| | ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠸᠠᠬᠤᠱᠢᠬᠤ ᠪᠠᠯᠭᠠᠰᠤ ᠲᠣᠭᠤᠷᠢᠨ | ᠪᠠᠶᠢᠴᠠᠭᠠᠵᠤ ᠴᠡᠭᠴᠡᠯᠡᠨᠰᠠᠶᠢᠵᠢᠷᠠᠭᠤᠯᠬᠤ ᠪᠠ ᠭᠤᠣᠯ ᠰᠡᠳᠦᠪᠲᠦ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ | ᠪᠦᠬᠦ ᠪᠠᠯᠭᠠᠰᠤ ᠶᠢᠨ ᠬᠥᠭᠵᠢᠯᠲᠡ ᠲᠣᠭᠲᠠᠭᠤᠨ ᠢ ᠨᠥᠯᠥᠭᠡᠯᠡᠵᠦ ᠪᠠᠶᠢᠭ᠎ᠠ ᠪᠠ ᠥᠷᠭᠡᠨ ᠤᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠲᠣᠰ ᠡᠭᠡᠯᠵᠢᠶᠢᠨ ᠴᠠᠭᠳᠠᠨ | ᠪᠠᠶᠢᠴᠠᠭᠠᠯᠲᠠᠳᠤ ᠨᠡᠶᠢᠲᠡ 4 ᠲᠠᠯ᠎ᠠ᠂ 47 ᠠᠰᠠᠭᠤᠳᠠᠯ ᠢ ᠬᠠᠷᠢᠭᠤ ᠲᠤᠰᠬᠠᠪᠠ᠂ ᠨᠠᠮ ᠤᠨ ᠬᠤᠷᠢᠶ᠎ᠠ | ᠰᠤᠳᠤᠯᠬᠤ ᠪᠠᠷ ᠳᠡᠮᠵᠢᠨ᠂ ᠬᠠᠷᠢᠭᠤ ᠲᠤᠰᠬᠠᠯ ᠤᠨ ᠠᠰᠠᠭᠤᠳᠠᠯ ᠢ 53 ᠪᠣᠯᠭᠠᠨ ᠨᠠᠷᠢᠯᠢᠭᠵᠢᠭᠤᠯᠵᠤ᠂ 148 | ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ | ᠨᠢ 81.4% ᠳᠤ ᠬᠥᠷᠪᠡ᠃ | | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠪᠠᠷ ᠭᠦᠨᠵᠡᠭᠡᠶᠢᠷᠡᠭᠦᠯᠬᠦ ᠶᠢ | ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ | | ᠰᠤᠷᠤᠯᠴᠠᠬᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠰᠤᠷᠤᠯᠴᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠤᠬᠠᠭᠤᠯᠤᠨ ᠲᠠᠶᠢᠯᠪᠤᠷᠢᠯᠠᠵᠤ ᠮᠡᠳᠡᠭᠦᠯᠦᠯᠲᠡ ᠬᠢᠬᠦ᠂ ᠰᠤᠳᠤᠯᠤᠨ ᠶᠠᠷᠢᠯᠴᠠᠵᠤ ᠰᠣᠯᠢᠯᠴᠠᠬᠤ ᠪᠠ | ᠲᠤᠰᠬᠠᠢᠰᠡᠳᠦᠪ ᠢᠶᠠᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭᠢᠶ᠋ᠠᠷ ᠰᠤᠷᠤᠯᠴᠠᠯᠭ᠎ᠠ ᠰᠣᠯᠢᠯᠴᠠᠭ᠎ᠠ ᠶᠢ ᠥᠷᠨᠢᠭᠦᠯᠵᠦ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ | ᠠᠵᠢᠯ ᠢᠶᠠᠨ ᠠᠬᠢᠭᠤᠯᠬᠤ ᠴᠢᠳᠠᠪᠤᠷᠢ ᠪᠠ ᠴᠢᠳᠠᠪᠤᠷᠢ ᠪᠣᠯᠭᠠᠨ ᠬᠤᠪᠢᠷᠠᠭᠤᠯᠤᠨ᠎ᠠ᠃ | | ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠲᠥᠯᠥᠪᠯᠡᠭᠡ ᠶᠢ ᠲᠡᠭᠦᠯᠳᠡᠷᠵᠢᠭᠦᠯᠵᠦ᠂ | ᠰᠤᠷᠤᠯᠴᠠᠬᠤ ᠠᠭᠤᠯᠭ᠎ᠠ ᠶᠢ ᠪᠠᠶᠠᠯᠢᠭᠵᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠦᠵᠢᠯ ᠢ | ᠰᠤᠷᠤᠯᠴᠠᠨᠲ᠋ᠤᠤᠱᠯᠠᠭᠤᠯᠬᠤ ᠲᠠᠢ ᠤᠶᠠᠯᠳᠤᠭᠤᠯᠵᠤ᠂ ᠨᠠᠮ ᠤᠨ ᠳᠦᠷᠢᠮ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠬᠠᠤᠯᠢᠵᠢᠯ ᠤᠨ ᠦᠵᠡᠯ ᠰᠠᠨᠠᠭ᠎ᠠ᠂ ᠠᠵᠤ ᠠᠬᠤᠢ ᠶᠢᠨ | ᠦᠵᠡᠯ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ | ᠣᠶᠢᠯᠠᠭᠠᠬᠤ ᠬᠡᠷᠡᠭᠲᠡᠢ᠃ | | ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮᠵᠢᠯᠲᠡ ᠪᠠ ᠵᠢᠷᠦᠮᠵᠢᠯᠲᠡ ᠶᠢ | ᠰᠠᠷ᠎ᠠ ᠪᠦᠷᠢ ᠨᠢᠭᠡ ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠭᠤᠣᠯᠳᠠᠯᠭ᠎ᠠ ᠲᠠᠢ ᠡᠭᠦᠷᠭᠡ ᠳᠤ ᠴᠢᠭᠯᠡᠭᠦᠯᠦᠨ ᠴᠠᠭ | ᠲᠤᠬᠠᠢ ᠳᠤᠨᠢ ᠲᠤᠰᠬᠠᠢ ᠰᠡᠳᠦᠪ ᠢᠶᠠᠷ ᠰᠤᠷᠪᠤᠯᠵᠢᠯᠠᠬᠤ ᠪᠠ ᠰᠤᠳᠤᠯᠤᠨ ᠶᠠᠷᠢᠯᠴᠠᠬᠤ ᠠᠵᠢᠯ ᠢ ᠥᠷᠨᠢᠭᠦᠯᠬᠦ ᠬᠡᠷᠡᠭᠲᠡᠢ | ᠃ | | ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ | ᠠᠬᠢᠭᠤᠯᠵᠤ᠂ ᠰᠤᠷᠤᠯᠴᠠᠯᠭ᠎ᠠ ᠪᠠᠷ ᠣᠶᠤᠨ ᠢᠶᠠᠨ ᠨᠡᠮᠡᠭᠳᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ | ᠴᠢᠷᠮᠠᠶᠢᠨ᠎ᠠ᠃ | | ᠬᠤᠯᠪᠣᠭ᠎ᠠ ᠶᠢᠨ ᠤᠳᠤᠷᠢᠳᠤᠯᠭ᠎ᠠ ᠨᠢ ᠣᠷᠣᠰᠢᠵᠤ ᠪᠠᠶᠢᠭ᠎ᠠ ᠠᠰᠠᠭᠤᠳᠠᠯ ᠢ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠲᠣᠰᠬᠤᠨ ︵ᠨᠡᠶᠢᠭᠡᠮ ᠲᠣᠭᠤᠷᠢᠭ︶ ᠤ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ | ᠬᠠᠷᠢᠭᠤᠴᠠᠨ ᠪᠠᠶᠢᠴᠠᠭᠠᠨ ᠰᠢᠢᠳᠪᠦᠷᠢᠯᠡᠵᠦ᠂ ᠠᠵᠢᠯ ᠤᠨ ᠡᠬᠡ ᠲᠠᠩᠰᠠ ᠪᠠᠶᠢᠭᠤᠯᠵᠤ᠂ ᠨᠢᠭᠡ ᠨᠢᠭᠡ ᠪᠠᠷ ᠲᠥᠷᠥᠯ | ᠵᠦᠢᠯ ᠢᠶᠠᠨ ᠪᠣᠷᠣᠯᠠᠭᠤᠯᠤᠨ᠎ᠠ᠃ | | ᠵᠢᠯ ᠪᠦᠷᠢ 2 ᠤᠳᠠᠭ᠎ᠠ ᠭᠠᠴᠠᠭᠠᠨ ᠤ ᠺᠠᠳ᠋ᠷ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠨᠠᠮ ᠤᠨ | ᠰᠤᠷᠭᠠᠭᠤᠯᠢ ᠶᠢᠨ ᠪᠠᠭᠰᠢ᠂ ᠲᠠᠷᠢᠶᠠᠯᠠᠩ ᠤᠨ ᠲᠤᠰᠬᠠᠢ ᠮᠡᠷᠭᠡᠵᠢᠯᠲᠡᠨ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠠ | ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠢ ᠤᠷᠢᠵᠤ ᠭᠠᠴᠠᠭᠠᠨ ᠤ ᠺᠠᠳ᠋ᠷᠴᠤᠳ ᠲᠤ ᠣᠨᠣᠯ ᠤᠨᠬᠢᠴᠢᠶᠡᠯ᠂ | ᠲᠤᠰᠬᠠᠢ ᠮᠡᠷᠭᠡᠵᠢᠯ ᠤᠨ ᠬᠢᠴᠢᠶᠡᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠴᠢᠶᠡᠯ ᠢ ᠰᠤᠷᠣᠯᠴᠠᠨᠠ᠃ | ᠭᠠᠴᠠᠭᠠᠨ ᠤ ᠺᠠᠳ᠋ᠷ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠣᠬᠢᠶᠠᠨ | ᠪᠠᠶᠢᠭᠤᠯᠤᠭᠰᠠᠨ ᠡᠯ᠎ᠡ ᠲᠥᠷᠥᠯ ᠤᠨ ᠪᠣᠯᠪᠠᠰᠤᠷᠠᠯ ᠰᠤᠷᠤᠯᠴᠠᠯᠭ᠎ᠠ ᠳᠤ ᠣᠷᠣᠯᠴᠠᠭᠤᠯᠬᠤ ᠬᠡᠷᠡᠭᠲᠡᠢ᠃ | | ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ | ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ | ᠲᠦᠰᠢᠭᠯᠡᠨ ᠨᠠᠮ ᠤᠨ ᠭᠡᠰᠢᠭᠦᠨ᠂ ᠲᠣᠰᠬᠤᠨ ᠤ ᠰᠠᠭᠤᠭᠠᠯᠢ ᠠᠷᠠᠳ ᠤᠨ ᠲᠥᠯᠥᠭᠡᠯᠡᠭᠴᠢᠳ ᠤᠨ ᠰᠤᠷᠤᠯᠴᠠᠯᠭ᠎ᠠ | ᠬᠥᠮᠦᠵᠢᠯ ᠢ ᠴᠢᠩᠭᠠᠳᠬᠠᠪᠠ᠃ | | ︽ᠬᠤᠶᠠᠷ ᠵᠥᠪᠯᠡᠯ︾ ᠤᠨ ᠪᠠᠭ ᠪᠠ ᠺᠠᠳ᠋ᠷ ᠢ ᠬᠢᠨᠠᠨ ᠰᠢᠯᠭᠠᠬᠤ ᠳᠤᠮᠳᠠ ᠣᠨᠣᠯ ᠤᠨ ᠰᠤᠷᠤᠯᠴᠠᠯᠭ᠎ᠠ ᠶᠢ | ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠣᠷᠣᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠠᠮ ᠤᠨ | ᠭᠡᠰᠢᠭᠦᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ APP ᠶᠢᠨ ᠰᠤᠷᠤᠯᠴᠠᠯᠭ᠎ᠠ ᠳᠤ ᠣᠷᠣᠯᠴᠠᠬᠤ | ᠨᠣᠷᠮ᠎ᠠ ᠶᠢ ᠴᠢᠩᠭᠠᠳᠬᠠᠬᠤ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃ | | ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ | ᠠᠬᠢᠭᠤᠯᠵᠤ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ | ᠴᠢᠷᠮᠠᠶᠢᠨ᠎ᠠ᠃ | | ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠬᠤᠪᠢᠳᠠᠨ ᠬᠠᠮᠢᠶᠠᠷᠴᠤ | ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠪᠣᠳᠠᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ ︽ᠬᠤᠶᠠᠷ ᠲᠠᠯ᠎ᠠ ᠶᠢ ᠴᠢᠩᠭ᠎ᠠ ᠠᠳᠬᠤᠬᠤ︾ ᠬᠡᠷᠡᠭᠲᠡᠢ᠃ | | ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠤ ᠠᠵᠢᠯ ᠳᠤ ᠭᠠᠷᠬᠤ ᠶᠢ ᠰᠢᠯᠭᠠᠬᠤ ᠬᠠᠮᠢᠶᠠᠷᠤᠯᠲᠠ ᠶᠢᠨ | ᠳᠦᠷᠢᠮ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ | ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠳᠦᠷᠢᠮ ᠪᠠ ᠭᠠᠴᠠᠭ᠎ᠠ ︵ᠨᠡᠶᠢᠭᠡᠮ ᠲᠣᠭᠤᠷᠢᠭ︶ ᠶᠢᠨ | ᠺᠠᠳ᠋ᠷ ᠠᠴᠠ ᠵᠢᠭᠠᠪᠤᠷᠢ ᠠᠪᠴᠤ ᠬᠠᠷᠢᠭᠤ ᠮᠡᠳᠡᠭᠦᠯᠬᠦ ᠳᠦᠷᠢᠮ ᠵᠡᠷᠭᠡ ᠳᠣᠲᠣᠭᠠᠳᠤ ᠡᠵᠡᠮᠳᠡᠯ ᠤᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | | ᠪᠠᠯᠭᠠᠰᠤᠨ ᠤ ᠨᠠᠮ ᠤᠨ ᠬᠤᠷᠢᠶ᠎ᠠ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠳᠦᠷ ᠳᠤᠳᠤᠮ ᠤᠨ ᠠᠳᠠᠯᠢᠳᠬᠠᠨ ᠰᠢᠯᠭᠠᠷᠠᠭᠤᠯᠬᠤ ᠶᠢ ᠬᠡᠷᠡᠭᠵᠢᠭᠦᠯᠬᠦ | ᠲᠥᠰᠥᠯ︾ ᠢ ᠲᠣᠭᠲᠠᠭᠠᠵᠤ᠂ ᠪᠦᠬᠦ ᠠᠷᠠᠳᠴᠢᠯᠠᠯ ᠢᠶᠠᠷ ᠨᠠᠮ ᠤᠨ ᠭᠡᠰᠢᠭᠦᠨ ᠢ ᠦᠨᠡᠯᠡᠬᠦ ᠠᠵᠢᠯ ᠤᠨ | ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠪᠠ᠃ | | ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ | ᠠᠬᠢᠭᠤᠯᠵᠤ᠂ ᠰᠤᠷᠤᠯᠴᠠᠯᠭ᠎ᠠ ᠪᠠᠷ ᠺᠠᠳ᠋ᠷ ᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ | ᠴᠢᠷᠮᠠᠶᠢᠨ᠎ᠠ᠃ | | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠥᠭᠵᠢᠭᠦᠯᠵᠦ᠂ 2022 | ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ | ᠪᠠᠶᠢᠭᠤᠯᠤᠭᠰᠠᠨ ᠰᠠᠭᠤᠷᠢᠨ ᠳᠡᠭᠡᠷ᠎ᠡ᠂ 2023 ᠣᠨ ᠳᠤ ᠵᠦ ᠬᠠᠢ ᠲᠣᠰᠬᠤᠨ᠂ ᠬᠤᠷᠢᠨ ᠠᠶᠢᠯ ᠲᠣᠰᠬᠤᠨ᠂ ᠶᠣᠣ | ᠽᠢ ᠱᠢ ᠲᠣᠰᠬᠤᠨ ᠳᠤ ᠨᠡᠶᠢᠳᠡ 3 ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠡᠭᠦᠷᠭᠡ ᠶᠢ | ᠰᠢᠨ᠎ᠡ ᠪᠠᠷ ᠨᠡᠮᠡᠭᠳᠡᠭᠦᠯᠦᠨ᠎ᠡ᠃ | | ᠱᠢ ᠷᠧᠨ ᠸᠠᠨ ᠣᠷᠣᠨ ᠪᠦᠰᠡ ᠪᠠᠷ ᠭᠤᠣᠯ ᠪᠣᠯᠭᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠰᠬᠤᠨ ᠢ ᠭᠤᠣᠯᠳᠠᠯᠭ᠎ᠠ ᠲᠠᠢ ᠪᠠᠶᠢᠭᠤᠯᠤᠨ᠎ᠠ᠃ ᠰᠠᠶᠢᠬᠠᠨ ᠲᠣᠭᠤᠷᠢᠭ ᠤᠨ | ︽ᠨᠢᠭᠡ ᠠᠭᠤᠯᠠ᠂ ᠨᠢᠭᠡ ᠭᠤᠣᠯ᠂ ᠨᠢᠭᠡ ᠪᠤᠯᠤᠩ᠂ ᠳᠥᠷᠪᠡᠨ ᠪᠦᠰᠡ︾ ᠶᠢᠨ ᠵᠢᠭᠤᠯᠴᠢᠯᠠᠯ ᠤᠨ ᠭᠤᠣᠯ | ᠱᠤᠭᠤᠮ ᠤᠨ ᠲᠣᠭᠤᠷᠢᠨ ᠳᠤ᠂ ᠱᠢ ᠷᠧᠨ ᠸᠠᠨ ᠤ ᠣᠷᠣᠨ ᠪᠦᠰᠡ ᠵᠢᠴᠢ ᠡᠷᠬᠢᠨ ᠲᠣᠭᠤᠷᠢᠨ ᠤ ᠦᠵᠡᠮᠵᠢ ᠶᠢᠨ | ᠣᠷᠣᠨ ᠢ ᠭᠤᠣᠯᠳᠠᠯᠭ᠎ᠠ ᠲᠠᠢ ᠪᠠᠶᠢᠭᠤᠯᠵᠤ᠂ ᠵᠢᠭᠤᠯᠴᠢᠯᠠᠭᠴᠢᠳ ᠤᠨ ᠣᠶᠢᠯᠠᠭᠠᠯᠲᠠ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ | | ᠶᠦᠨ ᠳ᠋ᠢᠩ ᠱᠢ ᠷᠧᠨ ᠸᠠᠨ᠂ ᠪᠠᠭᠪᠠᠭᠠᠢ ᠴᠡᠴᠡᠭ ᠤᠨ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ᠂ ᠹᠧᠩ | ᠵᠧᠦ ᠶᠢᠨ ᠤᠯᠠᠭ᠎ᠠ ᠰᠣᠶᠣᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ︽ᠨᠢᠭᠡ ᠪᠤᠯᠤᠩ ᠨᠠᠢᠮᠠᠨ ᠴᠡᠭ︾ | ᠤᠨ ᠰᠢᠯᠢᠳᠡᠭ ᠲᠠᠷᠢᠶᠠᠯᠠᠩ ᠤᠨ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠤᠨ ᠲᠥᠷᠥᠯ | ᠵᠦᠢᠯ ᠢ ᠲᠥᠪᠯᠡᠷᠡᠭᠦᠯᠦᠨ ᠪᠦᠲᠦᠭᠡᠨ ᠪᠠᠶᠢᠭᠤᠯᠤᠨ᠎ᠠ᠃ ᠵᠢᠭᠤᠯᠴᠢᠯᠠᠯ ᠢᠶᠠᠷ ᠲᠠᠷᠢᠶᠠᠯᠠᠩ ᠢ ᠠᠬᠢᠭᠤᠯᠵᠤ᠂ | ᠤᠷᠤᠰᠴᠠ ᠶᠢ ᠲᠠᠲᠠᠬᠤ ᠪᠠ ᠬᠤᠪᠢᠷᠠᠭᠤᠯᠬᠤ ᠪᠠᠷ ᠳᠠᠮᠵᠢᠭᠤᠯᠤᠨ ᠨᠡᠷ᠎ᠡ ᠶᠢᠨ ᠬᠠᠭᠤᠳᠠᠰᠤ ᠢ ᠪᠦᠲᠦᠭᠡᠨ ᠪᠠᠶᠢᠭᠤᠯᠵᠦ᠂ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠥᠭᠵᠢᠯᠲᠡ ᠶᠢ ᠡᠰᠡᠷᠭᠦ ᠴᠢᠭᠯᠡᠯ ᠢᠶᠠᠷ ᠲᠤᠯᠭᠠᠭᠤᠷᠢᠯᠠᠨ | ᠠᠬᠢᠭᠤᠯᠵᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ | ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | | ᠰᠠᠶᠢᠬᠠᠨ ᠲᠣᠭᠤᠷᠢᠭ ᠤᠨ ᠯᠠᠩᠭᠤᠸᠠ᠂ ᠡᠪᠡᠰᠦᠨ ᠭᠦᠵᠡᠯᠵᠡᠭᠡᠨ᠎ᠡ᠂ ᠲᠥᠪᠡᠳ ᠬᠠᠰᠢ᠂ ᠰᠠᠶᠢᠬᠠᠨ ᠪᠤᠯᠠᠭ | ᠲᠣᠣᠷ ᠰᠤᠳᠠᠯᠲᠤ ᠭᠤᠸ᠎ᠠ᠂ ︽ᠵᠠᠨ ᠱᠧᠨ︾ ᠲᠠᠷᠪᠤᠰ᠂ ᠾᠧᠢ ᠱᠠᠲᠤ ᠶᠢᠨ ᠬᠤᠩ ᠰᠢᠨ ᠾᠦᠥᠸ᠋ ᠯᠦᠩ ᠵᠢᠮᠢᠰ᠂ | ᠾᠧᠦ ᠶᠣᠣ ᠽᠢ ᠬᠤᠤ ᠯᠤᠤᠪᠠᠩ ᠪᠣᠯᠣᠨ ᠰᠦ ᠵᠢᠢ ᠶᠢᠨ ᠡᠯᠳᠡᠪ ᠠᠮᠤ ᠵᠡᠷᠭᠡ ᠣᠨᠴᠠᠯᠢᠭᠲᠤ ᠠᠵᠤ ᠦᠢᠯᠡᠰ ᠢ | ᠦᠷᠭᠦᠯᠵᠢᠯᠡᠨ ᠪᠤᠵᠠᠭᠠᠶᠢᠷᠠᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ᠂ ᠬᠤᠸᠠᠩ ᠾᠧ ᠱᠤᠤ ᠪᠠᠯᠭᠠᠰᠤᠨ ᠤ | ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠨ᠎ᠠ᠃ | | ᠴᠠᠭᠳᠠᠨ ᠪᠠᠶᠢᠴᠠᠭᠠᠭᠰᠠᠨ ᠤ ᠳᠠᠷᠠᠭᠠᠬᠢ ᠠᠵᠢᠯ ᠢ ᠰᠠᠶᠢᠲᠤᠷ ᠬᠢᠵᠦ᠂ ᠬᠤᠸᠠᠬᠤᠱᠢᠬᠤ ᠪᠠᠯᠭᠠᠰᠤ ᠶᠢᠨ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳᠤᠯᠠᠨ ᠤ ᠪᠠᠴᠢᠮ ᠬᠦᠴᠢᠷᠲᠡᠢ ᠶᠠᠪᠤᠳᠠᠯ᠂ ᠶᠠᠷᠰᠢᠭ | ᠲᠦᠪᠡᠭᠲᠡᠢ ᠶᠠᠪᠤᠳᠠᠯ᠂ ᠪᠤᠬᠢᠨᠢᠳᠤᠯ ᠲᠠᠢ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠣᠯᠳᠠᠯᠭ᠎ᠠ︾ ᠶᠢ | ᠣᠨᠢᠯᠠᠵᠤ᠂ ︽ᠲᠦᠭᠵᠢᠷᠡᠯ︾ ᠢ ᠲᠡᠪᠴᠢᠵᠦ᠂ ︽ᠬᠦᠴᠢᠷ ᠠᠰᠠᠭᠤᠳᠠᠯ︾ ᠢ ᠰᠢᠢᠳᠪᠦᠷᠢᠯᠡᠵᠦ᠂ ᠤᠯᠠᠨ ᠲᠦᠮᠡᠨ ᠤ | ᠬᠦᠰᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ ︽ᠥᠭᠡᠷᠡᠴᠢᠯᠡᠬᠦ︾ ᠪᠠ ︽ᠪᠠᠶᠢᠭᠤᠯᠬᠤ︾ | ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ︽ᠣᠳᠣᠬᠠᠨ ᠳᠤ ᠥᠭᠡᠷᠡᠴᠢᠯᠡᠬᠦ︾ ᠶᠢ ᠠᠩᠬᠠᠷᠬᠤ ᠪᠠᠷ | ᠪᠠᠷᠠᠬᠤ ᠦᠭᠡᠢ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠠᠬᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠬᠤ ᠶᠢ ᠱᠠᠯᠠᠪᠳᠠᠭᠤᠯᠵᠤ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠪᠤᠳᠤᠯ ᠬᠦᠰᠡᠯ ᠡᠷᠡᠮᠡᠯᠵᠡᠯ ᠳᠤ ᠪᠦᠬᠦ | ᠬᠦᠴᠦᠨ ᠢᠶᠠᠷ ᠬᠠᠷᠢᠭᠤᠯᠲᠠ ᠥᠭᠴᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠩ ᠭᠦᠢᠴᠡᠳ᠂ ᠵᠣᠯ | ᠵᠢᠷᠭᠠᠯᠲᠤ ᠲᠥᠷᠥᠭᠳᠡᠯ ᠲᠠᠢ ᠪᠣᠯᠤᠨ᠎ᠠ᠃ | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |