ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠪᠠᠳᠠᠷᠠᠭᠤᠯᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2023/11/29
     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠴᠢᠩᠭᠠᠳᠬᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠪᠣᠳᠠᠲᠠᠢ ᠠᠳᠬᠤᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ ᠶᠢ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠪᠠ᠃
     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ            ᠣᠶᠢᠯᠠᠭᠠᠭᠰᠠᠨ ᠢᠶᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ ᠨᠡᠶᠢᠲᠡᠯᠡᠬᠦ ᠳᠦᠷᠢᠮ ᠢ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠵᠤ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠶᠢ ᠲᠣᠰ ᠨᠢᠭᠡᠴᠡ ᠶᠢᠨ ᠢᠶᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ ᠶᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ ᠭᠡᠵᠦ ᠱᠠᠭᠠᠷᠳᠠᠪᠠ︔ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠳᠦᠷᠢᠮ ᠢ ᠶᠡᠬᠡᠪᠡᠷ ᠬᠡᠷᠡᠭᠵᠢᠭᠦᠯᠵᠦ᠂ ᠮᠥᠷᠳᠡᠵᠦ ᠪᠣᠯᠬᠤ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ︔ ᠡᠭᠦᠨ ᠤ ᠬᠠᠮᠲᠤ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠪᠣᠯᠲᠠᠯ᠎ᠠ᠂ ᠲᠣᠭᠤᠷᠢᠭ ᠤᠨ ᠲᠣᠰ ᠱᠠᠲᠤᠨ ᠤ 125 ᠬᠤᠪᠢ ᠪᠢᠴᠢᠭ ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠤᠷᠢᠳ ᠢᠶᠠᠷ ᠬᠢᠨᠠᠨ ᠪᠠᠶᠢᠴᠠᠭᠠᠯᠲᠠ ᠬᠢᠭᠰᠡᠨ ᠪᠥᠭᠡᠳ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠪᠢᠴᠢᠭ ᠭᠠᠷᠭᠠᠪᠠ᠃
     ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠭᠭᠠᠳᠬᠠᠨ᠎ᠡ            ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠦᠷᠭᠦᠯᠵᠢᠯᠡᠨ ᠬᠠᠷᠢᠶ᠎ᠠ ᠣᠷᠣᠨ ᠤ ᠨᠢᠭᠡᠴᠡ ᠳᠤ ᠭᠦᠨᠵᠡᠭᠡᠶᠢᠷᠡᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠣᠳᠣᠬᠠᠨ ᠤ ᠪᠠᠯᠭᠠᠰᠤ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠨ ᠪᠠᠶᠢᠳᠠᠯ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠶᠢᠨ ᠲᠦᠪᠰᠢᠨ ᠵᠡᠷᠭᠡ ᠶᠢ ᠣᠶᠢᠯᠠᠭᠠᠵᠤ᠂ ᠡᠴᠦᠰ ᠲᠤᠨᠢ ᠲᠤᠯᠲᠠᠯ᠎ᠠ ᠲᠤᠭ᠎ᠠ ᠶᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠳᠤᠮᠳᠠ ᠲᠤᠯᠭᠠᠷᠠᠭᠰᠠᠨ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠵᠠᠳᠠᠯᠤᠯᠲᠠ ᠬᠢᠵᠦ ᠰᠤᠳᠤᠯᠤᠨ ᠶᠠᠷᠢᠯᠴᠠᠪᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠰᠢᠯᠭᠠᠯᠲᠠ ᠪᠠ ᠰᠢᠨ᠎ᠡ ᠬᠡᠪᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠦᠨᠡᠮᠯᠡᠯ ᠢ ᠰᠣᠯᠢᠵᠤ ᠣᠯᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠬᠡᠷᠡᠭᠵᠢᠭᠦᠯᠬᠦ ᠡᠩᠨᠡᠭᠡ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃
     ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ          ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ︽ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠲᠤᠷᠰᠢᠯᠲᠠ ᠶᠢᠨ ᠠᠵᠢᠯ ᠢ ᠥᠷᠨᠢᠭᠦᠯᠬᠦ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠵᠣᠣ ᠤᠳᠠ ᠡᠮᠦᠨ᠎ᠡ ᠵᠠᠮ ᠤᠨ ᠬᠠᠤᠯᠢ ᠴᠠᠭᠠᠵᠠ ᠶᠢᠨ ᠭᠠᠵᠠᠷ ᠢᠶᠠᠷ ᠲᠤᠷᠰᠢᠯᠲᠠ ᠪᠣᠯᠭᠠᠨ ᠲᠣᠰ ᠠᠵᠢᠯ ᠢ ᠥᠷᠨᠢᠭᠦᠯᠵᠦ᠂ ᠨᠢᠭᠡ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢ ᠬᠠᠶᠢᠨ ᠰᠦᠪᠡᠭᠴᠢᠯᠡᠵᠡᠢ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠡᠳᠦᠷ ᠲᠤᠲᠤᠮ ᠤᠨ ᠬᠡᠪᠰᠢᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠬᠥᠳᠡᠯᠭᠡᠭᠡᠨᠲᠦ ᠮᠠᠶ᠋ᠢᠭ ᠤᠨ ᠬᠠᠤᠯᠢ ᠬᠡᠷᠡᠭᠵᠢᠭᠦᠯᠬᠦ ᠶᠢ ᠡᠭᠦᠨ ᠤ ᠵᠡᠷᠭᠡᠴᠡᠭᠡᠪᠡᠷ᠂ ᠤᠶᠠᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠶᠠᠪᠤᠴᠠ ᠳᠤ ᠲᠣᠬᠢᠶᠠᠯᠳᠤᠭᠰᠠᠨ ᠡᠯ᠎ᠡ ᠵᠦᠢᠯ ᠤᠨ ᠵᠥᠷᠢᠴᠡᠯ ᠠᠰᠠᠭᠤᠳᠠᠯ ᠢ ᠪᠦᠲᠦᠮᠵᠢᠲᠡᠶ ᠪᠠᠷ ᠠᠷᠢᠯᠭᠠᠨ᠎ᠠ᠃          ᠳᠠᠷᠠᠭ᠎ᠠ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠰᠤᠷᠤᠯᠴᠠᠯᠭ᠎ᠠ ᠪᠠ ᠰᠢᠯᠭᠠᠯᠲᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠪᠣᠳᠠᠲᠤ ᠪᠠᠶᠢᠳᠠᠯ  ᠲᠠᠢ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠢ ᠦᠷᠭᠦᠯᠵᠢᠯᠡᠨ ᠲᠣᠭᠲᠠᠮᠠᠯ ᠪᠤᠰᠤ ᠬᠤᠭᠤᠴᠠᠭ᠎ᠠ  ᠲᠠᠢ  ᠪᠠᠷ ᠥᠷᠨᠢᠭᠦᠯᠵᠦ᠂ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠢ ᠳᠡᠭᠡᠭᠰᠢᠯᠡᠭᠦᠯᠬᠦ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠤᠨ᠂ ︽ᠰᠠᠬᠢᠯᠭ᠎ᠠ ᠪᠠᠲᠤ ᠴᠢᠩᠭ᠎ᠠ᠂ ᠬᠠᠤᠯᠢ ᠬᠡᠷᠡᠭᠵᠢᠭᠦᠯᠬᠦ ᠨᠢ ᠪᠣᠯᠪᠠᠰᠤᠨ᠂ ᠣᠪᠣᠷ ᠰᠤᠷᠲᠠᠯ ᠨᠢ ᠰᠠᠶᠢᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ︾ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠵᠤ᠂ ︽ᠰᠤᠷᠲᠠᠯ ᠴᠢᠬᠡᠴᠢ ᠣᠪᠣᠷ ᠲᠥᠪ᠂ ᠥᠨᠳᠥᠷ ᠪᠦᠲᠦᠮᠵᠢᠲᠡᠶ ᠪᠣᠯᠪᠠᠰᠤᠨ︾ ᠬᠠᠤᠯᠢ ᠬᠡᠷᠡᠭᠵᠢᠭᠦᠯᠬᠦ ᠳᠦᠷᠢ ᠶᠢ ᠪᠤᠢ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠳᠤ ᠬᠦᠴᠦᠷᠬᠡᠭ  ᠬᠠᠤᠯᠢ ᠪᠠᠷ ᠵᠠᠰᠠᠬᠤ ᠬᠦᠴᠦᠨ ᠢ ᠨᠡᠮᠡᠷᠢᠯᠡᠨ᠎ᠡ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号