| | ᠭᠤᠣᠯ ᠰᠡᠳᠦᠪ᠄ ᠣᠯᠠᠨ ᠲᠦᠮᠡᠨ ᠳᠤ ᠦᠢᠯᠡᠴᠢᠯᠡᠬᠦ ᠳᠤ ︽ᠵᠠᠢ ᠵᠠᠪᠰᠠᠷ ᠦᠭᠡᠢ︾ ᠪᠠᠶᠢᠬᠤ ᠨᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠨᠡᠩ ᠬᠠᠯᠠᠭᠤᠨ ᠳᠤᠯᠠᠭᠠᠨ ᠪᠣᠯᠭᠠᠨ᠎ᠠ | ᠴᠠᠭ᠄ 2023 ︱ 11 ︱ 2110᠄ 00 | ᠵᠣᠴᠢᠨ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ | ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ | ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ ᠶᠠᠩ | ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ | | | | | | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ | ᠰᠣᠨᠣᠰᠤᠭᠴᠢᠳ ᠠ᠋᠂ ᠡᠨᠡ ᠪᠣᠯ ᠬᠥᠬᠡᠬᠤᠲᠠ ᠶᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠪᠤᠯᠤᠩ | ᠪᠣᠯᠣᠨ᠎ᠠ᠂ ᠥᠨᠥᠳᠥᠷ ᠪᠢᠳᠡ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ | ᠬᠡᠷᠡᠭ ᠶᠠᠪᠤᠳᠠᠯ ᠢ ᠬᠢᠨᠠᠨ ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ ᠵᠡᠷᠭᠡ ᠬᠤᠶᠠᠷ ᠴᠠᠭᠳᠠᠭ᠎ᠠ ᠶᠢᠨ | ᠳᠠᠷᠤᠭ᠎ᠠ ᠶᠢ ᠤᠷᠢᠵᠤ ᠮᠠᠨ ᠤ ᠫᠷᠣᠭ᠍ᠷᠠᠮ ᠳᠤ ᠣᠷᠣᠯᠴᠠᠭᠤᠯᠪᠠ᠂ ᠬᠤᠶᠠᠷ ᠴᠠᠭᠳᠠᠭ᠎ᠠ ᠶᠢᠨ ᠳᠠᠷᠤᠭ᠎ᠠ ᠶᠢᠨ ᠬᠦᠷᠦᠯᠴᠡᠨ | ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠃ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠄ | ᠬᠥᠲᠥᠯᠥᠭᠴᠢ ᠰᠠᠶᠢᠨᠦᠦ᠂ ᠰᠣᠨᠣᠰᠤᠭᠴᠢᠳ ᠠ᠂ ᠬᠤᠲᠠ ᠵᠢᠨᠠᠷᠠᠳ ᠨᠠᠶᠢᠵᠠ ᠨᠠᠷ ᠠ᠂ ᠲᠠ ᠪᠦᠬᠦᠨᠰᠠᠶᠢᠨ | ᠪᠠᠶᠢᠵᠠᠭᠠᠨ᠎ᠠ ᠦᠦ︕ ᠪᠢ ᠪᠣᠯ ᠬᠢᠨᠠᠨ ᠵᠥᠪᠰᠢᠶᠡᠷᠡᠬᠦ ᠲᠥᠪ ᠤᠨᠡᠷᠬᠢᠯᠡᠭᠴᠢ ᠯᠢ ᠫᠢᠩ ᠢ ᠮᠥᠨ᠂ ᠬᠤᠲᠠ ᠶᠢᠨ | ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠤᠨ | ᠪᠢᠳᠡᠨ ᠳᠤ ᠨᠢᠭᠡ ᠤᠳᠠᠭᠠᠨ ᠤ ᠣᠯᠠᠨ ᠲᠠᠢ ᠰᠠᠨᠠᠯ ᠢᠶᠠᠨ ᠰᠣᠯᠢᠯᠴᠠᠬᠤ ᠲᠣᠬᠢᠶᠠᠯ ᠣᠯᠭᠤᠭᠰᠠᠨ ᠳᠤ ᠮᠠᠰᠢ | ᠲᠠᠯᠠᠷᠬᠠᠵᠤ ᠪᠠᠶᠢᠨ᠎ᠠ᠃ ᠡᠩ ᠲᠡᠷᠢᠭᠦᠨ ᠳᠤ᠂ ᠪᠢ ᠬᠢᠨᠠᠨ ᠵᠥᠪᠰᠢᠶᠡᠷᠡᠬᠦ ᠲᠥᠪ ᠤᠨ ᠠᠷᠠᠳ ᠤᠨ ᠲᠤᠰᠠᠯᠠᠬᠤ | ᠴᠠᠭᠳᠠᠭ᠎ᠠ ᠶᠢᠨ ᠪᠥᠬᠦ ᠴᠠᠭᠳᠠᠭ᠎ᠠ ᠶᠢ ᠲᠥᠯᠥᠭᠡᠯᠡᠨ᠂ ᠳᠣᠲᠣᠭᠠᠳᠤ ᠶᠢ ᠬᠠᠮᠠᠭᠠᠯᠠᠬᠤ ᠠᠵᠢᠯ ᠢ ᠬᠠᠯᠠᠮᠵᠢᠯᠠᠨ | ᠳᠡᠮᠵᠢᠭᠰᠡᠭᠡᠷ ᠢᠷᠡᠭᠰᠡᠨ ᠥᠷᠭᠡᠨ ᠣᠯᠠᠨ ᠰᠣᠨᠣᠰᠤᠭᠴᠢᠳ ᠪᠠ ᠨᠡᠶᠢᠭᠡᠮ ᠤᠨ ᠡᠯ᠎ᠡ ᠡᠲᠡᠭᠡᠳ ᠲᠤ ᠴᠢᠩ | ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ᠂ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠫᠷᠣᠭ᠍ᠷᠠᠮ ᠢᠶᠠᠷ | ᠳᠠᠮᠵᠢᠭᠤᠯᠤᠨ᠂ ᠰᠣᠨᠣᠰᠤᠭᠴᠢᠳ ᠤᠨ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠲᠤᠬᠠᠢ ᠣᠶᠢᠯᠠᠭᠠᠯᠲᠠ ᠶᠢ ᠨᠡᠮᠡᠭᠳᠡᠭᠦᠯᠵᠦ᠂ ᠣᠯᠠᠨ ᠲᠦᠮᠡᠨ ᠤ ᠡᠯ᠎ᠡ ᠲᠥᠷᠥᠯ ᠤᠨ | ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠲᠥᠬᠦᠮ ᠦᠵᠡᠭᠦᠯᠬᠦ ᠶᠢ ᠬᠦᠰᠡᠵᠦ | ᠪᠠᠶᠢᠨ᠎ᠠ᠃ | ᠬᠥᠲᠥᠯᠥᠭᠴᠢ᠄ | ᠳᠣᠲᠣᠭᠠᠳᠤ ᠶᠢ ᠬᠠᠮᠠᠭᠠᠯᠠᠬᠤ ᠴᠣᠩᠬᠤ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠳᠠᠭᠰᠢ | ᠬᠠᠨᠳᠤᠭᠤᠯᠤᠭᠰᠠᠨ ᠴᠣᠩᠬᠤ ᠪᠣᠯᠤᠭᠰᠠᠨ ᠤ ᠬᠤᠪᠢ ᠳᠤ᠂ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ | ᠦᠢᠯᠡᠴᠢᠯᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠮᠥᠨ᠃ ᠲᠥᠷᠥᠭᠰᠡᠨ ᠤ ᠳᠠᠷᠠᠭᠠᠬᠢ ᠡᠷᠦᠬᠡ ᠠᠮᠠ ᠶᠢᠨ | ᠳᠠᠩᠰᠠᠯᠠᠯᠲᠠ᠂ ᠪᠡᠶ᠎ᠡ ᠶᠢᠨ ᠦᠨᠡᠮᠯᠡᠯ ᠢ ᠭᠦᠢᠴᠡᠳᠬᠡᠬᠦ ᠠᠴᠠ ᠡᠷᠦᠬᠡ ᠠᠮᠠ ᠶᠢᠨ ᠲᠠᠩᠰᠠ ᠰᠢᠯᠵᠢᠭᠦᠯᠬᠦ ᠬᠦᠷᠲᠡᠯ᠎ᠡ᠂ | ᠮᠠᠰᠢᠨᠲᠤ ᠲᠡᠷᠭᠡ ᠪᠠᠷ ᠳᠠᠩᠰᠠᠯᠠᠭᠤᠯᠵᠤ᠂ ᠮᠠᠰᠢᠨᠲᠤ ᠲᠡᠷᠭᠡ ᠰᠢᠯᠵᠢᠭᠦᠯᠬᠦ ᠵᠡᠷᠭᠡ ᠠᠯᠢ ᠣᠯᠠᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠳᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠨᠢ ᠠᠷᠠᠳ ᠣᠯᠠᠨ ᠤ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠡᠵᠦ ᠬᠡᠯᠡᠵᠦ ᠪᠣᠯᠣᠨ᠎ᠠ᠃ ᠦᠢᠯᠡᠴᠢᠯᠡᠭᠡᠨ ᠤ ᠰᠠᠶᠢᠨ ᠮᠠᠭᠤ ᠨᠢ ᠣᠯᠠᠨ | ᠲᠦᠮᠡᠨ ᠤ ᠣᠶᠢᠯᠠᠭᠠᠯᠲᠠ ᠪᠠ ᠬᠠᠨᠤᠮᠵᠢ ᠶᠢᠨ ᠬᠡᠮᠵᠢᠶ᠎ᠡ ᠶᠢ ᠰᠢᠭᠤᠳ ᠲᠣᠭᠲᠠᠭᠠᠵᠤ᠂ ᠪᠠᠰᠠ ᠣᠷᠣᠨ ᠤ ᠲᠥᠪ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠳᠦᠷᠢ ᠲᠥᠷᠬᠦ ᠶᠢ ᠰᠢᠭᠤᠳ ᠲᠣᠭᠲᠠᠭᠠᠵᠤ ᠪᠠᠶᠢᠳᠠᠭ᠂ ᠡᠩ | ᠲᠡᠷᠢᠭᠦᠨ ᠳᠤ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠡᠷᠡᠭ | ᠶᠠᠪᠤᠳᠠᠯ ᠢ ᠬᠢᠨᠠᠨ ᠵᠥᠪᠰᠢᠶᠡᠷᠡᠬᠦ ᠲᠥᠪ ᠤᠨ ᠭᠤᠣᠯ ᠪᠣᠯᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠳᠥᠭᠦᠮᠬᠡᠨ | ᠲᠠᠨᠢᠯᠴᠠᠭᠤᠯᠤᠭᠠᠳ ᠥᠭᠭᠦᠨ᠎ᠡ ᠦᠦ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ : | ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠪᠣᠯ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠭᠤᠯᠭ᠎ᠠ ᠪᠠᠶᠢᠵᠤ᠂ ᠭᠤᠣᠯᠳᠠᠭᠤ ᠳᠣᠲᠣᠭᠠᠳᠤ ᠶᠢ ᠬᠠᠮᠠᠭᠠᠯᠠᠬᠤ ᠵᠠᠰᠠᠭ | ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠨᠢᠭᠡ ᠲᠠᠯ᠎ᠠ ᠪᠠᠷ ᠬᠤᠲᠠ ᠶᠢᠨ ᠲᠣᠰ | ᠱᠠᠲᠤᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠦᠢᠯᠡᠴᠢᠯᠡᠭᠡᠨ ᠤ ᠨᠦᠭᠦᠭᠡ | ᠲᠠᠯ᠎ᠠ ᠪᠠᠷ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠥᠭᠡᠷᠡᠴᠢᠯᠡᠯᠲᠡ ᠶᠢᠨ ᠠᠵᠢᠯ ᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ 2023 ᠣᠨ ᠠᠴᠠ ᠨᠠᠰᠢ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ | ︽ᠨᠢᠭᠡ ᠴᠣᠩᠬᠤ ᠪᠠᠷ ᠪᠦᠬᠦᠨ ᠢ ᠰᠢᠢᠳᠪᠦᠷᠢᠯᠡᠬᠦ︾᠂︽ᠨᠢᠭᠡ ᠦᠷᠳᠡᠭᠡᠯᠢᠭ ᠲᠣᠮᠢᠯᠠᠭᠰᠠᠨ ᠰᠠᠯᠪᠤᠷᠢ ᠶᠢᠨ ᠪᠦᠲᠦᠭᠡᠨ | ᠪᠠᠶᠢᠭᠤᠯᠤᠯᠲᠠ︾ᠪᠣᠯᠣᠨ ᠲᠤᠰᠬᠠᠢ ᠮᠡᠷᠭᠡᠵᠢᠯ ᠤᠨ ᠬᠤᠪᠢᠶᠠᠷᠢ ᠲᠢᠩᠬᠢᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ | ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠢ ᠭᠤᠣᠯᠳᠠᠯᠭ᠎ᠠ ᠲᠠᠢ ᠠᠬᠢᠭᠤᠯᠵᠤ᠂ ᠲᠦᠭᠦᠮ ᠢᠶᠠᠷ | ᠬᠡᠯᠡᠪᠡᠯ ᠤᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠡᠩ | ᠲᠦᠭᠦᠮ᠂ ᠨᠡᠩ ᠲᠦᠭᠦᠮ᠂ ᠨᠡᠩ ᠲᠦᠷᠭᠡᠨ ᠪᠣᠯᠭᠠᠭᠰᠠᠨ ᠪᠠᠶᠢᠨ᠎ᠠ᠃ | ᠬᠥᠲᠥᠯᠥᠭᠴᠢ : | ᠯᠢ ᠡᠷᠬᠢᠯᠡᠭᠴᠢ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ ᠣᠯᠠᠨ ᠢᠶᠠᠷ ᠢᠶᠠᠨ ᠵᠠᠰᠠᠭ ᠵᠠᠬᠢᠷᠭᠠᠨ ᠤ ᠬᠡᠷᠡᠭ | ᠶᠠᠪᠤᠳᠠᠯ ᠢ ᠬᠢᠨᠠᠨ ᠵᠥᠪᠰᠢᠶᠡᠷᠡᠬᠦ ᠲᠥᠪ ᠤᠨ ᠠᠵᠢᠯ ᠤᠨ ᠡᠭᠦᠷᠭᠡ ᠴᠢᠳᠠᠪᠤᠷᠢ ᠶᠢᠨ ᠲᠤᠬᠠᠢ ᠦᠨᠳᠦᠰᠦᠨ ᠳᠡᠭᠡᠨ | ᠣᠶᠢᠯᠠᠭᠠᠯᠲᠠ ᠲᠠᠢ ᠪᠣᠯᠪᠠ᠃ ᠲᠡᠭᠡᠪᠡᠯ ᠮᠠᠨ ᠤ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠴᠣᠩᠬᠤᠨ ᠤ ᠪᠠᠶᠢᠭᠤᠯᠤᠯᠲᠠ ᠶᠢᠨ ᠪᠠᠶᠢᠳᠠᠯ | ᠶᠠᠮᠠᠷ ᠪᠣᠶ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ : | ᠣᠶᠢᠷ᠎ᠠ ᠶᠢᠨ ᠬᠡᠳᠦᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ | ᠳᠣᠣᠷ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ ᠨᠢ ︽ᠠᠷᠠᠳ ᠲᠦᠮᠡᠨ ᠢᠶᠠᠷ ᠭᠤᠣᠯ ᠪᠣᠯᠭᠠᠬᠤ︾ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ︽ᠠᠷᠠᠳ ᠤᠨ ᠠᠮᠢᠳᠤᠷᠠᠯ ᠳᠤ ᠦᠢᠯᠡᠴᠢᠯᠡᠬᠦ︾ ᠪᠠᠷ ᠡᠭᠦᠰᠬᠡᠯ ᠪᠠ | ᠲᠡᠭᠦᠰᠬᠡᠯ ᠪᠣᠯᠭᠠᠵᠤ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠳᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠣᠶ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠲᠠᠰᠤᠷᠠᠯᠲᠠ ᠦᠭᠡᠢ ᠰᠢᠯᠢᠳᠡᠭᠵᠢᠭᠦᠯᠪᠡ᠃ 2019 ᠣᠨ ᠤ 10 ᠰᠠᠷ᠎ᠠ ᠶᠢᠨ 21 ᠤ ᠡᠳᠦᠷ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠵᠤ ᠳᠠᠭᠤᠰᠬᠠᠭᠠᠳ ᠡᠬᠢᠯᠡᠨ | ᠬᠡᠷᠡᠭᠯᠡᠭᠰᠡᠨ ᠤ ᠳᠠᠷᠠᠭ᠎ᠠ᠂ ᠬᠢᠨᠠᠨ ᠵᠥᠪᠰᠢᠶᠡᠷᠡᠬᠦ ᠲᠥᠪ ᠪᠦᠬᠦᠯᠢ ᠴᠣᠭᠴᠠ ᠪᠠᠷ ᠢᠶᠠᠨ ᠶᠡᠭᠡ ᠲᠢᠩᠬᠢᠮ ᠳᠤ ᠣᠷᠣᠵᠤ | ᠰᠠᠭᠤᠭᠠᠳ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ᠂ | ᠥᠪᠡᠰᠦᠪᠡᠨ ᠭᠦᠢᠴᠡᠳᠬᠡᠬᠦ ᠲᠣᠭᠤᠷᠢᠭ᠂ ᠮᠠᠰᠢᠨᠲᠤ ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ᠂ ᠰᠦᠯᠵᠢᠶᠡᠨ ᠤ | ᠠᠯᠪᠠᠨ ᠭᠡᠷ ᠤᠨ ᠲᠥᠪ ᠵᠡᠷᠭᠡ ᠲᠠᠪᠤᠨ ᠶᠡᠭᠡ ᠴᠢᠳᠠᠮᠵᠢᠲᠤ ᠣᠷᠣᠨ ᠢ ᠪᠠᠶᠢᠭᠤᠯᠤᠭᠰᠠᠨ ᠪᠠᠶᠢᠨ᠎ᠠ᠃ ᠶᠡᠷᠦᠩᠬᠡᠶᠢᠯᠡᠭᠰᠡᠨ | ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠲᠣᠭᠤᠷᠢᠭ ᠲᠤ᠂ ᠠᠮᠤᠷ ᠢ ᠬᠠᠮᠠᠭᠠᠯᠠᠬᠤ᠂ ᠡᠷᠦᠬᠡ | ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠬᠤᠲᠠ ᠶᠢᠨ | ᠬᠠᠮᠢᠶᠠᠷᠤᠯᠲᠠ᠂ ᠠᠮᠤᠷ ᠢ ᠬᠠᠮᠠᠭᠠᠯᠠᠬᠤ᠂ ᠥᠪᠥᠷ ᠮᠣᠩᠭᠤᠯ ᠤᠨ ᠳᠡᠭᠡᠳᠦ ᠬᠤᠷᠳᠤᠴᠠᠲᠤ ᠵᠠᠮ ᠬᠠᠷᠢᠯᠴᠠᠭᠠᠨ ᠤ | ᠴᠠᠭᠳᠠᠭ᠎ᠠ ᠵᠡᠷᠭᠡ ᠴᠠᠭᠳᠠᠭᠠᠨ ᠤ ᠲᠥᠷᠥᠯ ᠤᠨ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ ᠣᠷᠣᠭᠤᠯᠵᠤ | ᠰᠠᠭᠤᠯᠭᠠᠬᠤ ᠶᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ | ︽ᠲᠣᠮᠣ ᠴᠣᠩᠬᠤ︾ ᠶᠢ ᠪᠦᠷᠢᠯᠳᠦᠭᠦᠯᠵᠦ᠂ ᠠᠷᠠᠳ ᠲᠤ ᠲᠥᠬᠦᠮ ᠦᠵᠡᠭᠦᠯᠬᠦ 146 ᠭᠠᠷᠤᠢ ᠵᠦᠢᠯ ᠤᠨ ᠥᠨᠳᠥᠷ | ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ︽ᠨᠢᠭᠡ ᠥᠷᠲᠡᠭᠡᠨ ᠤ ᠮᠠᠶ᠋ᠢᠭ︾ ᠢᠶᠠᠷ ᠶᠡᠷᠦᠩᠬᠡᠶᠢᠯᠡᠨ ᠭᠦᠢᠴᠡᠳᠬᠡᠵᠦ᠂ | ︽ᠨᠢᠭᠡ ᠡᠭᠦᠳᠡ︾ ᠪᠠᠷ ᠣᠷᠣᠪᠠᠯ ᠳᠠᠷᠤᠢ ᠡᠯ᠎ᠡ ᠲᠥᠷᠥᠯ ᠤᠨ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠣᠯᠬᠤ ᠶᠢ ᠪᠡᠶᠡᠯᠡᠭᠦᠯᠵᠦ᠂ ᠥᠩᠭᠡᠷᠡᠭᠰᠡᠨ ᠤ ᠣᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ | ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠣᠯᠠᠨ ᠭᠠᠵᠠᠷ ᠲᠤ ᠶᠠᠭᠠᠷᠠᠯᠳᠤᠵᠤ ᠪᠠᠶᠢᠭᠰᠠᠨ ᠪᠠᠶᠢᠳᠠᠯ ᠢ | ᠬᠤᠪᠢᠷᠠᠭᠤᠯᠬᠤ ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ | ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠢ ᠭᠦᠢᠴᠡᠳᠬᠡᠬᠦ ᠲᠤᠰᠬᠠᠢ ᠣᠷᠣᠨ ᠨᠡᠮᠡᠨ ᠪᠠᠶᠢᠭᠤᠯᠵᠤ᠂ ᠵᠢᠯᠣᠭᠤᠴᠢ ᠶᠢᠨ ᠦᠨᠡᠮᠯᠡᠯ ᠢ | ᠨᠥᠬᠦᠪᠦᠷᠢᠯᠡᠬᠦ᠂ ᠰᠣᠯᠢᠵᠤ ᠠᠪᠬᠤ᠂ ᠠᠶᠠᠯᠠᠨ ᠶᠠᠪᠤᠬᠤ ᠦᠨᠡᠮᠯᠡᠯ ᠢ ᠨᠥᠬᠦᠪᠦᠷᠢᠯᠡᠬᠦ᠂ ᠰᠣᠯᠢᠵᠤ ᠠᠪᠬᠤ ᠵᠡᠷᠭᠡ ᠡᠯ᠎ᠡ | ᠵᠦᠢᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠪᠡ᠃ ᠡᠭᠦᠨ ᠤ | ᠵᠡᠷᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠡᠭᠦᠨ ᠲᠠᠯ᠎ᠠ ᠶᠢᠨ ᠲᠡᠷᠭᠡᠨ | ᠵᠣᠭᠰᠣᠭᠠᠯ ᠳᠤ ᠮᠠᠰᠢᠨᠲᠤ ᠲᠡᠷᠭᠡ ᠪᠠᠶᠢᠴᠠᠭᠠᠨ ᠰᠢᠯᠭᠠᠬᠤ ᠲᠣᠭᠤᠷᠢᠭ ᠪᠠᠶᠢᠭᠤᠯᠵᠤ᠂ ᠮᠠᠰᠢᠨ ᠲᠡᠷᠭᠡ ᠵᠢᠯᠤᠭᠤᠳᠬᠤ | ᠬᠠᠮᠢᠶᠠᠷᠤᠯᠲᠠ ᠶᠢᠨ 18 ᠵᠦᠢᠯ ᠤᠨ ᠲᠤᠬᠠᠶᠢᠯᠠᠭᠰᠠᠨ ᠠᠵᠢᠯ ᠢ ᠰᠢᠨ᠎ᠡ ᠪᠠᠷ ᠨᠡᠮᠡᠵᠦ᠂ ᠠᠷᠠᠳ ᠣᠯᠠᠨ ᠤ ︽ᠨᠢᠭᠡ ᠯᠡ | ᠥᠷᠲᠡᠭᠡᠨ ᠤ ᠮᠠᠶ᠋ᠢᠭ︾ ᠤᠨ ᠮᠠᠰᠢᠨᠲᠤ ᠲᠡᠷᠭᠡ ᠶᠢ ᠳᠡᠩᠰᠡᠯᠡᠨ ᠲᠡᠮᠳᠡᠭᠯᠡᠬᠦ᠂ ᠭᠠᠷ ᠳᠠᠮᠵᠢᠭᠰᠠᠨ ᠮᠠᠰᠢᠨ ᠲᠡᠷᠭᠡ ᠶᠢ | ᠡᠷᠦᠬᠡ ᠰᠣᠯᠢᠬᠤ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠬᠠᠩᠭᠠᠵᠤ᠂ ᠬᠥᠬᠡᠬᠤᠲᠠ ᠶᠢᠨ | ᠵᠡᠭᠦᠨ ᠬᠡᠰᠡᠭ ᠤᠨ ᠬᠤᠲᠠ ᠲᠣᠭᠤᠷᠢᠭ ᠤᠨ ᠮᠠᠰᠢᠨ ᠲᠡᠷᠭᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠬᠤᠭᠤᠰᠤᠨ | ᠣᠷᠣ ᠶᠢ ᠨᠥᠬᠦᠪᠦᠷᠢᠯᠡᠪᠡ᠃ ᠰᠦᠯᠵᠢᠶᠡᠨ ᠤ ᠠᠯᠪᠠᠨ ᠭᠡᠷ ᠤᠨ ᠲᠥᠪ ᠨᠢ ᠭᠤᠣᠯᠳᠠᠭᠤ ᠳᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠠᠷᠢᠭᠤᠴᠠᠨ᠎ᠠ᠂ | ᠰᠦᠯᠵᠢᠶᠡᠨ ᠤ ᠠᠯᠪᠠᠨ ᠭᠡᠷ ᠤᠨ ᠲᠥᠪ ᠤᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠤ᠄ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ 12123APP ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠢᠴᠢ ᠰᠠᠶ᠋ᠢ ᠲᠥᠷᠥᠭᠰᠡᠨ | ᠨᠢᠯᠬ᠎ᠠ ᠬᠡᠦᠬᠡᠳ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠪᠠ ᠡᠷᠦᠬᠡ ᠠᠮᠠ ᠶᠢᠨ | ᠲᠠᠩᠰᠠ ᠶᠢᠨ ᠲᠤᠬᠠᠶᠢᠯᠠᠭᠰᠠᠨ ᠠᠵᠢᠯ ᠢ ᠬᠢᠨᠠᠨ ᠬᠠᠷᠭᠤᠭᠤᠯᠬᠤ ᠵᠡᠷᠭᠡ ᠥᠨᠳᠥᠷ ᠳᠠᠪᠲᠠᠮᠵᠢᠲᠤ ᠰᠦᠯᠵᠢᠶᠡᠨ ᠤ | ᠵᠦᠢᠯᠡᠰ ᠢ ᠪᠠᠭᠲᠠᠭᠠᠵᠤ᠂ ᠡᠳᠦᠷ ᠳᠤᠮᠳᠠᠴᠢ ᠶᠢᠨ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠨᠢ 1000 | ᠭᠠᠷᠤᠢ ᠪᠠᠶᠢᠵᠤ᠂ ᠪᠥᠬᠦ ᠵᠢᠯ ᠤᠨ ᠭᠥᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠨᠢ ᠪᠠᠷᠤᠭ 30 ᠲᠦᠮᠡ ᠭᠠᠷᠤᠢ | ᠪᠠᠶᠢᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠶᠢᠨ ᠬᠠᠮᠲᠤ᠂ ᠴᠣᠩᠬᠤᠨ ᠤ ᠠᠵᠢᠯ ᠤᠨ ᠳᠠᠷᠤᠭᠠᠰᠤ ᠶᠢ | ᠪᠦᠲᠦᠮᠵᠢᠲᠡᠶ ᠬᠥᠩᠭᠡᠷᠡᠭᠦᠯᠦᠨ᠎ᠡ᠃ ᠥᠪᠡᠰᠦᠪᠡᠨ ᠦᠢᠯᠡᠴᠢᠯᠡᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ | ᠲᠣᠭᠤᠷᠢᠭ ᠲᠤ ᠳᠣᠲᠣᠭᠠᠳᠤ ᠶᠢ ᠬᠠᠮᠠᠭᠠᠯᠠᠬᠤ ᠡᠯ᠎ᠡ ᠲᠥᠷᠥᠯ ᠤᠨ ᠴᠠᠭᠳᠠᠭᠠᠨ ᠤ ᠲᠥᠷᠥᠯ ᠤᠨ ᠲᠤᠬᠠᠶᠢᠯᠠᠭᠰᠠᠨ | ᠠᠵᠢᠯ ᠤᠨ ᠥᠪᠡᠰᠦᠪᠡᠨ ᠦᠢᠯᠡᠴᠢᠯᠡᠬᠦ ᠲᠥᠬᠦᠭᠡᠷᠦᠮᠵᠢ ᠶᠢ 13 ᠲᠠᠯᠪᠢᠵᠤ᠂ ︽24 ᠴᠠᠭ ᠲᠤ ᠡᠭᠦᠳᠡ ᠪᠠᠨ ᠬᠠᠭᠠᠬᠤ | ᠦᠭᠡᠢ︾ ᠦᠢᠯᠡᠴᠢᠯᠡᠭᠡ ᠶᠢ ᠪᠡᠶᠡᠯᠡᠭᠦᠯᠵᠦ᠂ ᠣᠯᠠᠨ ᠲᠦᠮᠡᠨ 24 ᠴᠠᠭ ᠲᠤ ᠮᠤᠵᠢ ᠶᠢᠨ ᠳᠣᠲᠣᠷᠠᠬᠢ ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ᠂ ᠵᠢᠯᠣᠭᠤᠴᠢ ᠶᠢᠨ ᠪᠡᠶ᠎ᠡ ᠶᠢᠨ ᠪᠠᠶᠢᠴᠠᠭᠠᠯᠲᠠ᠂ ᠵᠢᠯᠣᠭᠤᠴᠢ ᠶᠢᠨ ᠦᠨᠡᠮᠯᠡᠯ ᠢ | ᠨᠥᠬᠦᠨ ᠭᠦᠢᠴᠡᠳᠬᠡᠬᠦ᠂ ᠰᠣᠯᠢᠵᠤ ᠠᠪᠬᠤ ᠵᠡᠷᠭᠡ ᠥᠨᠳᠥᠷ ᠳᠠᠪᠲᠠᠮᠵᠢᠲᠤ ᠳᠣᠲᠣᠭᠠᠳᠤ ᠶᠢ ᠬᠠᠮᠠᠭᠠᠯᠠᠬᠤ | ᠲᠤᠬᠠᠶᠢᠯᠠᠭᠰᠠᠨ ᠠᠵᠢᠯ ᠢ ᠴᠠᠭ ᠲᠤᠬᠠᠢ ᠳᠤᠨᠢ ᠭᠦᠢᠴᠡᠳᠬᠡᠬᠦ ᠪᠤᠶᠤ ᠠᠪᠴᠤ ᠪᠣᠯᠣᠨ᠎ᠠ᠃ | ᠬᠥᠲᠥᠯᠥᠭᠴᠢ : | ᠯᠢ ᠡᠷᠬᠢᠯᠡᠭᠴᠢ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ ᠮᠢᠨᠤ ᠪᠤᠳᠤᠬᠤ ᠪᠠᠷ᠂ ᠣᠯᠠᠨ ᠢᠶᠠᠷ ᠢᠶᠠᠨ ᠵᠠᠰᠠᠭ | ᠵᠠᠬᠢᠷᠭᠠᠨ ᠤ ᠬᠡᠷᠡᠭ ᠶᠠᠪᠤᠳᠠᠯ ᠢ ᠬᠢᠨᠠᠨ ᠵᠥᠪᠰᠢᠶᠡᠷᠡᠬᠦ ᠲᠥᠪ ᠤᠨ ᠲᠤᠬᠠᠢ ᠨᠡᠯᠢᠶᠡᠳ ᠪᠥᠬᠦ ᠲᠠᠯ᠎ᠠ ᠶᠢᠨ | ᠣᠶᠢᠯᠠᠭᠠᠯᠲᠠ ᠲᠠᠢ ᠪᠣᠯᠵᠠᠢ᠂ ᠣᠯᠠᠨ ᠢᠶᠠᠷ ᠢᠶᠠᠨ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ | ᠠᠮᠤᠷ ᠢ ᠬᠠᠮᠠᠭᠠᠯᠠᠬᠤ ᠵᠡᠷᠭᠡ ᠳᠣᠲᠣᠭᠠᠳᠤ ᠶᠢ ᠬᠠᠮᠠᠭᠠᠯᠠᠬᠤ ᠠᠵᠢᠯ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠲᠠᠢ | ᠪᠣᠯᠬᠤᠷ ᠴᠥᠮ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠡᠷᠡᠭ | ᠶᠠᠪᠤᠳᠠᠯ ᠢ ᠬᠢᠨᠠᠨ ᠵᠥᠪᠰᠢᠶᠡᠷᠡᠬᠦ ᠲᠥᠪ ᠲᠤ ᠣᠴᠢᠵᠤ ᠭᠦᠢᠴᠡᠳᠬᠡᠵᠦ ᠪᠣᠯᠣᠨ᠎ᠠ᠂ ᠪᠢᠳᠡᠨ ᠤ ᠠᠵᠢᠯᠯᠠᠬᠤ ᠭᠠᠵᠠᠷ | ᠬᠠᠮᠢᠭ᠎ᠠ ᠪᠠᠶᠢᠬᠤ ᠪᠣᠶ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ᠄ | ᠮᠠᠨ ᠤ ᠠᠵᠢᠯᠯᠠᠬᠤ ᠭᠠᠵᠠᠷ ᠪᠣᠯ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ | ᠵᠡᠭᠡᠯᠢ ᠶᠢᠨ 6 ᠳ᠋ᠤᠭᠠᠷ ᠨᠣᠮᠧᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠨ | ᠠᠰᠠᠷ ᠤᠨ ᠡᠰᠡᠷᠭᠦ ᠲᠠᠯ᠎ᠠ᠂ ᠳᠠᠷᠤᠢ ᠬᠥᠮᠥᠰ ᠤᠨ ᠦᠷᠭᠦᠯᠵᠢ ᠬᠡᠯᠡᠳᠡᠭ ᠴᠡᠯᠡᠭᠡᠷ ᠲᠠᠯ᠎ᠠ ᠶᠡᠭᠡ ᠬᠥᠭᠦᠷᠭᠡ ᠶᠢᠨ ᠵᠡᠭᠦᠨ | ᠡᠮᠦᠨ᠎ᠡ ᠲᠠᠯ᠎ᠠ᠂ ᠬᠥᠬᠡᠬᠤᠲᠠ ᠶᠢᠨ ︽ᠥᠪᠥᠷ ᠮᠣᠩᠭᠤᠯ᠂ ᠬᠥᠬᠡᠬᠤᠲᠠ︾ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ 1 ᠳ᠋ᠦᠭᠡᠷ ᠠᠰᠠᠷ ᠪᠣᠯᠣᠨ᠎ᠠ᠃ ᠠᠵᠤ ᠠᠬᠤᠶᠢᠯᠠᠯ᠂ ᠣᠯᠠᠨ ᠲᠦᠮᠡᠨ ᠤ | ᠵᠠᠰᠠᠭ ᠤᠨ ᠶᠠᠪᠤᠳᠠᠯ ᠤᠨ ᠲᠢᠩᠬᠢᠮ ᠳᠤ ᠬᠦᠷᠴᠦ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ | ᠭᠦᠢᠴᠡᠳᠬᠡᠬᠦ ᠶᠢ ᠪᠠᠶᠠᠷᠯᠠᠨ ᠤᠭᠲᠤᠨ᠎ᠠ᠃ | ᠬᠥᠲᠥᠯᠥᠭᠴᠢ : | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ | ᠶᠠᠮᠠᠷ ᠠᠵᠢᠯ ᠬᠢᠭᠰᠡᠨ ᠢ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ᠄ | ᠡᠨᠡ ᠵᠢᠯ ᠤᠨ 8 ᠰᠠᠷ᠎ᠠ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠠᠷᠠᠳ ᠲᠤ ᠲᠥᠬᠦᠮ ᠦᠵᠡᠭᠦᠯᠬᠦ 26 | ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠪᠥᠭᠡᠳ ᠬᠦᠴᠦᠲᠡᠢ ᠪᠥᠭᠡᠳ ᠡᠮᠬᠢ ᠵᠢᠷᠤᠮ ᠲᠠᠢ ᠲᠦᠯᠬᠢᠨ | ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠣᠷᠣᠨ ᠤ ᠲᠥᠪ ᠤᠨ ᠠᠵᠤ ᠠᠬᠤᠶᠢᠯᠠᠯ ᠤᠨ | ᠣᠯᠠᠨ ᠲᠦᠮᠡᠨ ᠤ ᠬᠡᠷᠡᠭ ᠶᠠᠪᠤᠳᠠᠯ ᠰᠢᠢᠳᠪᠦᠷᠢᠯᠡᠬᠦ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠣᠷᠣᠨ ᠤ | ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ | ᠴᠣᠩᠬᠤᠨ ᠤ ︽ᠨᠢᠭᠡ ᠴᠣᠩᠬᠤ ᠪᠠᠷ ᠪᠦᠬᠦᠨ ᠢ ᠰᠢᠢᠳᠪᠦᠷᠢᠯᠡᠬᠦ︾᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ | ᠂ ᠣᠶᠤᠨᠴᠢ ᠥᠪᠡᠰᠦᠪᠡᠨ ᠦᠢᠯᠡᠴᠢᠯᠡᠬᠦ ᠠᠯᠪᠠᠨ ᠭᠡᠷ ᠪᠠ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ | ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠣᠯᠠᠨ ᠲᠦᠮᠡᠨ ᠤ ᠬᠡᠷᠡᠭ ᠶᠠᠪᠤᠳᠠᠯ | ᠰᠢᠢᠳᠪᠦᠷᠢᠯᠡᠬᠦ ᠳᠤ ᠨᠠᠩ ᠲᠦᠷᠭᠡᠨ᠂ ᠨᠠᠩ ᠲᠥᠬᠦᠮ ᠪᠣᠯᠭᠠᠬᠤ ᠪᠠᠷ ᠴᠢᠷᠮᠠᠶᠢᠵᠤ ᠪᠠᠶᠢᠨ᠎ᠠ᠃ | ᠬᠥᠲᠥᠯᠥᠭᠴᠢ᠄ | ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠢᠭᠡ ᠯᠡ ᠡᠭᠦᠳᠡ ᠪᠠᠷ ᠣᠷᠣᠵᠤ | ᠪᠣᠯᠣᠨ᠎ᠠ᠂ ᠪᠠᠰᠠ ︽ᠨᠢᠭᠡ ᠴᠣᠩᠬᠤ ᠪᠠᠷ ᠪᠦᠬᠦᠨ ᠢ ᠰᠢᠢᠳᠪᠦᠷᠢᠯᠡᠬᠦ︾ ᠲᠤᠬᠠᠢ ᠶᠠᠷᠢᠨ᠎ᠠ᠂ ᠡᠨᠡ ᠬᠤᠶᠠᠷ ᠨᠢ ᠶᠠᠮᠠᠷ | ᠢᠯᠭᠠᠭ᠎ᠠ ᠲᠠᠢ ᠪᠣᠶ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ ᠄ | ᠡᠭᠦᠨ ᠠᠴᠠ ᠡᠮᠦᠨ᠎ᠡ ᠣᠯᠠᠨ ᠲᠦᠮᠡᠨ ᠡᠯ᠎ᠡ ᠲᠥᠷᠥᠯ ᠤᠨ ᠴᠠᠭᠳᠠᠭᠠᠨ ᠤ ᠲᠥᠷᠥᠯ ᠤᠨ ᠲᠤᠬᠠᠶᠢᠯᠠᠭᠰᠠᠨ | ᠠᠵᠢᠯ ᠢ ᠭᠦᠢᠴᠡᠳᠬᠡᠵᠦ ᠪᠠᠶᠢᠵᠠᠢ᠂ ᠡᠯ᠎ᠡ ᠴᠠᠭᠳᠠᠭᠠᠨ ᠤ ᠲᠥᠷᠥᠯ ᠤᠨ ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠤᠨ | ᠴᠣᠩᠬᠤᠨ ᠳᠤ ᠬᠦᠷᠴᠦ ᠭᠦᠢᠴᠡᠳᠬᠡᠬᠦ ᠴᠢᠬᠤᠯᠠᠲᠠᠢ᠂ ᠣᠳᠣᠬᠠᠨ ᠳᠤ᠂ ᠪᠢᠳᠡ ᠡᠩ ᠲᠡᠷᠢᠭᠦᠨ ᠳᠤ ᠡᠯ᠎ᠡ ᠴᠠᠭᠳᠠᠭᠠᠨ ᠤ | ᠲᠥᠷᠥᠯ᠂ ᠠᠵᠢᠯᠲᠠᠨ᠂ ᠬᠢᠨᠠᠨᠵᠥ᠋ᠪᠰᠢᠶᠡᠷᠡᠬᠦ ᠵᠦᠢᠯᠡᠰ ᠢ ᠬᠤᠲᠠ ᠶᠢᠨ ᠲᠣᠰ ᠱᠠᠲᠤᠨ ᠤ ᠶᠡᠭᠡ ᠲᠢᠩᠬᠢᠮ ᠳᠤ | ᠣᠷᠣᠭᠤᠯᠵᠤ ᠰᠠᠭᠤᠯᠭᠠᠬᠤ ᠶᠢ ᠲᠦᠯᠬᠢᠨ ᠠᠬᠢᠭᠤᠯᠵᠤ᠂ ᠣᠲᠣ ᠣᠯᠠᠨ ᠲᠦᠮᠡᠨ ᠬᠤᠲᠠᠶᠢᠨᠲ᠋ᠣᠰ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠪᠠᠯ ᠳᠠᠷᠤᠢ ᠠᠮᠤᠷ ᠢ ᠬᠠᠮᠠᠭᠠᠯᠠᠬᠤ᠂ ᠵᠠᠮ | ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠬᠤᠲᠠ ᠶᠢᠨ ᠬᠠᠮᠢᠶᠠᠷᠤᠯᠲᠠ᠂ ᠬᠤᠣᠷ ᠴᠠᠭᠠᠵᠠᠯᠠᠬᠤ᠂ | ᠰᠢᠨᠵᠢᠯᠡᠬᠦ ᠤᠬᠠᠭᠠᠨ ᠮᠡᠳᠡᠭᠡ ᠵᠠᠩᠭᠢ᠂ ᠰᠦᠯᠵᠢᠶᠡᠨ ᠤ ᠠᠮᠤᠷ ᠲᠦᠪᠰᠢᠨ ᠤ ᠨᠡᠶᠢᠲᠡ 7 ᠲᠣᠮᠣ ᠴᠠᠭᠳᠠᠭᠠᠨ ᠤ | ᠲᠥᠷᠥᠯ ᠤᠨ 146 ᠵᠦᠢᠯ ᠤᠨ ᠠᠷᠠᠳ ᠲᠤ ᠲᠥᠬᠦᠮ ᠦᠵᠡᠭᠦᠯᠬᠦ ᠵᠦᠢᠯᠡᠰ ᠢ ᠭᠦᠢᠴᠡᠳᠬᠡᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠨᠢᠭᠡ ᠯᠡ ᠡᠭᠦᠳᠡ ᠪᠠᠷ ᠨᠡᠪᠲᠡᠷᠡᠬᠦ︾ ᠥᠭᠡᠷᠡᠴᠢᠯᠡᠯᠲᠡ ᠶᠢᠨ | ᠬᠠᠷᠠᠯᠲᠠ ᠶᠢ ᠪᠡᠶᠡᠯᠡᠭᠦᠯᠵᠦ ᠪᠣᠯᠣᠨ᠎ᠠ᠃ ︽ᠨᠢᠭᠡ ᠴᠣᠩᠬᠤ ᠪᠠᠷ ᠪᠦᠬᠦᠨ ᠢ ᠰᠢᠢᠳᠪᠦᠷᠢᠯᠡᠬᠦ︾ ᠠᠴᠠ ︽ᠨᠢᠭᠡ | ᠴᠣᠩᠬᠤ ᠪᠠᠷ ᠪᠦᠬᠦᠨ ᠢ ᠰᠢᠢᠳᠪᠦᠷᠢᠯᠡᠬᠦ︾ ᠬᠦᠷᠲᠡᠯ᠎ᠡ᠂ ᠡᠭᠦᠨ ᠤ ᠵᠣᠷᠢᠯᠭ᠎ᠠ ᠨᠢ ᠣᠯᠠᠨ ᠲᠦᠮᠡᠨ ᠤ ᠤᠴᠢᠷ ᠶᠠᠪᠤᠳᠠᠯ | ᠢ ᠰᠢᠢᠳᠪᠦᠷᠢᠯᠡᠬᠦ ᠳᠤ ᠣᠷᠣᠨ ᠲᠣᠭᠤᠷᠢᠭ ᠬᠤᠪᠢᠶᠠᠬᠤ ᠦᠭᠡᠢ ᠪᠠᠷ ᠨᠢᠭᠡ ᠯᠡ ᠤᠳᠠᠭ᠎ᠠ ᠳᠤ ᠪᠦᠲᠦᠭᠡᠵᠦ᠂ ︽ᠨᠢᠭᠡ | ᠴᠣᠩᠬᠤ ᠪᠠᠷ ᠪᠦᠬᠦᠨ ᠢ ᠰᠢᠢᠳᠪᠦᠷᠢᠯᠡᠬᠦ︾ ᠠᠵᠢᠯ ᠤᠨ ᠰᠢᠨ᠎ᠡ ᠪᠠᠶᠢᠷᠢᠰᠢᠯ ᠢ ᠪᠡᠶᠡᠯᠡᠭᠦᠯᠬᠦ ᠶᠢᠨ ᠬᠠᠮᠲᠤ ᠤᠤᠯ ᠤᠨ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ︽ᠶᠠᠭᠠᠷᠠᠤ ᠰᠡᠯᠡᠭᠦᠦ︾ ︽ᠴᠠᠭᠳᠠᠭᠠᠨ ᠤ ᠬᠦᠴᠦᠨ ᠢ | ᠪᠦᠷᠢᠯᠭᠡᠨ ᠰᠦᠢᠳᠬᠡᠬᠦ︾ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃ ᠡᠨᠡ ᠨᠢ ᠮᠠᠨ ᠤ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠳᠤ ᠨᠠᠩ ᠥᠨᠳᠥᠷ ᠱᠠᠭᠠᠷᠳᠠᠯᠭ᠎ᠠ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ ᠶᠢ ᠲᠠᠩ ᠭᠠᠭᠴᠠᠲ᠋ᠤᠬᠠᠶᠢᠯᠠᠭᠰᠠᠨ ᠠᠵᠢᠯ ᠢ ᠡᠵᠡᠮᠰᠢᠵᠦ ᠪᠠᠶᠢᠭᠰᠠᠨᠡᠴᠠ ᠪᠠᠨ ᠪᠣᠶ ᠪᠦᠬᠦᠢ | ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠦᠷᠢᠨ ᠴᠢᠳᠠᠪᠤᠷᠢᠲᠤ ᠠᠷᠠᠳ ᠤᠨ ᠴᠠᠭᠳᠠᠭ᠎ᠠ ᠪᠣᠯᠭᠠᠨ | ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠣᠳᠣᠬᠠᠨ ᠳᠤ ᠬᠤᠲᠠ ᠶᠢᠨ ᠲᠣᠰ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠵᠢᠴᠢ 9 ᠬᠤᠰᠢᠭᠤ ᠰᠢᠶᠠᠨ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠴᠣᠩᠬᠤ ᠨᠢ ᠶᠡᠷᠦᠩᠬᠡᠶᠢᠯᠡᠭᠰᠡᠨ | ᠴᠣᠩᠬᠤᠨ ᠤ ︽ᠨᠢᠭᠡ ᠴᠣᠩᠬᠤ ᠪᠠᠷ ᠨᠡᠶᠢᠳᠡᠮ ᠰᠢᠢᠳᠪᠦᠷᠢᠯᠡᠬᠦ︾ ᠥᠭᠡᠷᠡᠴᠢᠯᠡᠯᠲᠡ ᠶᠢᠨ ᠠᠵᠢᠯ ᠢ ᠠᠯᠬᠤᠮ | ᠠᠯᠬᠤᠮ ᠢᠶᠠᠷ ᠠᠬᠢᠭᠤᠯᠵᠤ ᠪᠠᠶᠢᠨ᠎ᠠ᠂ ᠡᠭᠦᠨ ᠠᠴᠠ ᠭᠠᠳᠠᠨ᠎ᠠ ᠪᠠᠰᠠ ᠨᠢᠭᠡ ᠥᠷᠲᠡᠭᠡᠨ ᠤ ᠮᠠᠶ᠋ᠢᠭ ᠤᠨ ᠲᠣᠮᠢᠯᠠᠭᠰᠠᠨ | ᠰᠠᠯᠪᠤᠷᠢ ᠪᠠᠶᠢᠭᠤᠯᠵᠤ᠂ ︽ᠴᠠᠭᠳᠠᠭ᠎ᠠ ᠶᠢ ᠴᠢᠩᠭᠠᠳᠬᠠᠵᠤ᠂ ᠴᠠᠭᠳᠠᠭᠠᠨ ᠤ ᠲᠥᠷᠥᠯ ᠢ ᠰᠤᠯᠠᠷᠠᠭᠤᠯᠬᠤ︾ ᠠᠵᠢᠯ ᠤᠨ | ᠬᠠᠷᠠᠯᠲᠠ ᠶᠢ ᠪᠡᠶᠡᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠶᠢ ᠤᠯᠠᠮ ᠨᠢᠭᠡ | ᠠᠯᠬᠤᠮ ᠬᠠᠩᠭᠠᠵᠤ ᠪᠠᠶᠢᠨ᠎ᠠ᠃ | ᠬᠥᠲᠥᠯᠥᠭᠴᠢ᠄ | ᠥᠭᠡᠷ᠎ᠡ ᠪᠠᠷ ᠬᠡᠯᠡᠪᠡᠯ ᠣᠳᠣᠬᠠᠨ ᠳᠤ ᠮᠠᠨ ᠤ ᠶᠡᠭᠡ ᠲᠢᠩᠬᠢᠮ ᠳᠣᠲᠣᠭᠠᠳᠤ ᠶᠢ ᠬᠠᠮᠠᠭᠠᠯᠠᠬᠤ ᠪᠦᠬᠦ | ᠲᠤᠬᠠᠶᠢᠯᠠᠭᠰᠠᠨᠠᠵᠢᠯ ᠢ ᠦᠨᠳᠦᠰᠦᠨ ᠳᠡᠭᠡᠨ ᠭᠦᠢᠴᠡᠳᠬᠡᠵᠦ ᠪᠣᠯᠣᠨ᠎ᠠ᠂ ᠳᠠᠷᠠᠭᠠᠴᠢ ᠶᠢᠨ ᠠᠯᠬᠤᠮ ᠳᠤ ᠪᠢᠳᠡ | ᠳᠤᠷ᠎ᠠ ᠪᠠᠷ ᠢᠶᠠᠨ ᠨᠢᠭᠡ ᠴᠣᠩᠬᠤ ᠰᠣᠩᠭᠤᠪᠠᠯ ᠳᠣᠲᠣᠭᠠᠳᠤ ᠶᠢ ᠬᠠᠮᠠᠭᠠᠯᠠᠬᠤ ᠣᠯᠠᠩᠬᠢ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠣᠯᠣᠨ᠎ᠠ᠃ ᠪᠢᠳᠡ ᠪᠠᠰᠠ ᠶᠡᠷᠦᠩᠬᠡᠶᠢᠯᠡᠭᠰᠡᠨ ᠴᠣᠩᠬᠤ ᠶᠢ ᠡᠷᠲᠡᠬᠡᠨ ᠪᠠᠶᠢᠭᠤᠯᠵᠤ ᠳᠠᠭᠤᠰᠬᠠᠬᠤ ᠶᠢ | ᠬᠦᠰᠡᠵᠦ ᠪᠠᠶᠢᠨ᠎ᠠ᠃ ᠡᠭᠦᠨ ᠠᠴᠠ ᠦᠵᠡᠪᠡᠯ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ | ᠨᠢ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ | ᠵᠠᠩᠭᠢᠯᠠᠭ᠎ᠠ ᠶᠢ ᠪᠠᠭᠠᠰᠬᠠᠬᠤ ᠪᠠᠷ ᠴᠢᠷᠮᠠᠶᠢᠵᠤ ᠪᠠᠶᠢᠨ᠎ᠠ᠂ ᠲᠡᠭᠡᠪᠡᠯ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠥᠷᠲᠡᠭᠡᠨ ᠤ ᠮᠠᠶ᠋ᠢᠭ︾ ᠤᠨ ᠲᠣᠮᠢᠯᠠᠭᠰᠠᠨ ᠰᠠᠯᠪᠤᠷᠢ ᠪᠠᠶᠢᠭᠤᠯᠬᠤ ᠨᠢ | ᠮᠥᠨ ᠴᠦ ᠡᠨᠡ ᠬᠦ ᠰᠡᠳᠬᠢᠮᠵᠢ ᠶᠢ ᠪᠠᠷᠢᠮᠲᠠᠯᠠᠵᠤ ᠪᠠᠶᠢᠭ᠎ᠠ ᠶᠠᠪᠤᠳᠠᠯ ᠮᠥᠨ ᠦᠦ ᠪᠢᠰᠢ ᠦᠦ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ : | ᠪᠤᠷᠤᠭᠤ ᠦᠭᠡᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰ ᠬᠤᠲᠠ ᠶᠢᠨ ᠬᠥᠮᠥᠨ | ᠠᠮᠠ ᠶᠢᠨ ᠨᠢᠭᠲᠠᠴᠠ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ᠂ ᠵᠠᠮ ᠬᠠᠷᠢᠯᠴᠠᠭᠠᠨ ᠤ ᠣᠷᠴᠢᠨ ᠲᠣᠭᠤᠷᠢᠨ | ᠵᠡᠷᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠢᠭᠡ ᠥᠷᠲᠡᠭᠡᠨ ᠤ ᠮᠠᠶ᠋ᠢᠭ︾ ᠤᠨ | ᠲᠣᠮᠢᠯᠠᠭᠰᠠᠨᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠠᠬᠢᠭᠤᠯᠵᠤ᠂ ︽ᠨᠢᠭᠡ | ᠥᠷᠲᠡᠭᠡᠨ ᠤ ᠮᠠᠶ᠋ᠢᠭ︾ ᠤᠨ ᠲᠣᠮᠢᠯᠠᠭᠰᠠᠨ ᠰᠠᠯᠪᠤᠷᠢ ᠨᠢ ᠤᠯᠠᠮᠵᠢᠯᠠᠯᠲᠤ ᠡᠷᠦᠬᠡ ᠠᠮᠠ ᠶᠢᠨ ᠲᠠᠩᠰᠠ ᠶᠢᠨ | ᠲᠠᠰᠤᠭ ᠢ ︽ᠨᠢᠭᠡ ᠥᠷᠲᠡᠭᠡᠨ ᠤ ᠮᠠᠶ᠋ᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠪᠣᠯᠭᠠᠨ | ᠬᠤᠪᠢᠷᠠᠭᠤᠯᠵᠤ᠂ ᠣᠯᠠᠨ ᠲᠦᠮᠡᠨ ᠣᠶᠢᠷ᠎ᠠ ᠬᠠᠪᠢ ᠳᠠᠭᠠᠨ ᠡᠷᠦᠬᠡ ᠠᠮᠠ ᠶᠢᠨ ᠲᠠᠩᠰᠠ᠂ ᠵᠠᠮ ᠬᠠᠷᠢᠯᠴᠠᠭᠠᠨ ᠤ | ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ ᠵᠡᠷᠭᠡ ᠳᠣᠲᠣᠭᠠᠳᠤ ᠶᠢ ᠬᠠᠮᠠᠭᠠᠯᠠᠬᠤ | ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠭᠡᠷ ᠤᠨ ᠡᠭᠦᠳᠡᠨ ᠳᠠᠬᠢ | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨᠦᠢᠯᠡᠴᠢᠯᠡᠭᠡᠨ ᠤ ︽ᠲᠥᠬᠦᠮ ᠳᠡᠯᠭᠡᠭᠦᠷ︾ ᠢ ᠦᠨᠡᠨ ᠬᠦ | ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 15 ᠮᠢᠨᠦ᠋ᠲ ᠤᠨ ᠲᠥᠬᠦᠮ | ᠨᠥᠬᠦᠴᠡᠯ ᠢ ᠪᠣᠶ ᠪᠣᠯᠭᠠᠬᠤ ᠬᠡᠷᠡᠭᠲᠡᠢ᠃ | ᠬᠥᠲᠥᠯᠥᠭᠴᠢ : | ᠥᠭᠡᠷ᠎ᠡ ᠪᠠᠷ ᠬᠡᠯᠡᠪᠡᠯ᠂ ᠤᠤᠯ ᠤᠨ ᠡᠷᠬᠡᠪᠰᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠣᠴᠢᠵᠤ ᠭᠦᠢᠴᠡᠳᠬᠡᠬᠦ ᠬᠡᠷᠡᠭᠲᠡᠢ ᠪᠠᠶᠢᠭᠰᠠᠨ ᠲᠤᠬᠠᠶᠢᠯᠠᠭᠰᠠᠨ ᠠᠵᠢᠯ ᠢ ᠬᠤᠶᠢᠰᠢᠳᠠ ᠲᠣᠮᠢᠯᠠᠭᠰᠠᠨ ᠰᠠᠯᠪᠤᠷᠢ ᠳᠤ | ᠴᠤ ᠭᠦᠢᠴᠡᠳᠬᠡᠵᠦ ᠪᠣᠯᠬᠤ ᠪᠣᠯᠤᠭᠰᠠᠨ ᠦᠦ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ: | ᠢᠩᠭᠢᠵᠦ ᠣᠶᠢᠯᠠᠭᠠᠵᠤ ᠪᠣᠯᠣᠨ᠎ᠠ᠃ ᠮᠠᠨ ᠤ ᠬᠤᠲᠠ ᠶᠢᠨ ᠨᠢᠭᠡᠨᠲᠡ ᠪᠠᠶᠢᠭᠤᠯᠤᠭᠰᠠᠨ ︽ᠨᠢᠭᠡ ᠥᠷᠲᠡᠭᠡᠨ ᠤ | ᠮᠠᠶ᠋ᠢᠭ︾ ᠤᠨ ᠲᠣᠮᠢᠯᠠᠭᠰᠠᠨ ᠰᠠᠯᠪᠤᠷᠢ ᠨᠢᠭᠡᠨᠲᠡ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ | ᠬᠤᠯᠪᠣᠭᠳᠠᠯ ᠪᠦᠬᠦᠢ ᠬᠡᠰᠡᠭ ᠲᠤᠬᠠᠶᠢᠯᠠᠭᠰᠠᠨ ᠠᠵᠢᠯ ᠢ ᠦᠷᠭᠦᠯᠵᠢᠯᠡᠨ ᠭᠦᠢᠴᠡᠳᠬᠡᠵᠦ᠂ ᠲᠠᠷᠠᠭᠠᠴᠢ ᠶᠢᠨ | ᠠᠯᠬᠤᠮ ᠳᠤ᠂ ᠬᠥᠬᠡᠬᠤᠲᠠᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠷᠣᠨ ᠤ ᠲᠥᠪ ᠤᠨ ᠪᠣᠳᠠᠲᠠᠢ | ᠪᠠᠶᠢᠳᠠᠯ ᠢ ᠭᠦᠨᠵᠡᠭᠡᠢ ᠪᠠᠶᠢᠴᠠᠭᠠᠨᠰᠤᠳᠤᠯᠤᠭᠰᠠᠨ ᠰᠠᠭᠤᠷᠢᠨ ᠳᠡᠭᠡᠷ᠎ᠡ᠂ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ | ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠠᠩ ᠣᠯᠠᠨ | ᠲᠣᠮᠢᠯᠠᠭᠰᠠᠨ ᠰᠠᠯᠪᠤᠷᠢ ᠶᠢ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠪᠣᠯᠭᠠᠨᠥᠭᠡᠷᠡᠴᠢᠯᠡᠬᠦ ᠶᠢᠨ | ᠬᠠᠮᠲᠤ ᠨᠠᠩ ᠣᠯᠠᠨ ᠲᠥᠬᠦᠮ ᠪᠥᠭᠡᠳᠥᠨᠳᠥᠷ ᠳᠠᠪᠲᠠᠮᠵᠢ ᠲᠠᠢ ᠲᠤᠬᠠᠶᠢᠯᠠᠭᠰᠠᠨ ᠠᠵᠢᠯ ᠢ ᠲᠣᠮᠢᠯᠠᠭᠰᠠᠨ | ᠰᠠᠯᠪᠤᠷᠢ ᠳᠤ ᠭᠦᠢᠴᠡᠳᠬᠡᠬᠦ ᠶᠢ ᠲᠦᠯᠬᠢᠨ ᠠᠬᠢᠭᠤᠯᠵᠤ᠂ ᠣᠷᠣᠨ ᠤ ᠲᠥᠪ ᠤᠨᠲ᠋ᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ᠬᠥᠲᠥᠯᠥᠭᠴᠢ : | ᠽᠧᠦ ᠴᠠᠭᠳᠠᠭ᠎ᠠ ᠶᠢᠨ ᠲᠤᠰᠢᠶᠠᠯᠲᠠᠨ ᠤ ᠲᠠᠨᠢᠯᠴᠠᠭᠤᠯᠭ᠎ᠠ ᠶᠢ ᠰᠣᠨᠣᠰᠤᠭᠠᠳ᠂ ᠬᠥᠬᠡᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ ᠪᠠᠶᠢᠬᠤ ᠶᠢ ᠪᠢ ᠦᠨᠡᠨ | ᠰᠡᠳᠬᠢᠯ ᠠᠴᠠ ᠪᠠᠨ ᠮᠡᠳᠡᠷᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠦᠴᠦᠷᠬᠡᠭ ᠶᠡᠭᠡ | ᠡᠷᠴᠢ ᠵᠣᠷᠢᠭ᠂ ᠮᠠᠨ ᠤ ᠠᠷᠠᠳ ᠲᠦᠮᠡᠨ ᠳᠤ ᠠᠪᠴᠤ ᠬᠡᠯᠡᠪᠡᠯ᠂ ᠤᠴᠢᠷ ᠶᠠᠪᠤᠳᠠᠯ ᠢ ᠪᠦᠲᠦᠭᠡᠬᠦ ᠳᠤ ᠤᠯᠠᠮ ᠳᠥᠭᠦᠮ | ᠪᠣᠯᠵᠠᠢ᠂ ᠥᠩᠭᠡᠷᠡᠭᠰᠡᠨ ᠳᠤ ᠡᠯ᠎ᠡ ᠲᠥᠷᠥᠯ ᠤᠨ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠤ ᠬᠠᠷᠠᠭᠠᠯᠵᠠᠭᠰᠠᠨ ᠲᠤᠬᠠᠶᠢᠯᠠᠭᠰᠠᠨ ᠠᠵᠢᠯ ᠤᠨ ᠴᠣᠩᠬᠤᠨ ᠳᠤ ᠬᠦᠷᠴᠦ᠂ ᠣᠲᠣ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠰᠢᠭᠤᠳ ᠭᠦᠷᠪᠡᠯ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠯᠠᠩᠬᠢ ᠵᠦᠢᠯᠡᠰ ᠢ ᠭᠦᠢᠴᠡᠳᠬᠡᠵᠦ ᠪᠣᠯᠬᠤ ᠮᠥᠷᠲᠡᠭᠡᠨ ᠪᠠᠰᠠ ᠳᠥᠷᠪᠡᠨ︽ᠨᠢᠭᠡ | ᠥᠷᠲᠡᠭᠡᠨ ᠤ ᠮᠠᠶ᠋ᠢᠭ ᠤᠨ ᠲᠣᠮᠢᠯᠠᠭᠰᠠᠨ ᠰᠠᠯᠪᠤᠷᠢ︾ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ | ᠠᠬᠢᠭᠤᠯᠵᠤ᠂ ᠥᠩᠭᠡᠷᠡᠭᠰᠡᠨ ᠤ ᠡᠷᠦᠬᠡ ᠠᠮᠠ ᠶᠢᠨ ᠲᠠᠩᠰᠠ ᠶᠢᠨ ᠲᠠᠰᠤᠭ ᠠᠴᠠ ᠶᠡᠷᠦᠩᠬᠡᠶᠢᠯᠡᠭᠰᠡᠨ ᠲᠤᠬᠠᠶᠢᠯᠠᠭᠰᠠᠨ | ᠠᠵᠢᠯ ᠤᠨ ᠭᠦᠢᠴᠡᠳᠬᠡᠯ ᠪᠣᠯᠭᠠᠨ ᠬᠤᠪᠢᠷᠠᠭᠤᠯᠵᠤ᠂ ᠮᠠᠨ ᠤ ᠠᠷᠠᠳᠤᠨ ᠭᠡᠷ ᠤᠨᠡᠭᠦᠳᠡᠨ ᠳᠠᠬᠢ ᠲᠥᠬᠦᠮ | ᠦᠢᠯᠡᠴᠢᠯᠡᠭᠡᠨ ᠤ ᠳᠡᠯᠭᠡᠭᠦᠷ ᠢ ᠪᠠᠶᠢᠭᠤᠯᠬᠤ ᠨᠢ ᠦᠨᠡᠬᠡᠷ ᠲᠥᠬᠦᠮ ᠪᠣᠯᠵᠠᠢ᠃ ᠣᠳᠣᠬᠠᠨ ᠳᠤ ᠣᠯᠠᠨ ᠲᠦᠮᠡᠨ ᠤ | ᠰᠦᠯᠵᠢᠶᠡᠨ ᠳᠡᠭᠡᠷ᠎ᠡ ᠤᠴᠢᠷ ᠶᠠᠪᠤᠳᠠᠯ ᠰᠢᠢᠳᠪᠦᠷᠢᠯᠡᠬᠦ ᠬᠡᠷᠡᠭᠴᠡᠭᠡ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠂ | ᠣᠯᠠᠨ ᠲᠦᠮᠡᠨ ᠤ ᠭᠦᠢᠴᠡᠳᠬᠡᠬᠦ ᠴᠢᠬᠤᠯᠠᠲᠠᠢ ᠲᠤᠬᠠᠶᠢᠯᠠᠭᠰᠠᠨ ᠠᠵᠢᠯ ᠳᠤ ᠴᠢᠭᠯᠡᠭᠦᠯᠦᠨ᠂ ᠰᠦᠯᠵᠢᠶᠡᠨ ᠳᠡᠭᠡᠷ᠎ᠡ | ᠤᠴᠢᠷ ᠶᠠᠪᠤᠳᠠᠯ ᠢ ᠰᠢᠢᠳᠪᠦᠷᠢᠯᠡᠬᠦ ᠨᠢ ᠶᠠᠮᠠᠷ ᠠᠷᠭ᠎ᠠ ᠬᠡᠮᠵᠢᠶ᠎ᠡ ᠪᠠᠶᠢᠬᠤ ᠪᠣᠶ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ : | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠠ ᠬᠡᠷᠡᠭᠯᠡᠯᠲᠡ ᠶᠢ ᠳᠠᠭᠠᠯᠳᠤᠨ᠂ ᠠᠷᠠᠳ ᠤᠯᠠᠨ ᠤ | ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠬᠡᠷᠡᠭᠴᠡᠭᠡ ᠤᠯᠠᠮ ᠠᠴᠠ ᠤᠯᠠᠮ ᠥᠨᠳᠥᠷ ᠪᠣᠯᠵᠤ᠂ | ᠰᠦᠯᠵᠢᠶᠡᠨᠲ᠋ᠡᠭᠡᠷ᠎ᠡ ᠤᠴᠢᠷ ᠶᠠᠪᠤᠳᠠᠯ ᠰᠢᠢᠳᠪᠦᠷᠢᠯᠡᠬᠦ ᠳᠤ ᠠᠭᠤᠯᠵᠠᠬᠤ ᠦᠭᠡᠢ ᠪᠠᠷ ᠦᠢᠯᠡᠴᠢᠯᠡᠬᠦ ᠠᠷᠭ᠎ᠠ | ᠮᠠᠶ᠋ᠢᠭ ᠤᠨ ᠳᠠᠪᠠᠭᠤᠯᠢᠭ ᠴᠢᠨᠠᠷ ᠶᠠᠭ ᠲᠠᠰᠤᠷᠠᠯᠳᠠ ᠦᠭᠡᠢ ᠢᠯᠡᠷᠡᠵᠦ ᠪᠠᠶᠢᠬᠤ ᠶᠢ ᠪᠢᠳᠡ ᠪᠠᠰᠠ ᠣᠯᠵᠤ ᠮᠡᠳᠡᠪᠡ᠃ | ᠡᠶᠢᠮᠦ ᠠᠴᠠ ᠣᠶᠢᠷ᠎ᠠ ᠶᠢᠨ ᠬᠡᠳᠦᠨ ᠵᠢᠯ ᠳᠤ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠠᠭ ︽ | ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃ ᠡᠯ᠎ᠡ ᠱᠠᠲᠤᠨ ᠤ ᠤᠳᠤᠷᠢᠳᠤᠯᠭ᠎ᠠ ᠶᠢᠨ ᠳᠡᠭᠡᠳᠦ | ᠬᠡᠮᠵᠢᠶᠡᠨ ᠤ ᠴᠢᠬᠤᠯᠠᠴᠢᠯᠠᠭ᠎ᠠ ᠳᠣᠣᠷ᠎ᠠ᠂ ︽ᠲᠢᠩᠬᠢᠮ ᠲᠣᠪᠴᠢᠶ᠎ᠠ ᠬᠠᠮᠲᠤ ᠪᠠᠷ ᠪᠠᠶᠢᠭᠤᠯᠬᠤ︾ ᠲᠣᠭᠲᠠᠴᠠ ᠳᠤ | ᠲᠦᠰᠢᠭᠯᠡᠨ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠥᠪᠥᠷ ᠮᠣᠩᠭᠤᠯ ᠤᠨ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ︽12123︾ ᠵᠡᠷᠭᠡ ᠬᠡᠷᠡᠭ ᠡᠷᠭᠢᠯᠡᠬᠦ ᠲᠠᠪᠴᠠᠩ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ | ᠣᠳᠣᠬᠠᠨ ᠳᠤ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠰᠦᠯᠵᠢᠶᠡᠨ ᠤ ᠠᠮᠤᠷ ᠲᠦᠪᠰᠢᠨ᠂ | ᠬᠤᠣᠷ ᠴᠠᠭᠠᠵᠠᠯᠠᠬᠤ ᠵᠡᠷᠭᠡ ᠥᠨᠳᠥᠷ ᠳᠠᠪᠲᠠᠮᠵᠢᠲᠤ ᠳᠣᠲᠣᠭᠠᠳᠤ ᠶᠢ ᠬᠠᠮᠠᠭᠠᠯᠠᠬᠤ ᠵᠦᠢᠯᠡᠰ ᠢ ᠪᠥᠬᠦ ᠶᠠᠪᠤᠴᠠ ᠳᠤ | ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠡᠭᠦᠨ ᠳᠤ ᠡᠷᠦᠬᠡ ᠠᠮᠠ ᠶᠢᠨ ᠶᠠᠪᠤᠳᠠᠯ ᠤᠨ ᠲᠤᠬᠠᠶᠢᠯᠠᠭᠰᠠᠨ | ᠠᠵᠢᠯ᠂ ᠡᠷᠦᠬᠡ ᠠᠮᠠ ᠶᠢᠨ ᠳᠠᠩᠰᠠᠯᠠᠯᠲᠠ᠂ ᠡᠷᠦᠬᠡ ᠠᠮᠠ ᠶᠢᠨ ᠲᠠᠩᠰᠠ ᠶᠢ ᠬᠦᠴᠦᠨ ᠦᠭᠡᠢ ᠪᠣᠯᠭᠠᠬᠤ᠂ ᠡᠷᠦᠬᠡ | ᠠᠮᠠ ᠶᠢ ᠰᠢᠯᠵᠢᠭᠦᠯᠬᠦ᠂ ᠡᠷᠦᠬᠡ ᠠᠮᠠ ᠶᠢᠨ ᠳᠠᠭᠠᠯᠲᠠ ᠵᠦᠢᠯ ᠤᠨ ᠲᠤᠬᠠᠶᠢᠯᠠᠭᠰᠠᠨ ᠠᠵᠢᠯ ᠢ ᠬᠤᠪᠢᠷᠠᠭᠤᠯᠬᠤ ᠵᠡᠷᠭᠡ | ᠪᠠᠭᠲᠠᠨ᠎ᠠ᠂ ᠡᠭᠦᠨ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ᠂ ᠵᠢᠯᠣᠭᠤᠴᠢ ᠶᠢᠨ | ᠦᠨᠡᠮᠯᠡᠯ ᠢ ᠨᠥᠬᠦᠵᠦ ᠠᠪᠬᠤ ᠰᠣᠯᠢᠵᠤ ᠠᠪᠬᠤ᠂ ᠮᠠᠰᠢᠨᠲᠤ ᠲᠡᠷᠭᠡ ᠶᠢ ᠨᠥᠬᠦᠵᠦ ᠠᠪᠬᠤ᠂ ᠰᠣᠯᠢᠵᠤ ᠠᠪᠬᠤ᠂ | ᠮᠠᠰᠢᠨᠲᠤ ᠲᠡᠷᠭᠡ ᠶᠢᠨ ᠲᠦᠷ ᠴᠠᠭ ᠤᠨ ᠫᠠᠶᠢᠰᠠ ᠦᠨᠡᠮᠯᠡᠯ ᠭᠤᠶᠤᠴᠢᠯᠠᠨ ᠠᠪᠬᠤ ᠵᠡᠷᠭᠡ ᠪᠠᠭᠲᠠᠨ᠎ᠠ᠃ ᠣᠳᠣᠬᠠᠨᠳᠤ᠂ | ᠣᠯᠠᠨ ᠲᠦᠮᠡᠨ ᠭᠠᠷ ᠤᠲᠠᠰᠤ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠤᠶᠤ ︽ᠮᠣᠩᠭᠤᠯ ᠤᠨᠲ᠋ᠦ᠋ᠷᠭᠡᠨ ᠬᠤᠷᠳᠤᠴᠠ ᠶᠢᠨ ᠠᠯᠪᠠᠨ | ᠭᠡᠷ︾ ᠢ ᠡᠷᠢᠵᠦ ᠪᠣᠯᠣᠨ᠎ᠠ᠂ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠲᠤᠰᠬᠠᠢ | ᠣᠷᠣᠨ ᠢ ᠰᠣᠩᠭᠤᠵᠤ᠂ ᠭᠤᠶᠤᠴᠢᠯᠠᠯ ᠤᠨ ᠮᠠᠲ᠋ᠧᠷᠢᠶᠠᠯ ᠢ ᠳᠡᠭᠡᠭᠰᠢ ᠳᠠᠮᠵᠢᠭᠤᠯᠬᠤ᠂ ᠳᠣᠲᠣᠭᠠᠳᠤ ᠶᠢ ᠬᠠᠮᠠᠭᠠᠯᠠᠬᠤ | ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠬᠦ᠂ ᠠᠷᠠᠳ ᠤᠨ ᠴᠠᠭᠳᠠᠭ᠎ᠠ ᠶᠢᠨ ᠠᠷᠤ | ᠲᠠᠯ᠎ᠠ ᠳᠤ ᠭᠦᠢᠴᠡᠳᠬᠡᠬᠦ ᠶᠢ ᠰᠣᠩᠭᠤᠵᠤ᠂ ︽ᠰᠦᠯᠵᠢᠶᠡᠨᠲ᠋ᠡᠭᠡᠷ᠎ᠡ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ | ᠭᠤᠶᠤᠴᠢᠯᠠᠬᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠦᠵᠦᠭᠦᠷ ᠲᠤ ᠬᠦᠷᠭᠡᠬᠦ᠂ ᠲᠦᠷᠭᠡᠨ | ᠬᠦᠷᠭᠡᠯᠲᠡ ᠪᠠᠷ ᠬᠦᠷᠭᠡᠬᠦ︾ ᠭᠦᠢᠴᠡᠳᠬᠡᠬᠦ ᠵᠠᠭᠪᠤᠷ ᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠠᠵᠤ | ᠠᠬᠤᠶᠢᠯᠠᠯ ᠤᠨ ᠣᠯᠠᠨ ᠲᠦᠮᠡᠨ ᠳᠤ ᠨᠠᠩ ᠥᠨᠳᠥᠷ ᠲᠥᠬᠦᠮ ᠨᠥᠬᠦᠴᠡᠯ ᠬᠠᠩᠭᠠᠨ᠎ᠠ᠃ ᠡᠭᠦᠨ ᠤ ᠵᠡᠷᠭᠡ ᠳᠤ ᠮᠠᠨ ᠤ | ᠰᠦᠯᠵᠢᠶᠡᠨ ᠤ ᠠᠯᠪᠠᠨ ᠭᠡᠷ ᠤᠨ ᠲᠥᠪ ᠴᠦ ᠮᠠᠨ ᠤ ᠬᠤᠲᠠ ᠶᠢᠨ ︽ᠢᠨᠲ᠋ᠧᠷ ᠰᠦᠯᠵᠢᠶ᠎ᠡ + ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠲᠠᠪᠴᠠᠩ︾ ᠤᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ | ᠪᠠᠶᠢᠨ᠎ᠠ᠂ ᠵᠢᠱᠢᠯᠲᠡ ᠪᠠᠷ ᠡᠨᠡ ᠵᠢᠯ ᠤᠨ ᠡᠴᠦᠰ ᠲᠤ ᠨᠠᠩ ᠣᠯᠠᠨ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠬᠦ ᠪᠣᠯᠣᠨ᠎ᠠ᠃ | ᠬᠥᠲᠥᠯᠥᠭᠴᠢ᠄ | ᠲᠠ ᠪᠦᠬᠦᠨ ᠤ ᠪᠢᠴᠢᠯ ᠳᠣᠬᠢᠶ᠎ᠠ ᠪᠠᠷ ᠳᠠᠮᠵᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠡᠷᠢᠵᠦ ᠳᠣᠲᠣᠭᠠᠳᠤ ᠶᠢ | ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠳᠣᠣᠷ᠎ᠠ ᠪᠢᠳᠡ | ᠥᠪᠡᠰᠦᠪᠡᠨ ᠰᠢᠢᠳᠪᠦᠷᠢᠯᠡᠵᠦ ᠪᠠᠶᠢᠭ᠎ᠠ ᠪᠠᠶᠢᠳᠠᠯ ᠢᠶᠠᠨ ᠶᠠᠷᠢᠯᠴᠠᠶ᠎ᠠ᠃ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ᠄ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠬᠠᠮᠢᠶ᠎ᠠ ᠪᠦᠬᠦᠢ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠪᠢᠳᠡ ᠣᠳᠣ ᠶᠠᠭ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ︽ᠥᠪᠡᠷᠲᠡᠭᠡᠨ ᠲᠤᠰᠠᠯᠠᠬᠤ ᠣᠶᠤᠨᠴᠢ ᠠᠯᠪᠠᠨ ᠭᠡᠷ︾ ᠤᠨ ᠦᠢᠯᠡᠴᠢᠯᠡᠭᠡ ᠶᠢ ᠲᠠᠰᠤᠷᠠᠯᠲᠠ | ᠦᠭᠡᠢ ᠬᠡᠷᠡᠭᠵᠢᠭᠦᠯᠵᠦ ᠪᠠᠶᠢᠨ᠎ᠠ᠂ ᠬᠤᠲᠠ ᠶᠢᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠳᠤ ᠨᠢᠭᠡᠨᠲᠡ ᠪᠠᠶᠢᠭᠤᠯᠤᠭᠰᠠᠨ ︽24 ᠴᠠᠭ ᠤᠨ ᠳᠣᠲᠣᠭᠠᠳᠤ ᠶᠢ ᠬᠠᠮᠠᠭᠠᠯᠠᠬᠤ ᠣᠶᠤᠨᠲᠤ ᠥᠪᠡᠷᠲᠡᠭᠡᠨ | ᠦᠢᠯᠡᠴᠢᠯᠡᠬᠦ ᠲᠢᠩᠬᠢᠮ︾ ᠤᠨ ᠳᠣᠲᠣᠷ᠎ᠠ᠂ ᠪᠡᠶ᠎ᠡ ᠶᠢᠨ ᠦᠨᠡᠮᠯᠡᠯ ᠢ ᠭᠦᠢᠴᠡᠳᠬᠡᠬᠦ᠂ ᠬᠢᠯᠢ ᠪᠠᠷ ᠣᠷᠣᠵᠤ ᠭᠠᠷᠬᠤ | ᠦᠨᠡᠮᠯᠡᠯ ᠢ ᠭᠥᠯᠢᠶᠡᠨ ᠠᠪᠴᠤ ᠰᠢᠢᠳᠪᠦᠷᠢᠯᠡᠬᠦ ᠬᠤᠶᠠᠷ ᠵᠦᠢᠯ ᠤᠨ ᠥᠨᠳᠥᠷ ᠳᠠᠪᠲᠠᠮᠵᠢ ᠲᠠᠢ ᠲᠥᠬᠦᠮ ᠵᠦᠢᠯᠡᠰ ᠢ | ᠥᠪᠡᠰᠦᠪᠡᠨ ᠭᠥᠯᠢᠶᠡᠨ ᠠᠪᠴᠤ ᠰᠢᠢᠳᠪᠦᠷᠢᠯᠡᠬᠦ ᠠᠴᠠ ᠭᠠᠳᠠᠨ᠎ᠠ᠂ ᠣᠶᠢᠷ᠎ᠠ ᠳᠤ ᠪᠠᠰᠠ ︽24 ᠴᠠᠭ ᠤᠨ ᠥᠪᠡᠰᠦᠪᠡᠨ | ᠦᠢᠯᠡᠴᠢᠯᠡᠬᠦ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ︾ ᠢ ᠰᠢᠨ᠎ᠡ ᠪᠠᠷ ᠪᠠᠶᠢᠭᠤᠯᠵᠤ᠂ ᠣᠯᠠᠨ ᠲᠦᠮᠡᠨ ᠳᠤ | ᠵᠢᠯᠣᠭᠤᠴᠢ ᠶᠢᠨ ᠦᠨᠡᠮᠯᠡᠯ ᠢ ᠨᠥᠬᠦᠵᠦ ᠰᠣᠯᠢᠵᠤ ᠠᠪᠬᠤ ᠪᠥᠬᠦ ᠶᠠᠪᠤᠴᠠ ᠶᠢᠨ ᠥᠪᠡᠰᠦᠪᠡᠨ ᠦᠢᠯᠡᠴᠢᠯᠡᠬᠦ | ᠦᠢᠯᠡᠴᠢᠯᠡᠭᠡ ᠬᠠᠩᠭᠠᠵᠤ ᠪᠣᠯᠣᠨ᠎ᠠ᠂ ᠥᠪᠡᠰᠦᠪᠡᠨ ᠦᠢᠯᠡᠴᠢᠯᠡᠬᠦ ᠮᠠᠰᠢᠨ ᠢᠶᠠᠷ ᠨᠢᠭᠤᠷ ᠢᠶᠠᠨ ᠦᠵᠡᠭᠦᠯᠦᠨ | ᠭᠡᠷᠡᠴᠢᠯᠡᠭᠦᠯᠳᠡᠭ ᠯᠡ ᠶᠤᠮ ᠪᠣᠯ ᠣᠯᠠᠨ ᠲᠦᠮᠡᠨ ᠳᠤ ᠪᠦᠬᠦᠯᠢ ᠡᠳᠦᠷ ᠢᠶᠠᠷ ᠢᠶᠠᠨ ︽ᠡᠭᠦᠳᠡ ᠪᠠᠨ ᠬᠠᠭᠠᠬᠤ ᠦᠭᠡᠢ | ᠦᠢᠯᠡᠴᠢᠯᠡᠭᠡ︾ ᠭᠥᠷᠳᠡᠵᠦ ᠪᠣᠯᠣᠨ᠎ᠠ᠃ ᠣᠳᠣᠬᠠᠨ ᠳᠤ ᠡᠯ᠎ᠡ ᠭᠠᠵᠠᠷ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ᠴᠥᠮ ︽24 ᠴᠠᠭ ᠤᠨ ᠥᠪᠡᠰᠦᠪᠡᠨ ᠦᠢᠯᠡᠴᠢᠯᠡᠬᠦ ᠲᠢᠩᠬᠢᠮ︾ ᠭᠠᠷᠭᠠᠵᠤ᠂ | ᠡᠭᠦᠨ ᠤ ᠳᠣᠲᠣᠷ᠎ᠠ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠥᠪᠡᠰᠦᠪᠡᠨ ᠦᠢᠯᠡᠴᠢᠯᠡᠬᠦ | ᠲᠥᠬᠦᠭᠡᠷᠦᠮᠵᠢ ᠶᠢ 24 ᠴᠠᠭ ᠲᠤ ᠪᠦᠬᠦᠯᠢ ᠡᠳᠦᠷ ᠢᠶᠠᠷ ︽ᠡᠭᠦᠳᠡ ᠪᠠᠨ ᠬᠠᠭᠠᠬᠤ ᠦᠭᠡᠢ︾ ᠪᠠᠶᠢᠯᠭᠠᠵᠤ ᠪᠣᠯᠣᠨ᠎ᠠ᠂ | ᠬᠡᠰᠡᠭ ᠲᠣᠮᠢᠯᠠᠭᠰᠠᠨ ᠰᠠᠯᠪᠤᠷᠢ ᠴᠤ ᠥᠪᠡᠰᠦᠪᠡᠨ ᠦᠢᠯᠡᠴᠢᠯᠡᠬᠦ ᠲᠥᠬᠦᠭᠡᠷᠦᠮᠵᠢ ᠨᠡᠮᠡᠨ ᠪᠠᠶᠢᠭᠤᠯᠵᠤ᠂ ᠠᠵᠢᠯ | ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠤᠯᠠᠮ ᠨᠢᠭᠡ ᠠᠯᠬᠤᠮ ᠲᠥᠬᠦᠮ ᠨᠥᠬᠦᠴᠡᠯ ᠬᠠᠩᠭᠠᠵᠤ ᠪᠠᠶᠢᠨ᠎ᠠ᠃ | ᠬᠥᠲᠥᠯᠥᠭᠴᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠨᠡ ᠬᠡᠳᠦᠨ ᠵᠦᠢᠯ ᠤᠨ ᠠᠵᠢᠯ ᠠᠴᠠ ᠭᠠᠳᠠᠨ᠎ᠠ | ᠪᠠᠰᠠ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠣᠶ︖ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ᠄ | ᠨᠢᠭᠡ ᠳᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠳᠣᠲᠣᠭᠠᠳᠤ ᠶᠢ | ᠬᠠᠮᠠᠭᠠᠯᠠᠬᠤ ᠴᠣᠩᠬᠤᠨ ᠳᠤ ᠭᠠᠷᠠᠭ ᠤᠨ ᠵᠢᠷᠭᠤᠭᠠᠨ ᠤ ᠡᠳᠦᠷ ᠤᠨ ᠴᠠᠭ ᠢ ᠤᠷᠲᠤᠳᠬᠠᠬᠤ ᠦᠢᠯᠡᠴᠢᠯᠡᠭᠡ ᠶᠢ | ᠡᠬᠢᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ︽ᠡᠩ ᠤᠨ ᠴᠠᠭ ᠲᠤ ᠭᠦᠢᠴᠡᠳᠬᠡᠬᠦ ᠴᠢᠯᠦᠭᠡ | ᠦᠭᠡᠢ᠂ ᠠᠮᠠᠷᠠᠬᠤ ᠴᠠᠭ ᠲᠤ ᠭᠦᠢᠴᠡᠳᠬᠡᠬᠦ ᠭᠠᠵᠠᠷ ᠦᠭᠡᠢ︾ ᠪᠠᠶᠢᠬᠤ ᠬᠦᠴᠢᠷᠳᠡᠯ ᠢ ᠦᠨᠡᠨᠬᠦ ᠰᠢᠢᠳᠪᠦᠷᠢᠯᠡᠨ᠎ᠡ᠃ | ᠡᠭᠦᠨ ᠤ ᠬᠠᠮᠲᠤ᠂ ᠬᠢᠨᠠᠨ ᠵᠥᠪᠰᠢᠶᠡᠷᠡᠬᠦ ᠲᠥᠪ ᠠᠴᠠ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ | ᠠᠵᠢᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠬᠢᠭᠤᠯᠵᠤ᠂ ᠣᠳᠣ ᠨᠢᠭᠡᠨᠲᠡ ᠰᠢᠨ᠎ᠡ ᠲᠡᠷᠭᠡᠨ ᠳᠡᠭᠡᠷ᠎ᠡ ᠫᠠᠶᠢᠰᠠ | ᠡᠯᠭᠦᠬᠦ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾᠂ ᠲᠥᠷᠥᠭᠰᠡᠨ ᠡᠷᠦᠬᠡ ᠳᠤ ︽ᠨᠢᠭᠡ | ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠬᠥᠩᠭᠡᠵᠢᠭᠰᠡᠨ ᠤ ᠳᠠᠷᠠᠭᠠᠬᠢ ︽ᠨᠢᠭᠡ ᠤᠴᠢᠷ | ᠢ ᠨᠢᠭᠡ ᠯᠡ ᠤᠳᠠᠭ᠎ᠠ ᠳᠤ ᠭᠦᠢᠴᠡᠳᠬᠡᠬᠦ︾ ᠨᠢ ᠰᠠᠶ᠋ᠢ ᠲᠥᠷᠥᠭᠰᠡᠨ ᠬᠡᠦᠬᠡᠳ ᠤᠨ ᠭᠦᠢᠴᠡᠳᠬᠡᠬᠦ ᠴᠢᠬᠤᠯᠠᠲᠠᠢ | ᠬᠥᠩᠭᠡᠵᠢᠭᠰᠡᠨ ᠤ ᠠᠨᠠᠭᠠᠬᠤ ᠤᠬᠠᠭᠠᠨ ᠤ ᠭᠡᠷᠡᠴᠢᠯᠡᠯ᠂ ᠬᠡᠦᠬᠡᠳ ᠤᠨ ︽ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ︾᠂ | ᠡᠷᠦᠬᠡ ᠠᠮᠠ ᠶᠢᠨ ᠳᠠᠩᠰᠠᠯᠠᠯᠲᠠ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠬᠢᠨᠠᠨ | ᠲᠣᠭᠲᠠᠭᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠵᠡᠷᠭᠡ 5 ᠵᠦᠢᠯ ᠤᠨ ᠵᠦᠢᠯᠡᠰ ᠢ | ᠨᠡᠶᠢᠯᠡᠭᠦᠯᠦᠭᠡᠳ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠪᠣᠯᠭᠠᠬᠤ ᠶᠢᠨ ᠬᠠᠮᠲᠤ ︽ᠬᠤᠶᠢᠨᠠᠬᠢ | ᠨᠢᠭᠡ ᠤᠴᠢᠷ︾ ᠵᠡᠷᠭᠡ ᠵᠦᠢᠯᠡᠰ ᠢ ᠴᠦ ᠢᠳᠡᠭ ᠢᠳᠡᠭ ᠢᠶᠠᠷ ᠨᠠᠶᠢᠳᠠᠪᠤᠷᠢᠵᠢᠭᠤᠯᠵᠤ ᠪᠠᠶᠢᠨ᠎ᠠ᠃ ᠡᠭᠦᠨ ᠠᠴᠠ | ᠭᠠᠳᠠᠨ᠎ᠠ᠂ ᠮᠠᠨ ᠤ ᠬᠡᠷᠡᠭᠵᠢᠭᠦᠯᠵᠦ ᠪᠠᠶᠢᠭ᠎ᠠ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ ᠠᠵᠢᠯ ᠤᠨ | ᠦᠷ᠎ᠡ ᠪᠦᠲᠦᠮᠵᠢ ᠴᠦ ᠢᠯᠡᠳᠲᠡ ᠪᠠᠶᠢᠵᠤ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ᠳᠣᠲᠣᠭᠠᠳᠤ ᠶᠢ ᠬᠠᠮᠠᠭᠠᠯᠠᠬᠤ ᠬᠠᠪᠰᠤᠷᠤᠨ ᠰᠢᠢᠳᠪᠦᠷᠢᠯᠡᠵᠦ ᠣᠷᠣᠯᠠᠨ | ᠭᠦᠢᠴᠡᠳᠬᠡᠬᠦ ᠦᠢᠯᠡᠴᠢᠯᠡᠭᠡᠨ ᠤ ᠴᠢᠭ᠋ ᠢ ᠨᠡᠶᠢᠲᠡ 12 ᠪᠠᠶᠢᠭᠤᠯᠵᠤ᠂ ᠭᠤᠶᠤᠴᠢᠯᠠᠭᠴᠢ ᠳᠤ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠵᠦᠢᠯᠡᠰ ᠢ ᠠᠰᠠᠭᠤᠨ ᠯᠠᠪᠯᠠᠬᠤ᠂ ᠵᠢᠯᠤᠭᠤᠳᠬᠤ᠂ ᠵᠣᠬᠢᠴᠠᠭᠤᠯᠬᠤ᠂ ᠳᠠᠭᠠᠭᠤᠯᠤᠨ | ᠭᠦᠢᠴᠡᠳᠬᠡᠬᠦ ᠪᠠ ᠬᠠᠪᠰᠤᠷᠤᠨ ᠰᠢᠢᠳᠪᠦᠷᠢᠯᠡᠵᠦ ᠥᠭᠬᠦ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠬᠤ ᠶᠢ | ᠪᠡᠶᠡᠯᠡᠭᠦᠯᠵᠦ ᠪᠣᠯᠣᠨ᠎ᠠ᠃ | ᠬᠥᠲᠥᠯᠥᠭᠴᠢ᠄ | ᠡᠭᠦᠨ ᠠᠴᠠ ᠦᠵᠡᠪᠡᠯ᠂ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠭᠰᠠᠭᠠᠷ ᠢᠷᠡᠵᠡᠶ᠃ | | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ | ᠶᠠᠩ᠄ | ᠲᠡᠶᠢᠮᠦ ᠠ᠋᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠤᠨ ᠣᠯᠠᠨ ᠲᠦᠮᠡᠨ ᠤ | ᠠᠵᠢᠯ ᠶᠠᠪᠤᠳᠠᠯ ᠬᠢᠬᠦ ᠳᠤ ᠳᠥᠭᠦᠮ ᠦᠵᠡᠭᠦᠯᠬᠦ ᠠᠴᠠ ᠭᠠᠳᠠᠨ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠤᠳᠤᠷᠢᠳᠤᠯᠭ᠎ᠠ ᠠᠴᠠ︽ᠲᠠᠯᠪᠢᠬᠤ ᠬᠠᠮᠢᠶᠠᠷᠬᠤ ᠦᠢᠯᠡᠴᠢᠯᠡᠬᠦ︾ᠥᠭᠡᠷᠡᠴᠢᠯᠡᠯᠲᠡ ᠶᠢ ᠠᠬᠢᠭᠤᠯᠵᠤ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠳᠡᠮᠵᠢᠭᠰᠡᠭᠡᠷ ᠢᠷᠡᠪᠡ᠃ ᠣᠳᠣᠬᠠᠨ ᠤ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ | ᠦᠢᠯᠡᠰ ᠴᠣᠭᠴᠠᠯᠠᠬᠤ ᠶᠢᠨ ᠡᠪᠡᠷᠰᠢᠶᠡᠯ ᠲᠠᠢ ᠠᠰᠠᠭᠤᠳᠠᠯ᠂ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ | ᠠᠵᠢᠯ ᠶᠠᠪᠤᠳᠠᠯ ᠪᠦᠲᠦᠭᠡᠬᠦ ᠳᠤ ᠬᠥᠮᠥᠨ ᠢ ᠱᠠᠭᠠᠷᠳᠠᠬᠤ ᠦᠭᠡᠢ᠂ ᠲᠥᠷᠥᠯ ᠵᠦᠢᠯ ᠢ ᠪᠣᠳᠠᠲᠠᠶᠢᠵᠢᠭᠤᠯᠵᠤ ᠳᠡᠶᠢᠯᠬᠦ︾ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠢᠯᠠᠩᠭᠤᠶ᠎ᠠ ᠬᠤᠶᠠᠳᠤᠭᠠᠷ ᠪᠦᠯᠦᠭ ᠤᠨ | ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠲᠠ ᠶᠢᠨ ᠲᠣᠪᠴᠢᠶ᠎ᠠ ᠶᠢᠨ ᠡᠯ᠎ᠡ ᠱᠠᠲᠤᠨ ᠤ | ᠤᠳᠤᠷᠢᠳᠤᠯᠭ᠎ᠠ ᠴᠣᠩᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ᠂ ᠬᠢᠨᠠᠨ ᠵᠥᠪᠰᠢᠶᠡᠷᠡᠬᠦ ᠲᠥᠪ ᠠᠴᠠ | ᠲᠦᠷᠦᠭᠦᠯᠡᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ︽ᠨᠢᠭᠡᠳᠦᠭᠡᠷ ᠭᠠᠷ︾ ᠤᠨ | ᠴᠤᠪᠤᠷᠠᠯ ᠤᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢ ᠥᠷᠨᠢᠭᠦᠯᠦᠭᠰᠡᠨ ᠤ ᠳᠠᠷᠠᠭᠠᠬᠢ ᠬᠠᠮᠤᠭ ᠤᠨ | ᠲᠡᠷᠢᠭᠦᠨ ᠳᠤ ᠬᠤᠲᠠ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ | ᠳᠣᠲᠣᠭᠠᠳᠤ ᠶᠢ ᠬᠠᠮᠠᠭᠠᠯᠠᠬᠤ ᠴᠣᠩᠬᠤᠨ ᠳᠤ ᠬᠦᠷᠴᠦ ᠬᠡᠷᠡᠭ ᠶᠠᠪᠤᠳᠠᠯ ᠢ ᠭᠦᠢᠴᠡᠳᠬᠡᠬᠦ ᠴᠤᠪᠤᠷᠠᠯ ᠢ ᠪᠡᠶᠡᠴᠢᠯᠡᠨ | ᠣᠶᠢᠯᠠᠭᠠᠵᠤ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠲᠠ ᠶᠢᠨ ᠲᠣᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠣᠩᠬᠤᠨ ᠳᠤ | ᠬᠦᠷᠴᠦ ᠠᠵᠢᠯᠲᠠᠨ ᠤ ᠬᠤᠪᠢ ᠪᠠᠷ ᠴᠣᠩᠬᠤᠨ ᠳᠤ ᠰᠠᠭᠤᠵᠤ᠂ ᠠᠵᠤ ᠠᠬᠤᠶᠢᠯᠠᠯ ᠤᠨ ᠣᠯᠠᠨ ᠲᠦᠮᠡᠨ ᠤ ᠬᠤᠪᠢ ᠪᠠᠷ | ᠴᠤᠪᠤᠷᠠᠯ ᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠢᠯᠢ ᠪᠠᠷ ᠣᠷᠣᠵᠤ ᠭᠠᠷᠬᠤ ᠰᠠᠯᠪᠤᠷᠢ ᠠᠩᠭᠢ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠲᠣᠭᠤᠷᠢᠭᠤᠨᠲ᠋ᠣᠲᠣᠭᠠᠳᠤ ᠶᠢ | ᠬᠠᠮᠠᠭᠠᠯᠠᠬᠤ ︵ᠬᠤᠪᠢᠶᠠᠷᠢ︶ ᠲᠣᠪᠴᠢᠶ᠎ᠠ ᠡᠯ᠎ᠡ ᠭᠠᠵᠠᠷ ᠤᠨ ᠪᠣᠳᠠᠲᠠᠢ ᠪᠠᠶᠢᠳᠠᠯ ᠢ ᠦᠨᠳᠦᠰᠦᠯᠡᠨ ᠪᠡᠶ᠎ᠡ ᠪᠠᠷ ᠢᠶᠠᠨ | ᠣᠶᠢᠯᠠᠭᠠᠬᠤ᠂ ᠪᠠᠷ᠎ᠠ ᠪᠣᠯᠵᠤ ᠭᠦᠢᠴᠡᠳᠬᠡᠬᠦ᠂ ᠣᠯᠠᠨ ᠲᠦᠮᠡᠨ ᠢ ᠬᠠᠷᠢᠭᠤ ᠰᠤᠷᠪᠤᠯᠵᠢᠯᠠᠬᠤ ᠵᠡᠷᠭᠡ ᠬᠡᠯᠪᠡᠷᠢ ᠪᠠᠷ | ︽ᠨᠢᠭᠡᠳᠦᠭᠡᠷ ᠭᠠᠷ ᠴᠤᠪᠤᠷᠠᠯ ᠢ ᠶᠠᠪᠤᠭᠤᠯᠬᠤ︾ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠠᠰᠠᠭᠤᠨ | ᠯᠠᠪᠯᠠᠬᠤ ᠠᠴᠠ ᠡᠮᠦᠨ᠎ᠡ ᠬᠦᠰᠦᠨᠦᠭ ᠲᠠᠭᠯᠠᠬᠤ ᠬᠦᠷᠲᠡᠯ᠎ᠡ᠂ ᠮᠥᠷᠯᠡᠵᠦ ᠭᠦᠢᠴᠡᠳᠬᠡᠬᠦ ᠠᠴᠠ ᠬᠡᠷᠡᠭ ᠶᠠᠪᠤᠳᠠᠯ ᠢ | ᠰᠢᠢᠳᠪᠦᠷᠢᠯᠡᠵᠦ ᠳᠠᠭᠤᠰᠬᠠᠬᠤ ᠬᠦᠷᠲᠡᠯ᠎ᠡ᠂ ᠴᠤᠪᠤᠷᠠᠯ ᠢ ᠪᠦᠷᠢᠨ ᠭᠦᠢᠴᠡᠳᠬᠡᠨ᠎ᠡ᠃ ᠭᠤᠣᠯ ᠤᠳᠤᠷᠢᠳᠤᠯᠭ᠎ᠠ ᠪᠣᠯᠣᠨ | ᠡᠯ᠎ᠡ ᠴᠠᠭᠳᠠᠭᠠᠨ ᠤ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠰᠠᠨᠠᠭᠠᠴᠢᠯᠠᠭ᠎ᠠ ᠠᠴᠠ ᠪᠠᠨ ᠬᠡᠷᠡᠭ | ᠡᠷᠬᠢᠯᠡᠬᠦ ᠶᠠᠪᠤᠴᠠ ᠶᠢ ᠣᠶᠢᠯᠠᠭᠠᠬᠤ ᠪᠠᠷ ᠳᠡᠮᠵᠢᠨ᠂ ᠲᠣᠪᠣᠶᠢᠮ᠎ᠠ ᠠᠰᠠᠭᠤᠳᠠᠯ ᠢ ᠭᠦᠨᠵᠡᠭᠡᠢ ᠡᠷᠢᠵᠦ᠂ ᠠᠯᠬᠤᠮ | ᠳᠠᠷᠠᠭ᠎ᠠ ᠶᠢ ᠰᠤᠳᠤᠯᠤᠨ ᠲᠥᠯᠥᠪᠯᠡᠵᠦ ᠳᠠᠬᠢᠨ ᠪᠦᠲᠦᠭᠡᠬᠦ ᠠᠵᠢᠯ ᠤᠨ ᠶᠠᠪᠤᠴᠠ ᠶᠢ ᠲᠠᠬᠢᠨ ᠰᠢᠯᠢᠳᠡᠭᠵᠢᠭᠦᠯᠵᠦ᠂ | ᠲᠠᠬᠢᠨ ᠲᠡᠰ ᠳᠡᠪᠰᠢᠭᠦᠯᠬᠦ ᠶᠢ ᠴᠢᠨᠠᠭᠰᠢᠳᠠ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠳᠤ | ᠴᠢᠭᠯᠡᠯ ᠢ ᠲᠣᠳᠣᠷᠬᠠᠢ ᠵᠢᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠪᠣᠳᠠᠲᠤ ᠠᠵᠢᠯᠯᠠᠭ᠎ᠠ ᠳᠡᠭᠡᠷ᠎ᠡ ᠪᠠᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ | ᠰᠠᠶᠢᠲᠤᠷ ᠭᠦᠢᠴᠡᠳᠬᠡᠵᠦ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠡᠭᠦᠷᠭᠡᠯᠡᠯ ᠰᠢᠨ᠎ᠡ ᠦᠷ᠎ᠡ ᠪᠦᠲᠦᠮᠵᠢ ᠪᠢᠴᠢᠯ | ᠦᠢᠯᠡᠴᠢᠯᠡᠭᠡ ᠪᠠᠷ ᠴᠢᠨᠠᠷᠰᠠᠶᠢᠲᠠᠢ ᠬᠥᠭᠵᠢᠯᠲᠡ ᠶᠢ ᠪᠠᠲᠤᠯᠠᠵᠤ᠂ ︽ᠬᠤᠶᠠᠷ ᠶᠡᠭᠡ ᠭᠠᠶᠢᠬᠠᠮᠰᠢᠭ︾ ᠤᠨ ᠰᠢᠨ᠎ᠡ | ᠬᠠᠭᠤᠳᠠᠰᠤ ᠶᠢ ᠦᠷᠭᠦᠯᠵᠢᠯᠡᠨ ᠪᠢᠴᠢᠭᠯᠡᠵᠦ ᠳᠣᠲᠣᠭᠠᠳᠤ ᠶᠢ ᠬᠠᠮᠠᠭᠠᠯᠠᠬᠤ ᠬᠦᠴᠦᠨ ᠢᠶᠠᠨ ᠡᠷᠭᠦᠬᠦ ᠪᠠᠷ ᠴᠢᠷᠮᠠᠶᠢᠪᠠ᠃ | | ᠬᠥᠲᠥᠯᠥᠭᠴᠢ᠄ | ᠥᠭᠡᠷᠡᠴᠢᠯᠡᠯᠲᠡ ᠶᠢᠨ ᠶᠠᠪᠤᠴᠠ ᠳᠤ ᠯᠠᠪᠲᠠᠢ ᠵᠦᠢᠯ ᠵᠦᠢᠯ ᠤᠨ ᠬᠠᠷᠰᠢ ᠰᠠᠭᠠᠳ ᠲᠤᠯᠭᠠᠷᠠᠬᠤ ᠶᠤᠮ᠂ | ᠲᠡᠭᠡᠪᠡᠯ ᠠᠵᠢᠯ ᠤᠨ ᠠᠬᠢᠴᠠ ᠶᠢᠨ ᠳᠤᠮᠳᠠ ᠶᠠᠮᠠᠷ ᠠᠰᠠᠭᠤᠳᠠᠯ ᠲᠤᠯᠭᠠᠷᠠᠭᠰᠠᠨ᠂ ᠬᠡᠷᠬᠢᠨ ᠰᠢᠢᠳᠪᠦᠷᠢᠯᠡᠭᠰᠡᠨ ᠢ | ᠶᠠᠷᠢᠯᠴᠠᠵᠤ ᠪᠣᠯᠣᠨ᠎ᠠ ᠤᠣ? ᠭᠡᠵᠦ ᠠᠰᠠᠭᠤᠶ᠎ᠠ᠄ ︽ᠥᠭᠡᠷᠡᠴᠢᠯᠡᠯᠲᠡ ᠶᠢᠨ ᠶᠠᠪᠤᠴᠠ ᠳᠤ ᠯᠠᠪᠲᠠᠢ ᠵᠦᠢᠯ ᠵᠦᠢᠯ ᠤᠨ | ᠬᠠᠷᠰᠢ ᠰᠠᠭᠠᠳ ᠲᠤᠯᠭᠠᠷᠠᠬᠤ ᠶᠤᠮ᠂ ᠲᠡᠭᠡᠪᠡᠯ ᠠᠵᠢᠯ ᠤᠨ ᠠᠬᠢᠴᠠ ᠶᠢᠨ ᠳᠤᠮᠳᠠ ᠶᠠᠮᠠᠷ ᠠᠰᠠᠭᠤᠳᠠᠯ ᠲᠤᠯᠭᠠᠷᠠᠭᠰᠠᠨ᠂ | ᠬᠡᠷᠬᠢᠨ ᠰᠢᠢᠳᠪᠦᠷᠢᠯᠡᠭᠰᠡᠨ ᠢ ᠶᠠᠷᠢᠯᠴᠠᠵᠤ ᠪᠣᠯᠣᠨ᠎ᠠ ᠦᠦ︖︾ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠄ | ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠣᠷᠣᠨ ᠤ ᠲᠥᠪ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠶᠢᠨ ᠴᠣᠩᠬᠤᠪᠴᠢ ᠨᠢᠭᠡᠴᠡ ᠲᠠᠰᠤᠷᠠᠯᠲᠠ ᠦᠭᠡᠢ ᠦᠵᠡᠯ ᠰᠠᠨᠠᠭ᠎ᠠ ᠪᠠᠨ ᠴᠢᠯᠦᠭᠡᠯᠡᠵᠦ᠂ | ᠵᠠᠮ ᠨᠡᠭᠡᠭᠡᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠲᠦᠷᠭᠡᠨ ᠬᠥᠭᠵᠢᠵᠦ ᠳᠡᠪᠰᠢᠪᠡ᠃ | ᠭᠡᠪᠡᠴᠦ᠂ ᠬᠥᠳᠡᠯᠦᠩᠭᠦᠢ᠂ ᠮᠡᠳᠡᠭᠡ ᠵᠠᠩᠭᠢᠵᠢᠯᠲᠠ ᠶᠢᠨ ᠨᠡᠶᠢᠭᠡᠮ ᠤᠨ ᠬᠥᠭᠵᠢᠯᠲᠡ ᠠᠴᠠ ᠪᠣᠯᠤᠭᠰᠠᠨ ᠯᠤᠲᠤ ᠶᠡᠭᠡ | ᠬᠤᠪᠢᠷᠠᠯᠲᠠ ᠶᠢᠨ ᠡᠮᠦᠨ᠎ᠡ᠂ ᠴᠣᠩᠬᠤᠪᠴᠢ ᠨᠢᠭᠡᠴᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠪᠠ | ᠡᠩᠨᠡᠭᠡᠨ ᠤ ᠪᠠᠶᠢᠭᠤᠯᠤᠯᠲᠠ ᠳᠤ ᠪᠠᠰᠠ ᠵᠣᠬᠢᠴᠠᠬᠤ ᠦᠭᠡᠢ ᠠᠰᠠᠭᠤᠳᠠᠯ ᠤᠳ ᠢᠯᠡᠷᠡᠭᠰᠡᠨ ᠪᠠᠶᠢᠨ᠎ᠠ᠃ ᠵᠢᠱᠢᠶᠡᠯᠡᠪᠡᠯ᠂ | ᠠᠵᠢᠯᠲᠠᠨ ᠤ ᠶᠡᠭᠡ ᠰᠢᠯᠵᠢᠯᠲᠡ ᠶᠢᠨ ᠰᠢᠨ᠎ᠡ ᠬᠡᠪ ᠪᠠᠶᠢᠳᠠᠯ ᠳᠣᠣᠷ᠎ᠠ᠂ ᠰᠦᠯᠵᠢᠶᠡᠨ ᠤ ᠭᠠᠳᠠᠨ᠎ᠠ ᠪᠠ ᠰᠦᠯᠵᠢᠶᠡᠨ ᠤ | ︽ᠬᠤᠶᠠᠷ ᠴᠣᠩᠬᠤ︾ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠢ | ᠪᠠᠶᠢᠵᠤ᠂ ᠣᠨᠴᠠ ᠵᠠᠷᠢᠮ ᠭᠠᠵᠠᠷ ᠣᠷᠣᠨ ᠤ ᠴᠣᠩᠬᠤᠪᠴᠢ ᠨᠢᠭᠡᠴᠡ ᠶᠢᠨ ᠪᠦᠲᠦᠭᠡᠨ ᠪᠠᠶᠢᠭᠤᠯᠤᠯᠲᠠ ᠮᠥᠨ ᠬᠦ | ᠬᠤᠴᠤᠷᠤᠩᠭᠤᠢ ᠪᠠᠶᠢᠵᠤ᠂ ᠲᠠᠯᠠᠪᠠᠶ ᠲᠠᠯᠠᠪᠠᠶ ᠨᠢ ᠢᠪᠴᠤᠤ᠂ ᠦᠢᠯᠡᠴᠢᠯᠡᠭᠡᠨ ᠤ ᠲᠣᠭᠤᠷᠢᠭ ᠤᠨ ᠴᠢᠳᠠᠮᠵᠢ ᠨᠢ ᠪᠦᠷᠢᠨ | ᠪᠤᠰᠤ ᠪᠠᠶᠢᠵᠤ᠂ ᠥᠪᠡᠷ ᠢᠶᠠᠨ ᠦᠢᠯᠡᠴᠢᠯᠡᠬᠦ ᠲᠥᠬᠦᠭᠡᠷᠦᠮᠵᠢ ᠨᠡᠮᠡᠬᠦ ᠴᠢᠬᠤᠯᠠᠲᠠᠢ ᠪᠣᠯᠵᠤ᠂ ᠣᠯᠠᠨ ᠲᠦᠮᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠦᠨᠡᠮᠯᠡᠯ ᠭᠦᠢᠴᠡᠳᠬᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃ | ᠡᠲᠡᠭᠡᠷ ᠠᠰᠠᠭᠤᠳᠠᠯ ᠳᠤ ᠴᠢᠭᠯᠡᠭᠦᠯᠦᠨ᠂ ᠪᠢᠳᠡ ᠡᠩ ᠲᠡᠷᠢᠭᠦᠨ ᠳᠤ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠡᠷᠡᠭᠴᠡᠭᠡᠨ ᠤ ᠨᠠᠷᠢᠨᠲ᠋ᠠᠩᠰᠠ ᠶᠢ ᠪᠦᠷᠢᠨ ᠭᠠᠷᠭᠠᠬᠤ ᠪᠣᠯᠣᠨ᠎ᠠ᠂ | ᠪᠢᠳᠡ ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ ᠶᠢ ᠲᠤᠰᠬᠠᠬᠤ ᠴᠣᠩᠬᠤ ᠪᠠ ᠬᠢᠨᠠᠯᠲᠠ ᠲᠠᠯᠪᠢᠬᠤ ᠤᠲᠠᠰᠤ | ᠶᠢ ᠨᠡᠮᠡᠵᠦ ᠭᠠᠷᠭᠠᠭᠰᠠᠨ ᠪᠥᠭᠡᠳ ᠣᠯᠠᠨ ᠢᠶᠠᠷ ᠢᠶᠠᠨ ᠴᠤ ᠮᠠᠨ ᠤ ᠦᠢᠯᠡᠴᠢᠯᠡᠭᠡ ᠳᠤ ᠬᠢᠨᠠᠯᠲᠠ ᠲᠠᠯᠪᠢᠬᠤ ᠶᠢ | ᠬᠦᠰᠡᠵᠦ ᠪᠠᠶᠢᠨ᠎ᠠ᠃ ᠪᠢᠳᠡ ᠦᠷᠭᠦᠯᠵᠢᠯᠡᠨ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠠᠶᠢᠴᠠᠭᠠᠨ ᠰᠤᠳᠤᠯᠬᠤ | ᠠᠵᠢᠯ ᠢ ᠰᠠᠶᠢᠲᠤᠷ ᠬᠢᠵᠦ᠂ ᠠᠷᠠᠳ ᠤᠯᠠᠨ ᠠᠴᠠ ᠳᠠᠷᠤᠤ ᠬᠢᠴᠢᠶᠡᠩᠭᠦᠢ ᠪᠠᠷ ᠠᠰᠠᠭᠤᠨ ᠯᠠᠪᠯᠠᠵᠤ᠂ ᠦᠨᠡᠨ | ᠰᠡᠳᠬᠢᠯ ᠠᠴᠠ ᠪᠠᠨ ᠠᠷᠠᠳ ᠤᠯᠠᠨ ᠲᠠᠢ ᠰᠠᠨᠠᠯ ᠢᠶᠠᠨ ᠰᠣᠯᠢᠯᠴᠠᠨ ᠨᠡᠪᠲᠡᠷᠡᠯᠴᠡᠵᠦ᠂ ᠠᠷᠠᠳ ᠤᠨ ᠰᠠᠨᠠᠯ ᠢ ᠭᠦᠢᠴᠡᠳ | ᠰᠣᠨᠣᠰᠴᠤ᠂ ᠠᠷᠠᠳ ᠤᠨ ᠰᠠᠨᠠᠭ᠎ᠠ ᠶᠢ ᠢᠯᠡᠷᠡᠭᠦᠯᠵᠦ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠦᠨ᠎ᠡ; ᠤᠯᠠᠨ | ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠪᠠᠷ ᠦᠨᠳᠦᠰᠦᠯᠡᠯ ᠪᠣᠯᠭᠠᠵᠤ᠂ ᠤᠯᠠᠨ ᠲᠦᠮᠡᠨ ᠤ ᠰᠡᠳᠬᠢᠯ | ᠬᠠᠨᠤᠮᠵᠢ ᠦᠭᠡᠢ ᠪᠠᠶᠢᠬᠤ ᠶᠢ ᠨᠢ ᠢᠯᠡᠭᠦᠬᠡᠨ ᠲᠠᠯᠪᠢᠵᠤ᠂ ᠤᠯᠠᠨ ᠲᠦᠮᠡᠨ ᠤ ᠲᠤᠰᠬᠠᠯ ᠶᠡᠬᠡᠲᠡᠢ ᠪᠠᠶᠢᠬᠤ ᠶᠢ ᠨᠢ | ᠤᠷᠢᠳᠠᠪᠠᠷ ᠲᠠᠯᠪᠢᠵᠤ᠂ ︽ᠵᠠᠰᠠᠭ ᠤᠨ ᠣᠷᠳᠣᠨ ᠠᠴᠠ ᠨᠣᠭᠤᠭ᠎ᠠ ᠬᠦᠷᠭᠡᠬᠦ︾ ᠪᠠᠶᠢᠭᠰᠠᠨ ᠠᠴᠠ ︽ᠤᠯᠠᠨ ᠲᠦᠮᠡᠨ | ᠨᠣᠭᠤᠭ᠎ᠠ ᠵᠠᠬᠢᠶᠠᠯᠠᠬᠤ︾ ᠵᠠᠰᠠᠭ ᠤᠨ ᠶᠠᠪᠤᠳᠠᠯ ᠢ ᠰᠢᠢᠳᠪᠦᠷᠢᠯᠡᠬᠦ ᠲᠣᠭᠲᠠᠴᠠ ᠶᠢ ᠠᠯᠬᠤᠮ ᠠᠯᠬᠤᠮ ᠢᠶᠠᠷ | ᠬᠤᠪᠢᠷᠠᠭᠤᠯᠬᠤ ᠬᠡᠷᠡᠭᠲᠡᠢ; ᠠᠷᠠᠳ ᠤᠨ ᠰᠠᠨᠠᠭ᠎ᠠ ᠶᠢ ᠰᠣᠨᠣᠰᠬᠤ ᠠᠷᠭ᠎ᠠ ᠵᠠᠮᠢ ᠥᠷᠭᠡᠳᠬᠡᠵᠦ᠂ ᠤᠯᠠᠮᠵᠢᠯᠠᠯᠲᠤ | ᠰᠠᠨᠠᠯ ᠤᠨ ᠬᠠᠶᠢᠷᠴᠠᠭ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ᠂ ᠭᠤᠮᠣᠳᠠᠯ ᠲᠣᠭᠠᠴᠢᠯᠲᠠ ᠶᠢᠨ | ᠳ᠋ᠢᠶᠠᠩᠬᠤᠸᠠ ᠶᠢ ᠰᠦᠯᠵᠢᠶ᠎ᠡ ᠪᠠᠷ ᠦᠭᠡ ᠦᠯᠡᠳᠡᠭᠡᠬᠦ ᠵᠡᠷᠭᠡ ᠰᠢᠨ᠎ᠡ ᠮᠠᠶ᠋ᠢᠭ ᠤᠨ ᠠᠷᠠᠳ ᠤᠨ ᠰᠠᠨᠠᠭ᠎ᠠ ᠶᠢᠨ | ᠤᠷᠢᠶᠠᠯᠠᠭ᠎ᠠ ᠶᠢᠨ ︽ᠲᠥᠪᠯᠡᠷᠡᠭᠦᠯᠦᠨ ᠲᠠᠷᠬᠠᠭᠠᠬᠤ ᠭᠠᠵᠠᠷ︾ ᠲᠤ ᠬᠦᠷᠭᠡᠵᠦ᠂ ᠤᠯᠠᠨ ᠲᠦᠮᠡᠨ ᠤ ᠳᠤᠷᠠᠳᠤᠭᠰᠠᠨ | ᠪᠦᠲᠦᠭᠡᠯᠴᠢ ᠴᠢᠨᠠᠷᠲᠠᠢ ᠰᠠᠨᠠᠯ ᠢ ᠥᠭᠡᠷᠡᠴᠢᠯᠡᠯᠲᠡ ᠶᠢᠨ ᠬᠠᠷᠠᠯᠲᠠ ᠳᠤ ᠣᠷᠣᠭᠤᠯᠵᠤ᠂ ᠠᠷᠠᠳ ᠤᠯᠠᠨ ᠤ ᠪᠣᠳᠠᠲᠤ | ᠬᠡᠷᠡᠭᠴᠡᠭᠡ ᠶᠢ ᠦᠨᠳᠦᠰᠦᠯᠡᠨ᠂ ᠪᠦᠲᠦᠮᠵᠢᠲᠡᠶ ᠦᠢᠯᠡᠴᠢᠯᠡᠭᠡ ᠬᠠᠩᠭᠠᠵᠤ᠂ ︽ᠦᠢᠯᠡᠴᠢᠯᠡᠭᠡᠨ ᠤ ᠬᠡᠯᠪᠡᠷᠢ ᠶᠢᠨ | ᠵᠠᠰᠠᠭ ᠤᠨ ᠣᠷᠳᠣᠨ︾ ᠤ ᠴᠢᠳᠠᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠡᠭᠦᠨ ᠤ | ᠵᠡᠷᠭᠡ ᠳᠤ ᠠᠷᠠᠳ ᠤᠨ ᠠᠮᠢᠳᠤᠷᠠᠯ ᠳᠤ ᠳᠥᠭᠦᠮ ᠳᠥᠲᠡ ᠪᠠᠶᠢᠵᠤ᠂ ᠰᠡᠳᠬᠢᠯ ᠬᠠᠨᠤᠮᠵᠢᠲᠠᠶ ᠪᠠᠶᠢᠬᠤ ᠲᠣᠳᠣᠷᠬᠠᠢ | ᠬᠠᠭᠤᠳᠠᠰᠤ ᠶᠢ ᠪᠣᠳᠠᠲᠠᠶᠢᠵᠢᠭᠤᠯᠤᠨ᠎ᠠ ᠭᠡᠵᠡᠢ᠃ ᠣᠷᠣᠨ ᠤ ᠲᠥᠪ ᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠤᠯᠭ᠎ᠠ ᠶᠢᠨ ᠬᠢᠨ ᠤᠯᠠᠨ ᠲᠦᠮᠡᠨ ᠤ ᠲᠤᠰ ᠪᠡᠶ᠎ᠡ ᠶᠢᠨ ᠲᠥᠷᠥᠭᠳᠡᠯ ᠢ ᠤᠯᠠᠮ ᠴᠢᠨᠠᠭᠰᠢᠳᠠ ᠳᠣᠲᠣᠭᠠᠳᠤ ᠶᠢ | ᠬᠠᠮᠠᠭᠠᠯᠠᠬᠤ ᠠᠵᠢᠯ ᠤᠨ︽ᠴᠠᠭ ᠠᠭᠤᠷ ᠤᠨ ᠬᠡᠮᠵᠢᠭᠦᠷ︾ᠪᠣᠯᠭᠠᠵᠤ᠂ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ | ᠬᠢᠵᠦ᠂ ᠪᠦᠬᠦ ᠬᠦᠴᠦᠨ ᠢᠶᠠᠷ ᠢᠶᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠢᠳᠪᠦᠷᠢᠯᠡᠵᠦ ᠳᠡᠶᠢᠯᠬᠦ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠶᠠᠪᠤᠳᠠᠯ ᠪᠦᠬᠦᠨ ᠳᠤ | ᠬᠠᠷᠢᠭᠤᠯᠲᠠ ᠥᠭᠬᠦ ᠶᠢ ᠪᠡᠶᠡᠯᠡᠭᠦᠯᠬᠦ ᠬᠡᠷᠡᠭᠲᠡᠢ᠃ ᠬᠢᠨᠠᠨ ᠵᠥᠪᠰᠢᠶᠡᠷᠡᠬᠦ ᠬᠡᠷᠡᠭ ᠶᠠᠪᠤᠳᠠᠯ ᠴᠥᠭᠡᠨ᠂ ᠵᠠᠰᠠᠭ | ᠵᠠᠬᠢᠷᠭᠠᠨ ᠤ ᠦᠷ᠎ᠡ ᠪᠦᠲᠦᠮᠵᠢ ᠥᠨᠳᠥᠷ᠂ ᠵᠠᠰᠠᠭ ᠵᠠᠬᠢᠷᠭᠠᠨ ᠤ ᠥᠪᠡᠷ ᠤᠨ ᠥᠷᠲᠡᠭ ᠳᠣᠣᠷ᠎ᠠ᠂ ᠵᠠᠰᠠᠭ ᠵᠠᠬᠢᠷᠭᠠᠨ ᠤ | ᠶᠠᠪᠤᠴᠠ ᠶᠢᠨ ᠲᠥᠪ ᠭᠤᠥᠯᠴᠢ ᠢᠯᠡ ᠲᠣᠳᠣ ᠪᠠᠶᠢᠬᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠶ | ᠪᠣᠯᠭᠠᠵᠤ᠂ ᠣᠯᠠᠨ ᠲᠦᠮᠡᠨ ᠤ ᠣᠯᠠᠨ ᠲᠠᠯ᠎ᠠ ᠪᠠᠷ ᠭᠦᠶᠦᠬᠦ᠂ ᠣᠨᠳᠣᠣ ᠭᠠᠵᠠᠷ ᠲᠤ ᠬᠢᠨᠠᠨ ᠵᠥᠪᠰᠢᠶᠡᠷᠡᠬᠦ ᠳᠤ | ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ︔ ᠥᠪᠡᠷ ᠤᠨ ᠪᠡᠶ᠎ᠡ ᠪᠠᠷ ᠢᠶᠠᠨ ᠣᠯᠠᠨ ᠲᠦᠮᠡᠨ ᠳᠤ | ᠬᠠᠯᠠᠭᠤᠨ ᠳᠣᠲᠣᠨᠣ ᠠᠵᠢᠯ ᠶᠠᠪᠤᠳᠠᠯ ᠡᠷᠭᠢᠯᠡᠬᠦ ᠣᠷᠴᠢᠨ ᠨᠥᠬᠦᠴᠡᠯ ᠢ ᠪᠤᠶ ᠪᠣᠯᠭᠠᠵᠤ᠂ ᠠᠵᠢᠯ ᠶᠠᠪᠤᠳᠠᠯ ᠡᠷᠭᠢᠯᠡᠬᠦ | ᠦᠢᠯᠡᠴᠢᠯᠡᠭᠡᠨ ᠤ ᠲᠥᠬᠦᠭᠡᠷᠦᠮᠵᠢ ᠲᠥᠬᠦᠭᠡᠷᠦᠮᠵᠢ ᠲᠣᠬᠢᠷᠠᠭᠤᠯᠵᠤ᠂ ᠴᠢᠨᠠᠷ ᠰᠠᠶᠢᠲᠠᠢ ᠳᠥᠭᠦᠮ ᠳᠥᠲᠡ | ᠦᠢᠯᠡᠴᠢᠯᠡᠭᠡ ᠬᠠᠩᠭᠠᠬᠤ ᠪᠣᠯᠣᠨ᠎ᠠ᠃ | ᠬᠥᠲᠥᠯᠥᠭᠴᠢ᠄ | ᠰᠣᠨᠣᠰᠤᠭᠴᠢᠳ ᠴᠤ ᠬᠤᠶᠠᠷ ᠴᠠᠭᠳᠠᠭ᠎ᠠ ᠶᠢᠨ ᠳᠠᠷᠤᠭ᠎ᠠ ᠶᠢᠨ ᠶᠠᠷᠢᠯᠴᠠᠭ᠎ᠠ ᠠᠴᠠ ᠮᠠᠨ ᠤ ᠣᠷᠣᠨ ᠤ | ᠲᠥᠪ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠦᠪᠰᠢᠨ ᠢᠶᠠᠨ ᠳᠡᠭᠡᠭᠰᠢᠯᠡᠭᠦᠯᠬᠦ ᠲᠠᠯ᠎ᠠ ᠪᠠᠷ ᠬᠢ ᠴᠢᠷᠮᠠᠶᠢᠯᠭ᠎ᠠ ᠪᠣᠯᠣᠨ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠡᠷᠡᠰ ᠵᠣᠷᠢᠭ ᠪᠣᠯᠣᠨ ᠬᠥᠳᠡᠯᠭᠡᠬᠦ ᠬᠦᠴᠦᠨ ᠢ ᠣᠶᠢᠯᠠᠭᠠᠵᠤ ᠮᠡᠳᠡᠬᠦ ᠶᠢ | ᠢᠲᠡᠭᠡᠵᠦ ᠪᠠᠶᠢᠨ᠎ᠠ᠂ ᠬᠤᠶᠠᠷ ᠴᠠᠭᠳᠠᠭ᠎ᠠ ᠶᠢᠨ ᠳᠠᠷᠤᠭ᠎ᠠ ᠶᠢᠨ ᠨᠠᠷᠢᠨ ᠨᠢᠮᠪᠠᠢ ᠬᠠᠷᠢᠭᠤᠯᠲᠠ ᠥᠭᠭᠦᠭᠰᠡᠨ ᠳᠤ | ᠲᠠᠯᠠᠷᠬᠠᠵᠤ ᠪᠠᠶᠢᠨ᠎ᠠ᠂ ᠴᠠᠭ ᠤᠨ ᠬᠠᠷᠠᠭ᠎ᠠ ᠪᠠᠷ ᠲᠣᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ | ᠠᠳᠡ ᠬᠥᠷᠥᠶ᠎ᠡ᠂ ᠪᠠᠶᠠᠷᠲᠠᠢ᠃ | ᠬᠠᠮᠢᠶᠠᠷᠤᠭᠴᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠤᠨ ᠡᠷᠬᠢᠯᠡᠭᠴᠢ ᠯᠢ ᠫᠢᠩ ᠢ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ ᠵᠥᠪᠰᠢᠶᠡᠷᠡᠬᠦ ᠲᠥᠪ ᠤᠨ ᠬᠢᠨᠠᠯᠲᠠ ᠲᠠᠯᠪᠢᠵᠤ ᠵᠢᠭᠠᠨ | ᠵᠢᠯᠤᠭᠤᠳᠬᠤ ᠶᠡᠭᠡ ᠠᠩᠭᠢ ᠶᠢᠨ ᠬᠠᠷᠢᠭᠤᠴᠠᠯᠭᠠᠲᠠᠨ ᠽᠧᠦ ᠶᠠᠩ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ | ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ | ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃ |