦ ᠪᠠᠨ ᠱᠤᠸᠠᠰᠠᠳᠠᠬᠤ᠂ ᠰᠢᠳᠦᠨ ᠤ ᠤᠲᠠᠰᠤ ᠬᠡᠷᠡᠭᠯᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢ ᠨᠠᠷᠢᠨ ᠲᠠᠶᠢᠯᠪᠤᠷᠢᠯᠠᠵᠤ ᠥᠭᠭᠦᠭᠰᠡᠨ ᠪᠠᠶᠢᠨ᠎ᠠ᠃ ᠲᠣᠰ ᠤᠳᠠᠭᠠᠨ ᠤ ᠠᠯᠪᠠᠨ ᠵᠢᠷᠤᠮ‌‍ᠤᠨ ᠡᠮᠴᠢᠯᠡᠭᠡᠨ‌‍ᠦ ᠠᠵᠢᠯᠯᠠᠭ᠎ᠠ ᠳᠤ ᠮᠠᠰᠢ ᠣᠯᠠᠨ ᠠᠮᠠᠨ ᠬᠥᠨᠳᠡᠢ ᠶᠢᠨ ᠡᠷᠡᠭᠦᠯᠵᠢᠯ ᠤᠨ ᠮᠡᠳᠡᠯᠭᠡ ᠶᠢ ᠰᠣᠷᠣᠭᠰᠠᠨ ᠪᠥᠭᠡᠳ ᠥᠪᠡᠷ ᠤᠨ ᠠᠮᠠᠨ ᠬᠥᠨᠳᠡᠢ ᠶᠢᠨ ᠪᠠᠶᠢᠳᠠᠯ ᠢᠶᠠᠨ ᠨᠠᠩ ᠭᠦᠨᠵᠡᠭᠡᠢ ᠣᠶᠢᠯᠠᠭᠠᠭᠰᠠᠨ ᠪᠠᠶᠢᠨ᠎ᠠ᠂ ᠨᠡᠶᠢᠭᠡᠮ ᠲᠣᠭᠤᠷᠢᠭ ᠤᠨ ᠡᠷᠭᠢᠯᠡᠭᠰᠡᠨ ᠠᠵᠢᠯᠯᠠᠭ᠎ᠠ ᠳᠤ ᠮᠠᠰᠢ ᠲᠠᠯᠠᠷᠬᠠᠵᠤ ᠪᠠᠶᠢᠨ᠎ᠠ ᠭᠡᠵᠦ ᠲᠣᠰ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ  ᠤᠳ ᠢᠯᠡᠷᠬᠡᠶᠢᠯᠡᠵᠡᠢ᠃
     ᠲᠣᠰ ᠤᠳᠠᠭᠠᠨ ᠤ ᠭᠤᠣᠯ ᠰᠡᠳᠦᠪᠲᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠠᠮᠠᠨ ᠬᠥᠨᠳᠡᠢ ᠶᠢᠨ ᠪᠠᠶᠢᠴᠠᠭᠠᠯᠲᠠ ᠶᠢᠨ ᠲᠥᠬᠦᠮ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠦᠭᠡᠢ ᠰᠠᠭᠤᠭᠠᠯᠢ ᠠᠷᠠᠳ ᠤᠨ ᠠᠮᠠᠨ ᠬᠥᠨᠳᠡᠢ ᠶᠢᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃ ᠬᠤᠶᠢᠰᠢᠳᠠ᠂ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠰᠢᠨ᠎ᠡ ᠪᠠᠷ ᠪᠠᠶᠢᠭᠤᠯᠤᠭᠰᠠᠨ ᠵᠡᠭᠦᠨ ᠵᠡᠭᠡᠯᠢ ᠶᠢᠨ ᠨᠡᠶᠢᠭᠡᠮ ᠲᠣᠭᠤᠷᠢᠭ ᠨᠢ ᠦᠷᠭᠦᠯᠵᠢᠯᠡᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠯᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠲᠠᠰᠤᠷᠠᠯᠲᠠ ᠦᠭᠡᠢ ᠬᠠᠮᠠᠭᠠᠯᠠᠬᠤ ᠪᠣᠯᠣᠨ᠎ᠠ᠃            ᠢᠷᠡᠯᠲᠡ᠄  ᠰᠠᠶᠢᠠᠬᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号