ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠲᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠵᠢᠱᠢᠶᠡᠴᠢ ᠪᠣᠯᠣᠶ᠎ᠠ - ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠠᠶᠢᠭᠤᠯᠤᠭᠰᠠᠨ ᠰᠢᠷᠢᠰ ᠰᠢᠭᠦᠮᠵᠢ
ᠨᠡᠶᠢᠲᠡᠯᠡᠭᠰᠡᠨ ᠴᠠᠭ᠄
2023/11/30
ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠲᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠵᠢᠱᠢᠶᠡᠴᠢ ᠪᠣᠯᠣᠶ᠎ᠠ ︱ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ  ᠪᠠᠶᠢᠭᠤᠯᠤᠭᠰᠠᠨ ᠰᠢᠷᠢᠰ ᠰᠢᠭᠦᠮᠵᠢ                           ᠥᠪᠥᠷ ᠮᠣᠩᠭᠤᠯ ᠤᠨ ᠡᠳᠦᠷ ᠤᠨ ᠰᠣᠨᠢᠨ ᠤ ᠰᠢᠭᠦᠮᠵᠢᠯᠡᠭᠴᠢ            ᠥᠪᠥᠷ ᠮᠣᠩᠭᠤᠯ ᠪᠣᠯ ᠮᠠᠨ ᠤ ᠨᠠᠮ ᠤᠨ ᠤᠳᠤᠷᠢᠳᠤᠨ ᠪᠠᠶᠢᠭᠤᠯᠤᠭᠰᠠᠨ ᠠᠩᠬᠠᠳᠠᠭᠴᠢ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠣᠷᠳᠣ ᠬᠤᠭᠤᠴᠠᠭ᠎ᠠ ᠪᠠᠷ ᠭᠥᠷᠳᠡᠵᠦ ᠢᠷᠡᠭᠰᠡᠨ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ︽ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠪᠠ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡᠨ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠥᠬᠦ ᠣᠷᠣᠨ ᠤ ᠳᠡᠭᠡᠳᠦ ᠳᠣᠣᠷᠠᠳᠤ ᠱᠠᠲᠤᠨ ᠤ ᠨᠢᠭᠡ ᠴᠢᠬᠤᠯᠠ ᠡᠭᠦᠷᠭᠡ ᠪᠣᠯ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ︽ᠲᠣᠭᠲᠠᠭᠠᠯ︾ ᠳᠤ ᠲᠣᠭᠲᠠᠭᠠᠭᠰᠠᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ  ᠪᠣᠳᠠᠲᠠᠢ ᠳᠤ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠃            ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠢᠮᠠᠭᠲᠠ ᠪᠠᠷᠢᠮᠲᠠᠯᠠᠭᠰᠠᠭᠠᠷ ᠢᠷᠡᠭᠰᠡᠨ ᠱᠠᠭᠠᠷᠳᠠᠯᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠲᠤᠬᠠᠢ ᠤᠯᠠᠨ ᠤᠳᠠᠭ᠎ᠠ ᠲᠣᠳᠣᠷᠬᠠᠢ ᠱᠠᠭᠠᠷᠳᠠᠯᠭ᠎ᠠ ᠳᠤᠷᠠᠳᠴᠤ᠂ ᠥᠪᠥᠷ ᠮᠣᠩᠭᠤᠯ ᠤᠨ ︽ᠦᠨᠳᠦᠰᠦᠲᠡᠨ ᠨᠦᠭᠦᠳ ᠤᠨ ᠠᠷᠠᠳ ᠲᠦᠮᠡᠨ ᠢᠮᠠᠭᠲᠠ ᠨᠠᠮ ᠢᠶᠠᠨ ᠲᠠᠭᠠᠵᠦ᠂ ᠨᠠᠮ ‍ᠤᠨ‌‍ᠲ᠋ᠥ᠋ᠪ ᠬᠤᠷᠢᠶ᠎ᠠ ᠪᠠᠨ ᠪᠤᠳᠤᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠣᠯᠣᠭᠰᠠᠨ ᠪᠥᠭᠡᠳ ᠤᠷᠳᠤ ᠬᠤᠭᠤᠴᠠᠭ᠎ᠠ ᠪᠠᠷ ᠬᠠᠶᠢᠷᠠᠯᠠᠨ ᠬᠠᠮᠠᠭᠠᠯᠠᠪᠠ︾ ᠭᠡᠵᠦ ᠵᠢᠭᠠᠵᠤ ᠭᠠᠷᠭᠠᠨ᠂ ᠥᠪᠥᠷ ᠮᠣᠩᠭᠤᠯ ᠤᠨ ᠺᠠᠳ᠋ᠷ ᠤᠯᠠᠨ ᠲᠦᠮᠡᠨ ᠳᠤ ︽ᠢᠷᠠᠭᠤ ᠠᠯᠳᠠᠷ ᠢᠶᠠᠨ ᠬᠤᠪᠢ ᠲᠠᠬᠢᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ︾᠂ ︽ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠬᠡᠷᠡᠭᠲᠡᠢ︾ ᠭᠡᠵᠦ ᠨᠠᠶᠢᠳᠠᠵᠠᠢ᠃ ᠡᠨᠡ ᠤᠳᠠᠭ᠎ᠠ ᠥᠪᠥᠷ  ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠦᠷᠭᠦᠯᠵᠢᠯᠡᠨ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ︾ ᠭᠡᠵᠦ ᠱᠠᠭᠠᠷᠳᠠᠪᠠ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠮᠥᠨ᠃ ᠪᠢᠳᠡ ᠡᠷᠬᠡᠪᠰᠢ ︽ᠬᠤᠶᠠᠷ ᠢ ᠲᠣᠭᠲᠠᠭᠠᠭᠰᠠᠨ︾ ᠰᠢᠢᠳᠪᠦᠷᠢᠯᠡᠭᠴᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠨᠡᠩ ᠤᠬᠠᠮᠰᠠᠷ ᠠᠴᠠ ᠪᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠵᠤ᠂ ᠤᠯᠤᠰ ᠲᠦᠷᠤ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠲᠠᠯ᠎ᠠ ᠪᠠᠷ ᠵᠢᠱᠢᠶᠡᠴᠢ ᠳᠦᠷᠢ ᠦᠵᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠲᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠬᠡᠷᠡᠭᠲᠡᠢ᠃            ᠨᠠᠮ ᠢᠶᠠᠨ ᠲᠠᠭᠠᠵᠤ᠂ ᠲᠥᠪ ᠢᠶᠠᠨ ᠬᠦᠷᠢᠶᠡᠯᠡᠨ᠂ ᠪᠡᠭᠡᠵᠢᠩ ᠢᠶᠠᠨ ᠪᠤᠳᠤᠬᠤ ᠪᠣᠯ ᠥᠪᠥᠷ ᠮᠣᠩᠭᠤᠯ ᠤᠨ ᠢᠷᠠᠭᠤ ᠠᠯᠳᠠᠷᠲᠤ ᠤᠯᠠᠮᠵᠢᠯᠠᠯ ᠮᠥᠨ᠃ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ‌‍ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ‌‍ᠤ ᠰᠢᠭᠤᠳ ᠤᠳᠤᠷᠢᠳᠤᠯᠭ᠎ᠠ ᠶᠢᠨ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠶᠢᠨ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠠᠳᠡᠭᠦᠦ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠬᠤ ᠲᠠᠯ᠎ᠠ ᠪᠠᠷ ᠵᠢᠱᠢᠶᠡᠴᠢ ᠪᠣᠯᠤᠭᠰᠠᠨ ᠶᠤᠮ᠃ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ᠂ ᠪᠢᠳᠡ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠱᠠᠭᠠᠷᠳᠠᠨ᠎ᠠ᠂ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ᠂ ᠤᠯᠤᠰ ᠲᠤ ᠬᠡᠷᠡᠭᠴᠡᠭᠡ ᠲᠠᠢ ᠯᠡ ᠶᠤᠮ ᠪᠣᠯ ᠡᠷᠡᠰ ᠢᠶᠠᠷ ᠬᠢᠵᠦ᠂ ᠳᠠᠷᠤᠶᠢᠬᠠᠨ ᠭᠦᠢᠴᠡᠳᠬᠡᠵᠦ᠂ ᠪᠣᠳᠠᠲᠠᠢ ᠠᠳᠬᠤᠵᠤ᠂ ᠠᠯᠢᠪᠠ ᠪᠦᠬᠦᠨ ᠳᠤ ᠶᠡᠭᠡ ᠲᠠᠯ᠎ᠠ ᠶᠢ ᠳᠠᠭᠠᠵᠤ᠂ ᠶᠡᠭᠡ ᠲᠠᠯ᠎ᠠ ᠳᠤ ᠦᠢᠯᠡᠴᠢᠯᠡᠵᠦ᠂ ᠶᠡᠭᠡ ᠲᠠᠯ᠎ᠠ ᠶᠢ ᠬᠠᠮᠠᠭᠠᠯᠠᠬᠤ ᠬᠡᠷᠡᠭᠲᠡᠢ᠃            ︽ᠤᠨᠤᠯ ᠳᠤ ᠰᠠᠭᠤᠷᠢᠯᠠᠨ ᠦᠢᠯᠡᠳᠦᠯᠭᠡ ᠪᠠᠷ ᠪᠣᠳᠠᠲᠠᠶᠢᠵᠢᠭᠤᠯᠤᠨ᠎ᠠ︾᠃  ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠬᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ ᠵᠢᠱᠢᠶᠡᠴᠢ ᠪᠣᠯᠬᠤ ᠶᠢᠨ ᠭᠤᠣᠯᠳᠠᠯᠭ᠎ᠠ ᠨᠢ ᠦᠢᠯᠡᠳᠦᠯᠭᠡ ᠳᠤ ᠪᠤᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠭᠰᠠᠨ ᠬᠥᠭᠵᠢᠯᠲᠡ ᠶᠢᠨ ᠵᠢᠷᠤᠭ ᠲᠥᠰᠥᠪ᠂ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠤᠷᠤᠭᠰᠢᠯᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠯᠠᠩᠭᠤᠶ᠎ᠠ ᠡᠨᠡ ᠵᠢᠯ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠰᠢᠨ᠎ᠡ ᠵᠢᠭᠠᠪᠤᠷᠢ ᠰᠢᠨ᠎ᠡ ᠱᠠᠭᠠᠷᠳᠠᠯᠭ᠎ᠠ ᠶᠢ ᠨᠢᠭᠡ ᠨᠢᠭᠡ ᠪᠠᠷ ᠰᠤᠳᠤᠯᠤᠨ ᠡᠮᠬᠢᠯᠡᠵᠦ᠂ ᠨᠢᠭᠡ ᠨᠢᠭᠡ ᠪᠠᠷ ᠰᠢᠩᠭᠡᠬᠡᠨ ᠬᠤᠪᠢᠷᠠᠭᠤᠯᠵᠤ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠨ ᠡᠯ᠎ᠡ ᠵᠦᠢᠯ ᠤᠨ ᠠᠵᠢᠯ ᠢ ᠠᠬᠢᠭᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃            ︽ᠮᠢᠩᠭᠠᠨ ᠬᠥᠮᠥᠨ ᠰᠡᠳᠬᠢᠯ ᠢᠶᠠᠨ ᠨᠢᠭᠡᠳᠬᠡᠪᠡᠰᠦ ᠮᠢᠩᠭᠠᠨ ᠬᠥᠮᠥᠨ ᠤ ᠬᠦᠴᠦᠨ ᠢ ᠣᠯᠣᠮᠤᠢ᠂ ᠣᠨᠳᠣᠣ ᠰᠠᠨᠠᠭ᠎ᠠ ᠲᠠᠢ ᠲᠦᠮᠡᠨ ᠬᠥᠮᠥᠨ ᠪᠣᠯᠪᠠᠰᠤ ᠭᠠᠭᠴᠠ ᠬᠥᠮᠥᠨ ᠴᠤ ᠬᠦᠷᠬᠦ ᠦᠭᠡᠢ︾᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠪᠣᠯ ᠤᠮᠠᠷᠠᠲᠤ ᠬᠢᠯᠢ ᠶᠢᠨ 2400 ᠭᠠᠷᠤᠢ ᠲᠦᠮᠡᠨ ᠬᠥᠪᠡᠭᠦᠳ ᠥᠬᠢᠳ ᠤᠨ ᠬᠠᠮᠲᠤ ᠶᠢᠨ ᠦᠢᠯᠡᠰ ᠪᠣᠯᠣᠨ᠎ᠠ᠃ ᠪᠢᠳᠡ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠶᠣᠰᠣ ᠶᠢ ᠲᠠᠨᠢᠬᠤ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠨᠠᠮᠪᠠ ᠶᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠂ ᠬᠠᠷᠢᠭᠤᠴᠠᠯᠭ᠎ᠠ‌‍ᠲ᠋ᠠᠢ ᠪᠠᠶᠢᠬᠤ ᠡᠷᠬᠢᠮ ᠨᠠᠨᠳᠢᠨ ᠵᠠᠩ ᠴᠢᠨᠠᠷ ᠢ ᠤᠯᠠᠮᠵᠢᠯᠠᠨ ᠵᠠᠯᠭᠠᠮᠵᠢᠯᠠᠬᠤ ᠬᠡᠷᠡᠭᠲᠡᠢ᠃ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠦᠨᠡᠨᠴᠢ ᠰᠢᠳᠤᠷᠭᠤ ᠪᠠᠷ ᠬᠠᠮᠠᠭᠠᠯᠠᠬᠤ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠬᠠᠶᠢᠷ᠎ᠠ ᠰᠡᠳᠬᠢᠯᠭᠡ ᠶᠢᠨ ᠰᠠᠭᠤᠷᠢ ᠪᠣᠯᠣᠨ ᠬᠦᠴᠦᠨ ᠴᠢᠳᠠᠯ ᠤᠨ ᠡᠬᠢ ᠰᠤᠷᠪᠤᠯᠵᠢ ᠶᠢ ᠭᠦᠨᠵᠡᠭᠡᠢ ᠪᠣᠶᠢᠵᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠵᠤ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠥᠪᠥᠷ ᠮᠣᠩᠭᠤᠯ ᠤᠨ  ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃            ᠰᠢᠨ᠎ᠡ ᠴᠠᠭ ᠦᠶ᠎ᠡ ᠠᠴᠠ ᠣᠯᠭᠤᠭᠰᠠᠨ ᠡᠭᠦᠷᠭᠡ ᠨᠢ ᠢᠷᠠᠭᠤ ᠠᠯᠳᠠᠷᠲᠠᠢ ᠪᠥᠭᠡᠳ ᠠᠷᠢᠭᠤᠨ ᠲᠠᠷᠬᠠᠨ ᠶᠤᠮ ᠂ ᠶᠡᠷᠦᠩᠬᠡᠢ ᠱᠦᠵᠢ ᠶᠢᠨ ᠲᠠᠯᠪᠢᠭᠰᠠᠨ ᠬᠦᠰᠡᠯ ᠡᠷᠡᠮᠡᠯᠵᠡᠯ ᠨᠢ ᠴᠢᠩ ᠰᠡᠳᠬᠢᠯ ᠤᠨ ᠪᠥᠭᠡᠳ ᠭᠦᠨ ᠵᠤᠵᠠᠭᠠᠨ ᠶᠤᠮ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠲᠠᠷᠠᠨ ᠪᠦᠯᠬᠦᠮᠳᠡᠵᠦ᠂ ᠮᠥᠷᠥ ᠵᠡᠷᠭᠡᠴᠡᠨ ᠭᠠᠷ ᠬᠤᠯᠪᠣᠨ ᠴᠢᠷᠮᠠᠶᠢᠨ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠬᠦᠴᠦᠨ ᠢᠶᠠᠷ ᠢᠶᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠡᠭᠦᠷᠢᠳᠡ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠥᠪᠥᠷ ᠮᠣᠩᠭᠤᠯ ᠤᠨ ᠢᠷᠡᠭᠡᠳᠦᠢ ᠶᠢ ᠨᠡᠩ ᠰᠠᠶᠢᠨ ᠰᠠᠶᠢᠬᠠᠨ ᠪᠣᠯᠭᠠᠶ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号