ᠰᠠᠶᠢᠬᠠᠨ ᠲᠣᠭᠤᠷᠢᠭ᠄ ᠣᠯᠠᠨ ᠲᠦᠮᠡᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾ ᠶᠢ ᠰᠠᠶᠢᠲᠤᠷ ᠰᠠᠬᠢᠨ᠎ᠠ
ᠨᠡᠶᠢᠲᠡᠯᠡᠭᠰᠡᠨ ᠴᠠᠭ᠄
2023/11/29
     ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮᠵᠢ ᠶᠢᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠠᠷᠠᠳ ᠣᠯᠠᠨ ᠤ ᠬᠠᠮᠤᠭ  ᠠᠴᠠ ᠠᠩᠬᠠᠷᠴᠤ ᠪᠠᠶᠢᠭ᠎ᠠ᠂ ᠰᠢᠭᠤᠳ᠂ ᠬᠠᠮᠤᠭ ᠤᠨ ᠠᠮᠢ ᠪᠡᠶ᠎ᠡ ᠳᠤ ᠬᠤᠯᠪᠣᠭᠳᠠᠬᠤ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠠᠷᠠᠳ ᠤᠨ ᠠᠮᠢᠳᠤᠷᠠᠯ ᠤᠨ ᠠᠵᠢᠯ  ᠢ ᠰᠠᠶᠢᠲᠤᠷ ᠬᠢᠬᠦ ᠳᠤ ᠡᠷᠬᠡᠪᠰᠢ ᠣᠨᠣᠯ ᠪᠣᠯᠣᠨ ᠦᠢᠯᠡᠳᠦᠯᠭᠡ  ᠶᠢ ᠤᠶᠠᠯᠳᠤᠭᠤᠯᠵᠤ᠂ ᠠᠷᠠᠳ ᠣᠯᠠᠨ ᠤ ᠬᠤᠪᠢ ᠪᠦᠷᠢ  ᠶᠢᠨ ︽ᠨᠠᠰᠤᠵᠢᠯ ᠤᠨ ᠠᠰᠠᠷᠠᠮᠵᠢ  ᠶᠢᠨ ᠮᠥᠩᠭᠦ︾᠂ ︽ᠠᠮᠢ ᠵᠢᠭᠤᠬᠤ ᠮᠥᠩᠭᠦ︾ ᠶᠢ ᠰᠠᠶᠢᠲᠤᠷ ᠰᠠᠬᠢᠬᠤ ᠬᠡᠷᠡᠭᠲᠡᠢ᠃           ︽ᠬᠦᠰᠡᠬᠦ︾ ᠭᠡᠳᠡᠭ ᠨᠢ ᠰᠤᠷᠤᠯᠴᠠᠯᠭ᠎ᠠ ᠶᠢ ᠬᠡᠯᠡᠵᠦ ᠪᠣᠶ᠂ ᠣᠨᠣᠯ ᠢᠶᠠᠷ ᠵᠡᠪᠰᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠬᠡᠯᠡᠵᠦ ᠪᠣᠶ᠃           ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠠᠵᠢᠯᠯᠠᠭ᠎ᠠ ᠪᠠᠨ ᠨᠢᠭᠡᠳᠬᠡᠬᠦ ᠡᠴᠦᠰ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠪᠤᠷᠢ ᠶᠢᠨ ᠲᠥᠪ ᠠᠴᠠ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠭᠠᠷᠠᠭ ᠪᠦᠷᠢ ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠪᠠᠷ ᠳᠠᠮᠵᠢᠭᠤᠯᠵᠤ᠂ ᠰᠢᠨᠲᠠᠷᠠᠰᠢ ᠦᠭᠡᠢ ᠪᠠᠷ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠨᠢᠭᠲᠠᠷᠠᠭᠤᠯᠵᠤ ᠡᠭᠦᠨ ᠤ ᠬᠠᠮᠲᠤ᠂ ᠭᠠᠷᠠᠭ ᠪᠦᠷᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠳᠡᠭᠡᠷ᠎ᠡ ︽ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠤᠨ ᠰᠡᠷᠡᠮᠵᠢ ᠶᠢᠨ ᠲᠡᠮᠳᠡᠭᠯᠡᠯ︾ ᠤᠨ ᠠᠭᠤᠯᠭ᠎ᠠ ᠶᠢ ᠲᠣᠬᠢᠷᠠᠭᠤᠯᠤᠨ ᠰᠤᠷᠤᠯᠴᠠᠭᠤᠯᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠦᠭᠰᠢᠭᠦᠷᠢ ᠶᠢᠨ ᠰᠡᠷᠡᠮᠵᠢ ᠶᠢᠨ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠳᠡᠷᠭᠡᠳᠡᠬᠢ ᠬᠥᠮᠥᠰ ᠢᠶᠠᠨ ᠵᠠᠷᠯᠠᠨ ᠮᠡᠳᠡᠭᠳᠡᠵᠦ ᠵᠠᠳᠠᠯᠤᠨ ᠬᠥᠮᠥᠵᠢᠭᠦᠯᠬᠦ ᠶᠢᠨ ᠬᠠᠮᠲᠤ ᠬᠡᠪ ᠤᠨ ᠪᠠᠶᠢᠳᠠᠯ ᠢ ᠪᠣᠶ ᠪᠣᠯᠭᠠᠨ᠎ᠠ᠃ ᠣᠲᠣ ᠪᠣᠯᠲᠠᠯ᠎ᠠ᠂ ᠬᠤᠶᠠᠷ ᠬᠤᠭᠤᠴᠠᠭ᠎ᠠ ᠬᠤᠪᠢᠶᠠᠨ ᠵᠡᠭᠡᠯᠢ ᠭᠤᠳᠤᠮᠵᠢ ︵ᠪᠠᠯᠭᠠᠰᠤ︶᠂ ᠨᠡᠶᠢᠭᠡᠮ ᠲᠣᠭᠤᠷᠢᠭ ︵ᠲᠣᠰᠬᠤᠨ︶ ᠤᠨ ᠬᠥᠳᠡᠯᠮᠦᠷᠢ ᠶᠢᠨ ᠪᠠᠲᠤᠯᠠᠭ᠎ᠠ ᠶᠢᠨ ᠠᠵᠢᠯᠲᠠᠨ 200 ᠭᠠᠷᠤᠢ ᠬᠥᠮᠥᠨ ᠳᠤ ᠣᠨᠣᠯ ᠤᠨ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠰᠤᠷᠤᠯᠴᠠᠯᠭ᠎ᠠ ᠪᠠᠷ ᠺᠠᠳ᠋ᠷ ᠢ ᠠᠬᠢᠭᠤᠯᠤᠨ᠂ ᠠᠵᠢᠯᠲᠠᠨ ᠤ ᠦᠵᠡᠯ ᠰᠠᠨᠠᠭᠠᠨ ᠤ ᠤᠬᠠᠮᠰᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠭᠤᠣᠯ ᠰᠡᠳᠦᠪᠲᠦ ᠬᠥᠮᠦᠵᠢᠯ ᠤᠨ ᠤᠨᠤᠯ ᠤᠨ ᠵᠡᠪᠰᠡᠭᠲᠦ ᠬᠦᠴᠦᠨ ᠤ ᠳᠣᠣᠷ᠎ᠠ᠂ ᠨᠡᠶᠢᠭᠡᠮ ᠲᠣᠭᠤᠷᠢᠭ ᠤᠨ ᠲᠣᠣᠷ ᠴᠡᠭ᠂ ᠴᠣᠩᠬᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠪᠣᠯᠣᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠵᠠᠭᠠᠯᠳᠤᠬᠤ ᠦᠭᠡᠢ ᠪᠠᠶᠢᠬᠤ ᠶᠢ ᠪᠡᠶᠡᠯᠡᠭᠦᠯᠵᠦ᠂ ᠪᠦᠬᠦ ᠲᠣᠭᠤᠷᠢᠭ ᠤᠨ 47 ᠠᠮᠢᠳᠤᠯᠢᠭ ᠢᠶᠠᠷ ᠠᠵᠢᠯ ᠣᠯᠣᠭᠰᠠᠳ ᠢ ᠬᠢᠨᠠᠨ ᠲᠣᠭᠲᠠᠭᠠᠵᠤ ᠲᠠᠲᠠᠪᠤᠷᠢᠯᠠᠨ ᠲᠤᠰᠢᠶᠠᠬᠤ ᠴᠣᠩᠬᠤᠨ ᠤ ᠠᠵᠢᠯ ᠤᠷᠤᠭᠰᠢᠲᠠᠢ ᠶᠠᠪᠤᠭᠳᠠᠪᠠ᠃        【 ᠰᠣᠨᠣᠰᠬᠤ】 ᠰᠣᠨᠣᠰᠬᠤ ᠶᠢ ᠬᠡᠯᠡᠨ᠎ᠡ᠂ ᠰᠠᠭᠤᠭᠠᠯᠢ ᠠᠷᠠᠳ ᠢ ᠭᠥᠯᠢᠶᠡᠨ ᠠᠪᠴᠤ ᠤᠴᠢᠷ ᠶᠠᠪᠤᠳᠠᠯ ᠰᠢᠢᠳᠪᠦᠷᠢᠯᠡᠬᠦ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠣᠭᠰᠠᠨ ᠪᠠᠶᠢᠳᠠᠯ ᠢ ᠣᠶᠢᠯᠠᠭᠠᠵᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠡᠵᠡᠮᠰᠢᠨ᠎ᠡ
           ᠣᠨᠣᠯ ᠤᠨ ᠰᠤᠷᠤᠯᠴᠠᠯᠭ᠎ᠠ ᠶᠢᠨ ᠡᠴᠦᠰ ᠤᠨ ᠵᠣᠷᠢᠯᠭ᠎ᠠ ᠪᠣᠯ ᠣᠯᠠᠨ ᠲᠦᠮᠡᠨ ᠳᠤ ᠦᠢᠯᠡᠴᠢᠯᠡᠬᠦ ᠶᠢᠨ ᠲᠥᠯᠥᠭᠡ ᠶᠤᠮ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ︽ᠣᠯᠠᠨ ᠲᠦᠮᠡᠨ ᠤ ᠰᠡᠳᠬᠢᠯ ᠤᠨ ᠳᠠᠭᠤᠨ ᠢ ᠬᠦᠯᠢᠴᠡᠩᠭᠦᠢ ᠪᠠᠷ ᠰᠣᠨᠣᠰᠬᠤ︾ ᠶᠢ ᠭᠤᠣᠯ ᠰᠡᠳᠦᠪᠲᠦ ᠬᠥᠮᠦᠵᠢᠯ ᠤᠨ ᠴᠢᠬᠤᠯᠠ ᠰᠤᠷᠤᠯᠴᠠᠬᠤ ᠬᠡᠰᠡᠭ ᠪᠣᠯᠭᠠᠵᠤ᠂ ᠤᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠪᠣᠯ ᠮᠠᠨ ᠤ ᠠᠵᠢᠯ ᠤᠨ ᠬᠠᠮᠤᠭ ᠤᠨ ᠳᠡᠭᠡᠳᠦ ᠬᠠᠷᠠᠯᠲᠠ ᠮᠥᠨ ᠭᠡᠳᠡᠭ ᠢ ᠴᠢᠬᠤᠯᠠᠴᠢᠯᠠᠵᠤ᠂ ᠭᠤᠣᠯᠳᠠᠭᠤ ᠤᠳᠠᠭ᠎ᠠ ᠪᠦᠷᠢ ᠶᠢᠨ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ ︽ᠬᠦᠯᠢᠴᠡᠩᠭᠦᠢ᠂ ᠨᠠᠷᠢᠨ ᠬᠢᠨᠠᠮᠠᠭᠠᠢ᠂ ᠰᠡᠳᠬᠢᠯ ᠲᠠᠯᠪᠢᠬᠤ︾ ᠦᠢᠯᠡᠴᠢᠯᠡᠭᠡᠨ ᠤ ᠵᠣᠷᠢᠯᠲᠠ ᠶᠢ ᠠᠵᠢᠯᠲᠠᠨ ᠨᠢᠭᠡᠪᠦᠷᠢ ᠶᠢᠨ ᠰᠡᠳᠬᠢᠯ ᠳᠤ ᠦᠨᠳᠦᠰᠦᠯᠡᠭᠦᠯᠵᠦ᠂ ᠠᠶᠢᠯᠴᠢᠯᠠᠬᠤ ᠪᠠᠷ ᠢᠷᠡᠭᠰᠡᠨ ᠤᠯᠠᠨ ᠲᠦᠮᠡᠨ ᠨᠢᠭᠡᠪᠦᠷᠢ ᠶᠢ ᠰᠡᠵᠢᠭᠯᠡᠯ ᠦᠭᠡᠢ ᠪᠠᠷ ᠶᠠᠪᠣᠭᠤᠯᠬᠤ ᠬᠡᠷᠡᠭᠲᠡᠢ᠃           【ᠠᠰᠠᠭᠤᠯᠲᠠ】 ᠰᠠᠨᠠᠭᠠᠴᠢᠯᠠᠭ᠎ᠠ  ᠠᠴᠠ ᠪᠠᠨ ᠣᠯᠠᠨ ᠲᠦᠮᠡᠨ ᠲᠠᠢ ᠣᠶᠢᠷᠠᠳᠴᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ  ᠶᠢ ᠯᠠᠪᠯᠠᠨ ᠠᠰᠠᠭᠤᠵᠤ᠂ ᠠᠰᠠᠭᠤᠳᠠᠯ ᠤᠨ ᠡᠬᠡ ᠳᠠᠩᠰᠠ ᠭᠠᠷᠭᠠᠬᠤ  ᠶᠢ ᠬᠡᠯᠡᠵᠦ ᠪᠠᠶᠢᠨ᠎ᠠ᠃      ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠣᠶᠢᠯᠠᠭᠠᠪᠠᠯ ᠰᠠᠶ᠋ᠢ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠵᠤ ᠴᠢᠳᠠᠨ᠎ᠠ᠃ 7 ᠳ᠋ᠤᠭᠠᠷ ᠰᠠᠷ᠎ᠠ ᠶᠢᠨ 13 ᠤ ᠡᠳᠦᠷ᠂ ︽ᠨᠡᠶᠢᠭᠡᠮ ᠤᠨ ᠳᠠᠭᠠᠳᠬᠠᠯ ᠠᠷᠠᠳ ᠤᠨ ᠠᠮᠢᠳᠤᠷᠠᠯ ᠢ ᠪᠠᠲᠤᠯᠠᠵᠤ᠂ ᠪᠥᠬᠦ ᠠᠷᠠᠳ ᠢᠶᠠᠷ ᠢᠶᠠᠨ ᠣᠷᠣᠯᠴᠠᠵᠤ ᠡᠶ᠎ᠡ ᠵᠣᠬᠢᠴᠠᠯ ᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠰᠠᠶᠢᠬᠠᠨ ᠲᠣᠭᠤᠷᠢᠭ ᠤᠨ ᠪᠠᠶᠠᠨ ᠵᠡᠭᠡᠯᠢ ᠭᠤᠳᠤᠮᠵᠢ ᠳᠤ ᠤᠷᠤᠭᠰᠢᠲᠠᠢ ᠶᠠᠪᠤᠭᠳᠠᠪᠠ᠃ ᠲᠣᠰ ᠠᠵᠢᠯᠯᠠᠭ᠎ᠠ ᠶᠢ ᠨᠢᠭᠡᠨᠲᠡ ᠬᠤᠶᠠᠷ ᠵᠢᠯ ᠳᠠᠷᠠᠭᠠᠯᠠᠨ ᠮᠠᠨ ᠤ  ᠲᠣᠭᠤᠷᠢᠭ ᠳᠤ ᠶᠠᠪᠤᠭᠳᠠᠭᠤᠯᠪᠠ᠃ ᠰᠠᠶᠢᠬᠠᠨ ᠲᠣᠭᠤᠷᠢᠭ ᠵᠢᠯ ᠪᠦᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠤᠣᠯ ᠪᠣᠯᠬᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠵᠤ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ᠲᠤ ᠬᠦᠷᠴᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠤᠬᠠᠭᠤᠯᠭ᠎ᠠ ᠶᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠣᠶᠢᠷᠠᠲᠤᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠢᠭᠤᠷᠳᠠᠨ ᠠᠰᠠᠭᠤᠨ ᠣᠶᠢᠯᠠᠭᠠᠵᠤ᠂ ᠤᠯᠠᠨ ᠲᠦᠮᠡᠨ ᠤ ᠳᠤᠷᠠᠳᠤᠭᠰᠠᠨ ᠠᠰᠠᠭᠤᠳᠠᠯ ᠢ ᠢᠳᠡᠪᠬᠢᠲᠡᠢ ᠴᠡᠭᠴᠡᠯᠡᠨ ᠰᠠᠶᠢᠵᠢᠷᠠᠭᠤᠯᠵᠤ᠂ ᠦᠯᠡᠳᠡᠭᠳᠡᠯ ᠠᠰᠠᠭᠤᠳᠠᠯ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠡᠷᠬᠡᠪᠰᠢ ᠦᠨᠡᠨᠬᠦ ᠰᠢᠢᠳᠪᠦᠷᠢᠯᠡᠵᠦ᠂ ᠡᠶ᠎ᠡ ᠵᠣᠬᠢᠴᠠᠩᠭᠤᠢ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠰᠢᠨ᠎ᠡ ᠣᠷᠴᠢᠨ ᠲᠣᠭᠤᠷᠢᠨ ᠢ ᠠᠬᠢᠭᠤᠯᠬᠤ ᠬᠡᠷᠡᠭᠲᠡᠢ᠃           ︽ᠴᠢᠩᠭ᠎ᠠ︾ ᠭᠡᠳᠡᠭ ᠨᠢ ᠳᠠᠷᠤᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠬᠡᠯᠡᠨ᠎ᠡ           ︽ᠰᠣᠨᠣᠰᠬᠤ᠂ ᠣᠶᠢᠯᠠᠭᠠᠬᠤ᠂ ᠯᠠᠪᠯᠠᠨ ᠠᠰᠠᠭᠤᠬᠤ︾ ᠪᠠ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠤᠳᠤᠬᠤ᠂ ᠥᠪᠡᠷ ᠤᠨ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠢᠯᠡᠷᠡᠭᠰᠡᠨ ᠠᠰᠠᠭᠤᠳᠠᠯ ᠢ ᠴᠡᠭᠴᠡᠯᠡᠨ ᠵᠠᠰᠠᠵᠤ᠂ ᠰᠢᠢᠳᠪᠦᠷᠢᠯᠡᠬᠦ ᠪᠣᠯᠣᠨ᠎ᠠ᠃           ᠨᠡᠶᠢᠭᠡᠮ ᠤᠨ ᠳᠠᠭᠠᠳᠬᠠᠯ ᠤᠨ ᠰᠦᠯᠵᠢᠶ᠎ᠡ ᠶᠢᠨ ᠲᠢᠩᠬᠢᠮ᠂ ᠶᠡᠷᠦᠩᠬᠡᠶᠢᠯᠡᠭᠰᠡᠨ ᠯᠠᠩᠭᠦᠢ ᠶᠢᠨ ᠲᠤᠬᠠᠶᠢᠯᠠᠭᠰᠠᠨ ᠠᠵᠢᠯ ᠤᠨ ᠥᠷᠨᠢᠯᠲᠡ ᠶᠢ ᠢᠳᠡᠪᠬᠢᠲᠡᠢ ᠠᠬᠢᠭᠤᠯᠵᠤ᠂ ᠭᠤᠷᠪᠠᠨ ᠱᠠᠲᠤᠨ ᠤ ᠲᠠᠪᠴᠠᠩ ᠤᠨ ᠰᠠᠨᠠᠭᠠᠴᠢᠯᠠᠭ᠎ᠠ  ᠠᠴᠠ ᠪᠠᠨ ᠦᠢᠯᠡᠴᠢᠯᠡᠬᠦ ᠦᠵᠡᠯ ᠤᠬᠠᠮᠰᠠᠷ ᠪᠠ ᠴᠣᠩᠬᠤᠪᠴᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠢᠯᠡᠴᠢᠯᠡᠭᠡᠨ ᠤ ᠴᠣᠩᠬᠤᠪᠴᠢ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠ ᠮᠤᠵᠢ ᠠᠯᠤᠰᠯᠠᠭᠰᠠᠨ ᠨᠠᠰᠤᠵᠢᠯ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠵᠤ ᠭᠠᠷᠲᠠᠨ ᠭᠦᠢᠴᠡᠳᠬᠡᠬᠦ ᠦᠢᠯᠡᠴᠢᠯᠡᠭᠡ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠬᠤ ᠪᠠ ᠳᠡᠯᠭᠡᠷᠡᠭᠦᠯᠦᠨ ᠬᠡᠷᠡᠭᠯᠡᠬᠦ ᠶᠢ ᠣᠯᠠᠨ ᠠᠷᠭ᠎ᠠ ᠵᠠᠮ ᠢᠶᠠᠷ ᠲᠦᠯᠬᠢᠨ ᠠᠬᠢᠭᠤᠯᠤᠨ᠎ᠠ᠃ ᠪᠠᠶᠢᠭᠤᠯᠤᠯᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠠᠷᠭ᠎ᠠ ᠮᠠᠶ᠋ᠢᠭ ‍ᠤᠨ‌ᠬᠤᠪᠢᠷᠠᠭᠤᠯᠤᠯᠲᠠ ᠶᠢ ᠯᠠᠪᠳᠠᠭᠤᠨ ᠢᠶᠠᠷ ᠪᠠᠶᠢᠭᠤᠯᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷ ᠴᠠᠭ ᠤᠨ ᠣᠯᠭᠤᠮᠵᠢ ᠣᠯᠭᠤᠬᠤ ᠳᠦᠷᠢᠮ ᠢ ᠪᠠᠶᠢᠭᠤᠯᠵᠤ᠂ ᠠᠵᠢᠯ ᠠᠴᠠ ᠪᠠᠨ ᠠᠮᠠᠷᠠᠭᠰᠠᠳ ᠤᠨ ᠣᠯᠭᠤᠮᠵᠢ ᠠᠪᠬᠤ ᠨᠥᠬᠦᠴᠡᠯ ᠳᠤ ᠬᠦᠷᠴᠦ ᠴᠠᠭ ᠲᠤᠬᠠᠢ ᠳᠤᠨᠢ ᠭᠦᠢᠴᠡᠳᠬᠡᠬᠦ ᠪᠠ ᠨᠠᠰᠤᠵᠢᠯ ᠤᠨ ᠠᠰᠠᠷᠠᠮᠵᠢ ᠶᠢᠨ ᠣᠯᠭᠤᠮᠵᠢ ᠬᠠᠷᠠᠭᠠᠯᠵᠠᠯ ᠤᠨ ᠬᠦᠰᠦᠨᠦᠭᠲᠦ ᠶᠢ ᠪᠤᠳᠤᠵᠤ ᠣᠯᠭᠤᠬᠤ ᠳᠤ ᠲᠣᠰ ᠬᠥᠮᠥᠨ ᠨᠢ ᠭᠠᠷ ᠤᠨ ᠥᠰᠥᠭ ᠵᠢᠷᠤᠵᠤ ᠨᠤᠲᠠᠯᠠᠭᠰᠠᠨ ᠢᠶᠠᠷ᠂ ᠠᠵᠢᠯ  ᠠᠴᠠ ᠪᠠᠨ ᠠᠮᠠᠷᠠᠭᠰᠠᠳ ᠤᠨ ᠥᠪᠡᠷ ᠤᠨ ᠠᠵᠢᠯ  ᠠᠴᠠ ᠪᠠᠨ ᠠᠮᠠᠷᠠᠭᠰᠠᠳ ᠤᠨ ᠬᠠᠷᠠᠭᠠᠯᠵᠠᠯ ᠢ ᠲᠣᠪ ᠲᠣᠳᠣᠷᠬᠠᠢ ᠪᠣᠯᠭᠠᠭᠰᠠᠨ ᠪᠠᠶᠢᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠳᠤ ᠬᠤᠪᠢ ᠬᠥᠮᠥᠨ ᠭᠤᠶᠤᠴᠢᠯᠠᠬᠤ ᠳᠦᠷᠢᠮ ᠢ ᠬᠡᠷᠡᠭᠵᠢᠭᠦᠯᠵᠦ᠂ ᠡᠯ᠎ᠡ ᠱᠠᠲᠤᠨ ᠤ ᠭᠠᠷᠲᠠᠨ ᠭᠦᠢᠴᠡᠳᠬᠡᠬᠦ ᠲᠠᠪᠴᠠᠩ ᠨᠢ ᠣᠯᠭᠤᠮᠵᠢ ᠠᠪᠬᠤ ᠨᠥᠬᠦᠴᠡᠯ ᠳᠤ ᠬᠦᠷᠦᠭᠰᠡᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠤ ᠤᠷᠢᠳᠴᠢᠯᠠᠨ ᠨᠢᠭᠡ ᠰᠠᠷ᠎ᠠ ᠳᠤ ᠮᠡᠳᠡᠭᠳᠡᠵᠦ᠂ ᠨᠠᠰᠤᠵᠢᠯ ᠤᠨ ᠠᠰᠠᠷᠠᠮᠵᠢ ᠶᠢᠨ ᠣᠯᠭᠤᠮᠵᠢ ᠶᠢ ᠰᠠᠷ᠎ᠠ ᠪᠠᠷ ᠲᠤᠭ᠎ᠠ ᠶᠣᠰᠣᠭᠠᠷ ᠭᠦᠢᠴᠡᠳ ᠣᠯᠬᠤ ᠶᠢ ᠦᠨᠡᠨᠬᠦ ᠪᠠᠲᠤᠯᠠᠨ᠎ᠠ᠃           ᠲᠤᠯᠭᠠᠨ ᠪᠤᠳᠤᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠮᠥᠩᠭᠦᠨ ᠤ ᠲᠠᠩᠰᠠ ᠬᠠᠷᠭᠤᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠳ᠋ ᠤᠨ ᠶᠠᠪᠤᠳᠠᠯ ᠤᠨ ᠲᠠᠩᠰᠠ ᠲᠡᠮᠳᠡᠭᠯᠡᠬᠦ ᠶᠢ ᠴᠢᠩᠳᠠᠯᠠᠵᠤ᠂ ᠲᠠᠩᠰᠠ ᠪᠠᠷᠢᠮᠲᠠ ᠬᠠᠷᠢᠯᠴᠠᠨ ᠨᠡᠶᠢᠴᠡᠬᠦ᠂ ᠲᠠᠩᠰᠠ ᠲᠠᠩᠰᠠ ᠬᠠᠷᠢᠯᠴᠠᠨ ᠨᠡᠶᠢᠴᠡᠬᠦ᠂ ᠲᠠᠩᠰᠠ ᠪᠣᠳᠠᠲᠤ ᠵᠦᠢᠯ ᠬᠠᠷᠢᠯᠴᠠᠨ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠣᠯᠭᠤᠮᠵᠢ ᠣᠯᠭᠤᠬᠤ᠂ ᠨᠢᠭᠡ ᠤᠳᠠᠭ᠎ᠠ ᠳᠤ ᠨᠥᠬᠦᠵᠦ ᠲᠤᠰᠢᠶᠠᠬᠤ ᠵᠡᠷᠭᠡ ᠶᠡᠭᠡ ᠲᠣᠭᠠᠨ ᠤ ᠲᠤᠭ᠎ᠠ ᠪᠠᠷᠢᠮᠲᠠ ᠶᠢ ᠰᠠᠷ᠎ᠠ ᠪᠠᠷ ᠭᠤᠣᠯᠳᠠᠯᠭ᠎ᠠ ᠲᠠᠢ ᠬᠢᠨᠠᠨ ᠬᠠᠷᠭᠤᠭᠤᠯᠬᠤ ᠬᠡᠷᠡᠭᠲᠡᠢ᠃ ᠨᠡᠶᠢᠭᠡᠮ ᠤᠨ ᠳᠠᠭᠠᠳᠬᠠᠯ ᠤᠨ ᠬᠦᠷᠢᠶᠡᠨ ᠳᠠᠬᠢ ᠲᠣᠭᠲᠠᠭᠠᠯ  ᠠᠴᠠ ᠵᠥᠷᠢᠴᠡᠨ ᠠᠪᠬᠤ᠂ ᠮᠡᠬᠡᠯᠡᠨ ᠬᠢᠬᠠᠵᠤ ᠳᠠᠭᠠᠳᠬᠠᠯ  ᠢ ᠮᠡᠬᠡᠯᠡᠬᠦ ᠦᠶᠯᠡ ᠠᠵᠢᠯᠯᠠᠭ᠎ᠠ ᠳᠤ ᠣᠭᠲᠣ ᠬᠦᠯᠢᠴᠡᠬᠦ ᠦᠭᠡᠢ ᠣᠪᠣᠷ  ᠢ ᠪᠠᠷᠢᠮᠲᠠᠯᠠᠵᠤ᠂ ︽ᠬᠠᠷᠭᠤᠭᠤᠯᠤᠨ ᠪᠤᠳᠤᠵᠤ ᠳᠣᠲᠣᠭᠠᠳᠤ ᠳᠠᠭᠠᠨ ᠡᠵᠡᠮᠳᠡᠬᠦ ᠳᠦᠷᠢᠮ︾  ᠢ ᠲᠣᠭᠲᠠᠭᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠭᠲᠠᠭᠠᠯ  ᠠᠴᠠ ᠵᠥᠷᠢᠴᠡᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠮᠡᠬᠡᠯᠡᠨ ᠠᠪᠬᠤ ᠪᠠ ᠨᠡᠬᠡᠮᠵᠢᠯᠡᠨ ᠲᠤᠰᠢᠶᠠᠯᠭᠠᠬᠤ ᠡᠷᠴᠢᠮ  ᠢ ᠴᠢᠩᠭᠠᠷᠠᠭᠤᠯᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠮᠡᠬᠡᠯᠡᠨ ᠬᠢᠬᠠᠵᠤ ᠳᠠᠭᠠᠳᠬᠠᠯ  ᠢ ᠮᠡᠬᠡᠯᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠥᠷᠥ ᠶᠢᠨ ᠪᠣᠳᠣᠯᠭ᠎ᠠ ᠶᠢᠨ ᠨᠡᠪᠴᠢᠯᠲᠡ ᠶᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠠᠭᠤᠷᠮᠠᠭᠯᠠᠨ ᠠᠪᠬᠤ ᠡᠲᠡᠭᠡᠳ ᠢ ᠰᠦᠷᠳᠡᠭᠦᠯᠬᠦ ᠪᠠ ᠬᠥᠲᠥᠯᠥᠨ ᠵᠢᠯᠤᠭᠤᠳᠴᠤ ᠪᠠᠶᠢᠭᠠᠳ ᠭᠤᠷᠢᠳᠠᠬᠤ ᠪᠣᠳᠣᠯ ᠢ ᠨᠢ ᠲᠠᠶᠠᠭᠳᠠᠭᠤᠯᠬᠤ ᠬᠡᠷᠡᠭᠲᠡᠢ᠃           ︽ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ︾ ︽ᠨᠢᠭᠡ ᠤᠳᠠᠭ᠎ᠠ ᠳᠤ ᠮᠡᠳᠡᠭᠳᠡᠬᠦ ᠳᠦᠷᠢᠮ︾ ︽ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠳᠦᠷᠢᠮ︾ ︽ᠦᠢᠯᠡᠴᠢᠯᠡᠭᠡᠨ ᠤ ᠠᠮᠠᠯᠠᠯᠲᠠ ᠶᠢᠨ ᠳᠦᠷᠢᠮ︾ ︽ᠠᠳᠠᠯᠢ ᠠᠵᠢᠯ ᠤᠨ ᠪᠠᠶᠢᠷᠢ ᠳᠤ ᠣᠷᠣᠯᠠᠬᠤ ᠳᠦᠷᠢᠮ ︵AB ᠠᠵᠢᠯ ᠤᠨ ᠪᠠᠶᠢᠷᠢ ᠶᠢᠨ ᠠᠵᠢᠯ ᠤᠨ ᠳᠦᠷᠢᠮ︶︾ ︽ᠬᠦᠴᠦᠨ ᠴᠢᠳᠠᠪᠤᠷᠢ ᠶᠢ ᠰᠢᠯᠭᠠᠨ ᠦᠨᠡᠯᠡᠬᠦ ᠳᠦᠷᠢᠮ︾ ︽ᠰᠤᠷᠤᠯᠴᠠᠯᠭ᠎ᠠ ᠪᠣᠯᠪᠠᠰᠤᠷᠠᠭᠤᠯᠤᠯ ᠤᠨ ᠳᠦᠷᠢᠮ︾ ︽ᠬᠠᠷᠭᠤᠭᠤᠯᠤᠨ ᠪᠤᠳᠤᠵᠤ ᠳᠣᠲᠣᠭᠠᠳᠤ ᠳᠠᠭᠠᠨ ᠡᠵᠡᠮᠳᠡᠬᠦ︾ 8 ᠵᠦᠢᠯ ᠤᠨ ᠳᠦᠷᠢᠮ ᠢ ᠪᠠᠶᠢᠭᠤᠯᠤᠨ ᠪᠦᠷᠢᠨᠰᠢᠬᠦᠯᠪᠡ ᠃ 11 ᠵᠦᠢᠯ ᠤᠨ ᠦᠢᠯᠡᠴᠢᠯᠡᠭᠡᠨ ᠤ ᠶᠠᠪᠤᠴᠠ ᠶᠢ ᠡᠮᠬᠢᠯᠡᠨ ᠳᠢᠭᠯᠡᠨ᠎ᠡ᠃ ᠠᠵᠢᠯ ᠤᠨ ᠪᠠᠶᠢᠷᠢ ᠶᠢᠨ ᠠᠵᠢᠯᠲᠠᠨ ᠢ ᠵᠦᠢ ᠵᠣᠬᠢᠰᠲᠠᠢ ᠲᠣᠬᠢᠷᠠᠭᠤᠯᠵᠤ᠂ ᠭᠠᠷᠲᠠᠨ ᠭᠦᠢᠴᠡᠳᠬᠡᠬᠦ ᠡᠷᠬᠡ ᠶᠢᠨ ᠬᠢᠵᠠᠭᠠᠷ ᠲᠤ ᠡᠷᠬᠡ ᠣᠯᠭᠤᠬᠤ ᠬᠠᠮᠢᠶᠠᠷᠤᠯᠲᠠ ᠶᠢ ᠴᠢᠩᠳᠠᠯᠠᠨ᠎ᠠ᠃ 230 ᠲᠤᠬᠠᠶᠢᠯᠠᠭᠰᠠᠨ ᠠᠵᠢᠯ ᠢ ᠭᠠᠷᠳᠠᠨ ᠬᠢᠬᠦ ᠳᠠᠩᠰᠠᠨ ᠨᠣᠮᠧᠷ ᠢ ᠢᠯᠭᠠᠷᠠᠭᠤᠯᠤᠨ ᠲᠢᠭᠯᠡᠵᠦ ᠬᠤᠪᠢᠷᠠᠭᠤᠯᠪᠠ᠃           ᠨᠢᠭᠤᠴᠠ ᠨᠣᠮᠧᠷ  ᠢ ᠥᠭᠡᠷᠡᠴᠢᠯᠡᠨ ᠭᠠᠷ ᠤᠲᠠᠰᠤᠨ ᠤ ᠰᠢᠷᠪᠢᠨ ᠲᠡᠮᠳᠡᠭᠯᠡᠬᠦ ᠪᠣᠯᠭᠠᠵᠤ᠂ ᠰᠢᠰᠲ᠋ᠧᠮ ᠤᠨ ᠬᠠᠮᠢᠶᠠᠷᠤᠯᠲᠠ  ᠶᠢ ᠨᠡᠩ ᠠᠮᠤᠷ ᠲᠦᠪᠰᠢᠨ ᠪᠣᠯᠭᠠᠵᠠᠢ᠃ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠰᠠᠭᠤᠷᠢ ᠮᠥᠩᠭᠦᠨ ᠤ ᠲᠠᠩᠰᠠ ᠬᠠᠷᠭᠤᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠳ᠋ ᠤᠨ ᠶᠠᠪᠤᠳᠠᠯ ᠤᠨ ᠲᠠᠩᠰᠠ ᠲᠡᠮᠳᠡᠭᠯᠡᠬᠦ ᠶᠢ ᠴᠢᠩᠳᠠᠯᠠᠵᠤ᠂ ᠲᠠᠩᠰᠠ ᠪᠠᠷᠢᠮᠲᠠ ᠬᠠᠷᠢᠯᠴᠠᠨ ᠨᠡᠶᠢᠴᠡᠬᠦ᠂ ᠲᠠᠩᠰᠠ ᠲᠠᠩᠰᠠ ᠬᠠᠷᠢᠯᠴᠠᠨ ᠨᠡᠶᠢᠴᠡᠬᠦ᠂ ᠲᠠᠩᠰᠠ ᠪᠣᠳᠠᠲᠤ ᠵᠦᠢᠯ ᠬᠠᠷᠢᠯᠴᠠᠨ ᠨᠡᠶᠢᠴᠡᠬᠦ ᠶᠢ ᠦᠨᠡᠨᠬᠦ ᠪᠠᠲᠤᠯᠠᠨ᠎ᠠ᠃          ᠥᠪᠡᠷᠲᠡᠭᠡᠨ ᠵᠠᠰᠠᠬᠤ ᠣᠷᠣᠨ ᠲᠠᠢ ᠵᠣᠬᠢᠴᠠᠭᠤᠯᠵᠤ ᠪᠠᠶᠢᠭᠠᠳ ᠬᠦᠴᠢᠷᠳᠡᠯᠲᠡᠢ ᠬᠠᠮᠲᠤᠯᠢᠭ ᠲᠤ ᠨᠥᠬᠦᠪᠦᠷᠢ ᠥᠭᠬᠦ ᠬᠡᠰᠡᠭ ᠢ ᠨᠡᠮᠡᠨ ᠪᠠᠶᠢᠭᠤᠯᠵᠤ ᠳᠡᠭᠡᠭᠰᠢᠯᠡᠭᠦᠯᠦᠭᠡᠳ᠂ ᠪᠥᠬᠦ ᠲᠣᠭᠤᠷᠢᠭ ᠤᠨ 3509 ᠬᠥᠮᠥᠨ ᠤ ᠬᠦᠴᠢᠷᠳᠡᠯᠲᠡᠢ ᠬᠠᠮᠲᠤᠯᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠶᠢ ᠣᠷᠣᠯᠠᠨ ᠲᠤᠰᠢᠶᠠᠬᠤ ᠠᠵᠢᠯ ᠢ ᠪᠡᠶᠡᠯᠡᠭᠦᠯᠵᠦ᠂ ᠨᠡᠶᠢᠲᠡ 49.2 ᠲᠦᠮᠡᠨ ᠲᠥᠭᠦᠷᠢᠭ ᠤᠨ ᠰᠦᠢᠳᠬᠡᠯ ᠲᠤᠰᠢᠶᠠᠵᠠᠢ᠃ ᠰᠠᠶᠢᠬᠠᠨ ᠲᠣᠭᠤᠷᠢᠭ ᠬᠦᠴᠢᠷᠳᠡᠯ ᠲᠠᠢ ᠬᠠᠮᠲᠤᠯᠢᠭ ᠤᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠲᠦᠷᠦ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠬᠦᠴᠢᠷᠳᠡᠯ ᠲᠠᠢ ᠬᠠᠮᠲᠤᠯᠢᠭ ᠤᠨ ᠰᠦᠢᠳᠬᠡᠯ ᠲᠤᠰᠢᠶᠠᠬᠤ ᠪᠣᠳᠠᠲᠠᠢ ᠬᠦᠴᠢᠷᠳᠡᠯ ᠢ ᠦᠨᠡᠨᠬᠦ ᠠᠩᠬᠠᠷᠴᠤ᠂ ᠬᠦᠴᠢᠷᠳᠡᠯ ᠲᠠᠢ ᠬᠠᠮᠲᠤᠯᠢᠭ ᠢ ᠤᠯᠠᠮ ᠴᠢᠨᠠᠭᠰᠢᠳᠠ ᠬᠠᠪᠰᠤᠷᠤᠨ ᠲᠡᠳᠬᠦᠵᠦ᠂ ᠣᠷᠣᠯᠠᠨ ᠲᠤᠰᠢᠶᠠᠬᠤ ᠵᠣᠭᠤᠰ ᠤᠨ ᠲᠤᠭ᠎ᠠ ᠶᠢ 300 ᠲᠥᠭᠦᠷᠢᠭ ᠪᠣᠯᠭᠠᠨ ᠳᠡᠭᠡᠭᠰᠢᠯᠡᠭᠦᠯᠵᠦ᠂ ᠪᠦᠬᠦ ᠬᠤᠳᠠ ᠳᠤ ᠲᠦᠷᠦᠭᠦᠨ ᠳᠤ ᠣᠷᠣᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠤᠷᠤᠭᠰᠢᠲᠠᠢ ᠥᠷᠨᠢᠭᠦᠯᠬᠦ ᠳᠤ ᠬᠦᠴᠦᠨ ᠨᠡᠮᠡᠷᠢᠯᠡᠵᠡᠢ᠃         ︽ᠨᠢᠭᠡ ᠠᠰᠠᠭᠤᠳᠠᠯ ᠢ ᠵᠠᠳᠠᠯᠬᠤ︾ ᠠᠴᠠ ︽ᠨᠢᠭᠡ ᠲᠥᠷᠥᠯ ᠤᠨ ᠠᠰᠠᠭᠤᠳᠠᠯ ᠢ ᠰᠢᠢᠳᠪᠦᠷᠢᠯᠡᠬᠦ︾ ᠬᠦᠷᠲᠡᠯ᠎ᠡ᠂ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠪᠤᠷᠢ ᠶᠢᠨ ᠲᠥᠪ ᠦᠷᠭᠦᠯᠵᠢᠯᠡᠨ ᠰᠤᠷᠣᠯᠴᠠᠵᠦ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠵᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠠᠨ᠎ᠠ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠤᠯᠠᠨ ᠲᠦᠮᠡᠨ ᠬᠠᠨᠤᠮᠵᠢᠲᠠᠢ ᠪᠠᠶᠢᠬᠤ︾ ᠪᠠᠷ ᠬᠠᠮᠤᠭ ᠤᠨ ᠥᠨᠳᠥᠷ ᠪᠠᠷᠢᠮᠵᠢᠶ᠎ᠠ ᠪᠣᠯᠭᠠᠵᠤ᠂ ᠬᠤᠶᠢᠰᠢᠳᠠ ᠶᠢᠨ ᠠᠵᠢᠯ ᠳᠤᠮᠳᠠ ᠪᠠᠨ ᠺᠠᠳ᠋ᠷ ᠠᠵᠢᠯᠲᠠᠨ ᠤ ᠦᠵᠡᠯ ᠰᠠᠨᠠᠭᠠᠨ ᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠪᠠᠲᠤᠯᠠᠪᠤᠷᠢ ᠶᠢᠨ ᠳᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠢᠶᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠲᠣᠣᠷ ᠢ ᠨᠢᠭᠲᠠ ᠰᠦᠯᠵᠢᠵᠦ᠂ ᠨᠡᠶᠢᠭᠡᠮ ᠤᠨ ᠪᠠᠲᠤᠯᠠᠪᠤᠷᠢ ᠶᠢᠨ ᠠᠵᠢᠯ ᠢ ᠴᠢᠨᠠᠷ ᠰᠠᠶᠢᠲᠠᠢ ᠬᠥᠭᠵᠢᠭᠦᠯᠬᠦ ᠪᠠᠷ ᠴᠢᠷᠮᠠᠶᠢᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号