| | ᠴᠠᠭ᠄ 2023 ︱ 10 ︱ 12 10᠄ 00 | ᠵᠣᠴᠢᠨ᠄ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭᠠᠨ ᠤ ᠳᠠᠷᠤᠭ᠎ᠠ ᠯᠢᠦ | ᠪᠥᠸᠧ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠠᠷᠤᠭ᠎ᠠ ᠵᠠᠩ ᠹᠠᠩ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠬᠠᠮᠢᠶᠠᠷᠤᠭᠴᠢ: | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠢ ᠰᠣᠷᠪᠤᠯᠵᠢᠯᠠᠭ᠎ᠠ ᠪᠣᠯᠣᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ: | ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠣᠷᠣᠨ ᠤ ᠴᠢᠳᠠᠪᠤᠷᠢᠲᠠᠨ ᠤ ᠠᠵᠢᠯ ᠤᠨ ᠬᠤᠷᠠᠯ᠂ ᠪᠦᠬᠦ | ᠬᠤᠲᠠ ᠶᠢᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ | ᠭᠤᠣᠯᠳᠠᠭᠤᠯᠵᠤ᠂ ᠮᠠᠨ ᠤ ᠬᠤᠲᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠲᠠ ᠪᠠᠨ ᠮᠠᠨᠳᠤᠭᠤᠯᠬᠤ᠂ | ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ | ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ︾ ᠪᠠ ᠬᠤᠲᠠ ᠶᠢᠨ | ᠵᠠᠰᠠᠭ ᠤᠨ ᠣᠷᠳᠣᠨ ᠤ ᠴᠢᠳᠠᠪᠤᠷᠢᠲᠠᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ 2022 ᠣᠨ ᠳᠤ | ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠢᠵᠢ ᠪᠦᠷᠢᠳᠦᠭᠦᠯᠦᠨ ᠬᠡᠷᠡᠭᠵᠢᠭᠦᠯᠬᠦ ᠨᠠᠷᠢᠨ ᠳᠦᠷᠢᠮ︾ ᠢ | ᠲᠣᠭᠲᠠᠭᠠᠨ ᠳᠠᠷᠤᠮᠠᠯᠯᠠᠨ ᠲᠠᠷᠬᠠᠭᠠᠬᠤ ᠶᠢᠨ ᠬᠠᠮᠲᠤ 2022 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠦᠷᠢᠶᠡᠨ ᠳᠠᠬᠢ ᠴᠢᠳᠠᠪᠤᠷᠢᠲᠠᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ | ᠡᠬᠢᠯᠡᠭᠦᠯᠪᠡ᠃9 ᠰᠠᠷ᠎ᠠ ᠶᠢᠨ 26 ᠤ ᠡᠳᠦᠷ᠂ ᠮᠠᠨ ᠤ ᠬᠤᠲᠠ 2023 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠦᠷᠢᠶᠡᠨ ᠳᠠᠬᠢ ᠡᠯ᠎ᠡ ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠢ ᠭᠤᠶᠤᠴᠢᠯᠠᠨ | ᠮᠡᠳᠡᠭᠦᠯᠬᠦ ᠠᠵᠢᠯ ᠢ ᠡᠬᠢᠯᠡᠭᠦᠯᠵᠦ᠂ ᠭᠤᠶᠤᠴᠢᠯᠠᠨ ᠮᠡᠳᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ | ᠪᠠᠲᠤᠯᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠴᠢᠳᠠᠪᠤᠷᠢᠲᠠᠨ ᠤ | ᠲᠥᠷᠥ ᠶᠢᠨ ᠪᠣᠳᠣᠯᠭ᠎ᠠ ᠶᠢᠨ ᠠᠰᠢᠭ ᠢ ᠯᠠᠪᠳᠠᠭᠤᠨ ᠪᠠᠲᠤᠲᠠᠢ ᠡᠳ᠋ᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠬᠦ ᠶᠢᠨ ᠲᠥᠯᠥᠭᠡ ︽ᠬᠤᠷᠳᠤᠳᠬᠠᠬᠤ︾ ᠳᠠᠷᠤᠪᠴᠢ ᠶᠢ ᠳᠠᠷᠤᠪᠠ᠃ | ᠬᠥᠲᠥᠯᠥᠭᠴᠢ᠄ | ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠢᠵᠢ ᠪᠦᠷᠢᠳᠦᠭᠦᠯᠦᠨ ᠬᠡᠷᠡᠭᠵᠢᠭᠦᠯᠬᠦ ᠨᠠᠷᠢᠨ | ᠳᠦᠷᠢᠮ︾ ᠢ ᠲᠣᠭᠲᠠᠭᠠᠭᠰᠠᠨ ᠠᠬᠤᠢ ᠪᠠᠶᠢᠳᠠᠯ ᠪᠠ ᠭᠤᠣᠯ ᠠᠭᠤᠯᠭ᠎ᠠ ᠨᠢ ᠶᠠᠭᠤ ᠪᠣᠶ︖ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ ᠯᠢᠦ ᠪᠥᠸᠧ ᠄ | | ᠳᠡᠭᠡᠳᠦ ᠲᠠᠰ ᠤᠨ ᠴᠢᠳᠠᠪᠤᠷᠢᠲᠠᠨ ᠢ ᠤᠯᠠᠮ ᠨᠢᠭᠡ ᠠᠯᠬᠤᠮ ᠲᠡᠳᠡᠨ ᠠᠪᠴᠢᠷᠠᠬᠤ ᠶᠢᠨ ᠲᠥᠯᠥᠭᠡ᠂ ᠨᠠᠷᠠᠲᠤ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠡᠯ᠎ᠡ ᠲᠥᠷᠥᠯ ᠤᠨ | ᠰᠢᠨ᠎ᠡ ᠶᠢ ᠡᠭᠦᠳᠬᠦ ᠡᠬᠢ ᠪᠠᠶᠠᠯᠢᠭ ᠢ ᠣᠷᠣᠨ ᠤ ᠲᠥᠪ ᠲᠤ ᠲᠥᠪᠯᠡᠷᠡᠭᠦᠯᠦᠨ ᠬᠥᠭᠵᠢᠭᠦᠯᠵᠦ᠂ ᠰᠢᠨ᠎ᠡ ᠶᠢ ᠡᠭᠦᠳᠬᠦ | ᠪᠠ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠣᠷᠣᠨ ᠤ ᠲᠥᠪ ᠢ | ᠤᠮᠠᠷᠠᠲᠤ ᠬᠢᠯᠢ ᠶᠢᠨ ᠨᠥᠯᠥᠭᠡᠯᠡᠬᠦ ᠬᠦᠴᠦᠨ ᠲᠠᠢ ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠡ᠃︽ᠬᠥᠬᠡᠬᠤᠲᠠ ᠶᠢᠨ | ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ︾ ᠪᠣᠯᠣᠨ ᠬᠤᠲᠠ ᠶᠢᠨ ᠵᠠᠰᠠᠭ ᠤᠨ | ᠣᠷᠳᠣᠨ ᠤ ᠴᠢᠳᠠᠪᠤᠷᠢᠲᠠᠨ ᠤ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ 2022 ᠣᠨ ᠳᠤ ᠮᠠᠨ ᠤ | ᠬᠤᠲᠠ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠤ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ︾ ᠢ | ᠲᠣᠭᠲᠠᠭᠠᠵᠤ᠂ ᠭᠤᠣᠯ ᠵᠣᠷᠢᠯᠭ᠎ᠠ ᠨᠢ ᠮᠠᠨ ᠤ ᠬᠤᠲᠠ ᠶᠢᠨ ᠭᠤᠣᠯᠯᠠᠭᠴᠢ ᠠᠵᠤ ᠦᠢᠯᠡᠰ ᠪᠣᠯᠣᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ | ᠬᠤᠲᠠ ᠶᠢᠨ ᠠᠵᠤ ᠦᠢᠯᠡᠰ ᠤᠨ ᠬᠥᠭᠵᠢᠯᠲᠡᠶᠢᠨ ᠱᠠᠭᠠᠷᠳᠠᠯᠭ᠎ᠠ ᠳᠤ ᠨᠡᠶᠢᠴᠡᠬᠦ ᠡᠯ᠎ᠡ ᠲᠥᠷᠥᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠴᠢᠳᠠᠪᠤᠷᠢᠲᠠᠨ ᠤ ᠠᠵᠢᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠠᠶᠢᠷᠢ | ᠰᠠᠭᠤᠷᠢ ᠪᠠ ᠦᠢᠯᠡᠳᠦᠯ ᠢ ᠲᠣᠪᠤᠶᠢᠯᠭᠠᠨ᠂ ᠰᠢᠨ᠎ᠡ ᠶᠢ ᠡᠭᠦᠳᠬᠦ ᠬᠦᠰᠡᠯ ᠲᠠᠢ᠂ ᠰᠢᠨ᠎ᠡ ᠶᠢ ᠡᠭᠦᠳᠬᠦ ᠴᠢᠳᠠᠪᠤᠷᠢ ᠲᠠᠢ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠳᠤ ᠲᠥᠷᠥ ᠶᠢᠨ ᠪᠣᠳᠣᠯᠭ᠎ᠠ ᠶᠢᠨ ᠠᠰᠢᠭ ᠢ ᠬᠠᠮᠤᠭ ᠤᠨ ᠶᠡᠭᠡ | ᠬᠡᠮᠵᠢᠶ᠎ᠡ ᠪᠠᠷ ᠬᠦᠷᠲᠡᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠪᠠ ᠠᠳᠠᠯ | ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃︽ᠬᠡᠷᠡᠭᠵᠢᠭᠦᠯᠬᠦ ᠨᠠᠷᠢᠨ ᠳᠦᠷᠢᠮ︾ ᠨᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠪᠤᠨ ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠳᠤ | ᠬᠤᠯᠪᠣᠭᠳᠠᠨ᠎ᠠ᠂ ᠲᠣᠰ ᠲᠣᠰ᠄ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ︵ᠪᠦᠯᠬᠦᠮ ᠨᠡᠶᠢᠲᠡ︶ ᠢ ᠣᠷᠣᠭᠤᠯᠤᠨ ᠠᠪᠴᠢᠷᠠᠬᠤ ᠲᠥᠷᠥᠯ ᠵᠦᠢᠯ᠂ ︽ᠵᠠᠰᠠᠭ ᠤᠨ ᠣᠷᠳᠣᠨ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠳᠡᠯᠭᠡᠷᠡᠭᠦᠯᠦᠨ | ᠬᠡᠷᠡᠭᠯᠡᠬᠦ ᠮᠥᠩᠭᠦ︾ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠲᠥᠷᠥᠯ ᠵᠦᠢᠯ᠂ ᠠᠵᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ᠂ ︽ᠴᠢᠳᠠᠪᠤᠷᠢᠲᠠᠨ ᠤ ᠨᠢᠰᠬᠦ | ᠭᠠᠵᠠᠷ︾ ᠤᠨ ᠲᠥᠷᠥᠯ ᠵᠦᠢᠯ ᠪᠠ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠤ ᠰᠢᠯᠭᠠᠷᠠᠭᠤᠯᠤᠯᠲᠠ ᠪᠣᠯᠣᠨ᠎ᠠ᠃ | ᠬᠥᠲᠥᠯᠥᠭᠴᠢ᠄ | ᠲᠠᠪᠤᠨ ᠲᠥᠷᠥᠯ ᠤᠨ ᠴᠢᠳᠠᠪᠤᠷᠢᠲᠠᠨ ᠤ ᠵᠦᠢᠯᠡᠰ ᠤᠨ ᠪᠣᠳᠠᠲᠠᠢ ᠳᠡᠮᠵᠢᠬᠦ ᠴᠢᠭᠯᠡᠯ᠂ ᠮᠡᠳᠡᠭᠦᠯᠬᠦ ᠨᠥᠬᠦᠴᠡᠯ ᠪᠠ | ᠲᠤᠰᠠᠯᠠᠬᠤ ᠪᠠᠷᠢᠮᠵᠢᠶ᠎ᠠ ᠨᠢ ᠶᠠᠭᠤ ᠪᠣᠶ︖ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠠᠷᠤᠭ᠎ᠠ ᠵᠠᠩ ᠹᠠᠩ᠄ | ︵ᠨᠢᠭᠡ︶ ᠳᠡᠭᠡᠳᠦ ᠲᠠᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ | ᠨᠡᠶᠢᠲᠡ︶ ᠢ ᠣᠷᠣᠭᠤᠯᠤᠨ ᠠᠪᠴᠢᠷᠠᠬᠤ ᠲᠥᠷᠥᠯ ᠵᠦᠢᠯ ᠤᠨ ᠲᠣᠰ ᠲᠥᠷᠥᠯ ᠤᠨ ᠴᠢᠳᠠᠪᠤᠷᠢᠲᠠᠨ ᠤ ᠲᠥᠷᠥᠯ | ᠵᠦᠢᠯ ᠤᠨ ᠵᠣᠷᠢᠯᠭ᠎ᠠ ᠨᠢ ᠮᠠᠨ ᠤ ᠬᠤᠲᠠ ᠶᠢᠨ ᠥ᠋ᠮᠥᠨ ᠬᠡᠷᠡᠭᠯᠡᠬᠦ ᠨᠢᠭᠡᠴᠡ ᠶᠢᠨ ᠳᠡᠭᠡᠳᠦ ᠲᠠᠰ ᠤᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ ᠶᠢ ᠣᠷᠣᠭᠤᠯᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠬᠦ ᠶᠢ ᠵᠣᠷᠢᠭᠵᠢᠭᠤᠯᠤᠨ ᠳᠡᠮᠵᠢᠬᠦ ᠶᠢᠨ ᠲᠥᠯᠥᠭᠡ ᠶᠤᠮ᠃ | ᠭᠤᠣᠯᠳᠠᠯᠭ᠎ᠠ ᠲᠠᠢ ᠠᠵᠤ ᠦᠢᠯᠡᠰ ᠢ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠲᠡᠰᠢ | ᠠᠬᠢᠭᠤᠯᠬᠤ ᠶᠢ ᠠᠬᠢᠭᠤᠯᠤᠨ᠎ᠠ᠂ ᠡᠨᠡᠬᠦ ᠳᠦᠷᠦᠯ ᠤᠨ ᠳᠦᠷᠦᠯ ᠵᠦᠢᠯ ᠳᠤ ᠭᠤᠣᠯᠳᠠᠭᠤ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠳᠠᠯᠢ ᠪᠤᠰᠤ ᠠᠷᠭ᠎ᠠ ᠬᠡᠯᠪᠡᠷᠢ ᠶᠢ ᠦᠨᠳᠦᠰᠦᠯᠡᠵᠦ᠂ | ᠠᠳᠠᠯᠢ ᠪᠤᠰᠤ ᠲᠣᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠳᠦᠷᠦᠯ ᠵᠦᠢᠯ ᠤᠨ ᠵᠠᠷᠤᠳᠠᠯ ᠤᠨ ᠲᠤᠰᠠᠯᠠᠮᠵᠢ | ᠣᠯᠭᠤᠨ᠎ᠠ᠃ᠮᠡᠳᠡᠭᠦᠯᠬᠦ ᠨᠥᠬᠦᠴᠡᠯ᠄ ︽ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ | ᠬᠤᠪᠢᠶᠠᠨ ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ ᠴᠢᠳᠠᠪᠤᠷᠢᠲᠠᠨ ᠤ | ᠨᠥᠬᠦᠴᠡᠯ ᠢ ᠬᠠᠩᠭᠠᠵᠤ᠂ ᠵᠠᠪᠠᠯ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠨᠢ ᠮᠠᠨ ᠤ ᠬᠤᠲᠠ ᠳᠤ ᠬᠥᠮᠥᠨ ᠬᠡᠷᠡᠭᠯᠡᠬᠦ ᠨᠢᠭᠡᠴᠡ ᠲᠠᠢ 3 ᠵᠢᠯ ᠠᠴᠠ | ᠳᠡᠭᠡᠭᠰᠢ ᠵᠢᠩᠬᠢᠨᠢ ᠬᠥᠳᠡᠯᠮᠦᠷᠢ ᠶᠢᠨ ᠭᠡᠷ᠎ᠡ ᠲᠣᠭᠲᠠᠬᠤ ᠪᠤᠶᠤ ᠠᠵᠤ ᠠᠬᠤᠶᠢᠯᠠᠯ ᠡᠭᠦᠳᠦᠨ ᠪᠠᠶᠢᠭᠤᠯᠬᠤ ᠬᠡᠷᠡᠭᠲᠡᠢ᠃ | ᠤᠶᠠᠨ ᠬᠠᠲᠠᠨ ᠴᠢᠨᠠᠷᠲᠠᠢ ᠪᠠᠷ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠨᠢ ᠮᠠᠨ ᠤ ᠬᠤᠲᠠ ᠶᠢᠨ ᠬᠥᠮᠥᠨ ᠬᠡᠷᠡᠭᠯᠡᠬᠦ ᠨᠢᠭᠡᠴᠡ ᠯᠦᠭᠡ ᠲᠥᠷᠥᠯ | ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ᠂ ᠤᠷᠢᠨ ᠬᠡᠷᠡᠭᠯᠡᠬᠦ ᠵᠥᠪᠯᠡᠯᠴᠡᠭᠡᠷ᠂ ᠮᠡᠷᠭᠡᠵᠢᠯ ᠤᠨ ᠯᠠᠪᠯᠠᠭ᠎ᠠ ᠬᠢᠭᠡᠳ | ᠦᠢᠯᠡᠴᠢᠯᠡᠭᠡᠨ ᠤ ᠭᠡᠷ᠎ᠡ ᠵᠡᠷᠭᠡ ᠳᠤ ᠭᠠᠷ ᠤᠨ ᠥᠰᠥᠭ ᠵᠢᠷᠤᠪᠠᠯ ᠵᠣᠬᠢᠨ᠎ᠠ᠃ᠲᠤᠰᠠᠯᠠᠬᠤ ᠪᠠᠷᠢᠮᠵᠢᠶ᠎ᠠ᠄ ᠪᠡᠶ᠎ᠡ ᠪᠠᠨ | ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠭᠤᠣᠯᠯᠠᠬᠤ ᠮᠡᠷᠭᠡᠵᠢᠯ ᠪᠠ ᠠᠵᠤ | ᠦᠢᠯᠡᠰ ᠤᠨ ᠪᠣᠭᠤᠮᠢ ᠶᠢᠨ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ ᠴᠢᠳᠠᠪᠤᠷᠢᠲᠠᠨ ︵ᠪᠦᠯᠬᠦᠮ ᠨᠡᠶᠢᠲᠡ︶ ᠤ | ᠲᠥᠷᠥᠯ ᠵᠦᠢᠯ ᠢ ᠣᠷᠣᠭᠤᠯᠤᠨ ᠠᠪᠴᠢᠷᠠᠬᠤ ᠳᠤ᠂ ᠬᠢᠨᠠᠨ ᠲᠣᠭᠲᠠᠭᠠᠬᠤ ᠪᠠᠷ ᠳᠡᠮᠵᠢᠨ ᠰᠢᠯᠢᠳᠡᠭ ᠢ ᠨᠢ ᠰᠣᠩᠭᠤᠵᠤ | 1000 ᠲᠦᠮᠡᠨ ᠲᠥᠭᠦᠷᠢᠭ ᠠᠴᠠ 1 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ ᠪᠠᠷ | ᠲᠤᠰᠠᠯᠠᠬᠤ ᠶᠢᠨ ᠬᠠᠮᠲᠤ ᠲᠥᠷᠥᠯ ᠵᠦᠢᠯ ᠤᠨ ᠪᠡᠯᠡ ᠮᠥᠩᠭᠦ ᠠᠴᠠ 200 ᠲᠦᠮᠡᠨ ᠲᠥᠭᠦᠷᠢᠭ ᠠᠴᠠ ᠥᠨᠳᠥᠷ | ᠪᠤᠰᠤ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠪᠠᠷ ᠣᠷᠣᠭᠤᠯᠤᠨ ᠠᠪᠴᠢᠷᠠᠬᠤ ᠳᠤ ᠵᠠᠪᠠᠯ ᠣᠷᠣᠭᠤᠯᠬᠤ | ᠳᠠᠭᠠᠭᠤᠯᠤᠭᠴᠢ ᠴᠢᠳᠠᠪᠤᠷᠢᠲᠠᠨ ᠢ ᠱᠠᠩᠨᠠᠵᠤ ᠪᠣᠯᠣᠨ᠎ᠠ᠃ᠬᠥᠮᠥᠨ ᠬᠡᠷᠡᠭᠯᠡᠬᠦ ᠨᠢᠭᠡᠴᠡ ᠶᠢᠨ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ︵ᠪᠦᠯᠬᠦᠮ ᠨᠡᠶᠢᠲᠡ︶ ᠢ ᠵᠥᠭᠡᠯᠡᠨ ᠢᠶᠠᠷ ᠣᠷᠣᠭᠤᠯᠤᠨ ᠠᠪᠴᠢᠷᠠᠵᠤ | ᠬᠡᠷᠡᠭᠵᠢᠭᠦᠯᠦᠭᠰᠡᠨ ᠰᠢᠨ᠎ᠡ ᠶᠢ ᠡᠭᠦᠳᠬᠦ ᠲᠥᠷᠥᠯ ᠵᠦᠢᠯ ᠳᠤ᠂ ᠬᠢᠨᠠᠨ ᠲᠣᠭᠲᠠᠭᠠᠬᠤ ᠪᠠᠷ ᠳᠡᠮᠵᠢᠨ ᠰᠢᠯᠢᠳᠡᠭ ᠢ ᠨᠢ | ᠰᠣᠩᠭᠤᠬᠤ ᠳᠤ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠲᠥᠷᠥᠯ ᠵᠦᠢᠯ ᠤᠨ ᠪᠡᠯᠡ | ᠮᠥᠩᠭᠦ ᠶᠢᠨ ᠲᠤᠰᠠᠯᠠᠮᠵᠢ ᠣᠯᠭᠤᠬᠤ ᠶᠢᠨ ᠬᠠᠮᠲᠤ᠂ ᠲᠥᠷᠥᠯ ᠵᠦᠢᠯ ᠤᠨ ᠪᠡᠯᠡ ᠮᠥᠩᠭᠦ ᠠᠴᠠ 10 ᠲᠦᠮᠡᠨ | ᠲᠥᠭᠦᠷᠢᠭ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠪᠠᠷ ᠪᠤᠳᠤᠵᠤ ᠪᠠᠶᠢᠭᠠᠳ ᠵᠥᠭᠡᠯᠡᠨ ᠢᠶᠠᠷ ᠣᠷᠣᠭᠤᠯᠤᠨ | ᠠᠪᠴᠢᠷᠠᠭᠰᠠᠨ ᠴᠢᠳᠠᠪᠤᠷᠢᠲᠠᠨ ︵ᠪᠦᠯᠬᠦᠮ ᠨᠡᠶᠢᠲᠡ︶ ᠢ ᠱᠠᠩᠨᠠᠵᠤ ᠪᠣᠯᠣᠨ᠎ᠠ᠃︵ᠬᠤᠶᠠᠷ︶ ︽ᠵᠠᠰᠠᠭ ᠤᠨ ᠣᠷᠳᠣᠨ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠡᠷᠡᠭᠯᠡᠭᠡᠨ ᠤ | ᠮᠥᠩᠭᠦ︾ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠲᠥᠷᠥᠯ ᠵᠦᠢᠯ ᠤᠨ ᠲᠣᠰ ᠲᠥᠷᠥᠯ ᠤᠨ | ᠴᠢᠳᠠᠪᠤᠷᠢᠲᠠᠨ ᠤ ᠲᠥᠷᠥᠯ ᠵᠦᠢᠯ ᠤᠨ ᠵᠣᠷᠢᠯᠭ᠎ᠠ ᠨᠢ ᠮᠠᠨ ᠤ ᠬᠤᠲᠠ ᠶᠢᠨ ᠠᠵᠢᠯ ᠲᠥᠷᠥᠯ ᠤᠨ ᠳᠠᠭᠠᠭᠤᠯᠤᠭᠴᠢ | ᠪᠤᠶᠤ ᠭᠤᠣᠯᠯᠠᠭᠴᠢ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠪᠡᠯᠡ ᠣᠷᠣᠭᠤᠯᠤᠯᠲᠠ ᠪᠠ ᠮᠥᠩᠭᠦᠨ ᠭᠦᠢᠯᠭᠡᠭᠡᠨ ᠤ ᠨᠢᠭᠡᠴᠡ | ᠵᠡᠷᠭᠡ ᠲᠠᠢ ᠬᠤᠯᠪᠤᠭᠠᠯᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠤᠨ | ᠳᠡᠮᠵᠢᠬᠦ ᠶᠢᠨ ᠲᠥᠯᠥᠭᠡ ᠶᠤᠮ᠃ ᠲᠥᠷᠥᠯ ᠵᠦᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ | ᠵᠡᠷᠭᠡ ᠶᠢ ᠬᠠᠮᠲᠤᠷᠠᠨ ᠥᠷᠨᠢᠭᠦᠯᠵᠦ᠂ ᠠᠵᠢᠯ ᠲᠥᠷᠥᠯ ᠤᠨ ᠴᠢᠳᠠᠪᠤᠷᠢᠲᠠᠨ ᠢ ᠲᠡᠳᠡᠨ ᠴᠤᠭᠯᠠᠷᠠᠭᠤᠯᠵᠤ᠂ ︽ᠵᠠᠰᠠᠭ ᠤᠨ | ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ | ᠠᠬᠢᠭᠤᠯᠤᠨ ᠬᠡᠷᠡᠭᠯᠡᠬᠦ ᠮᠥᠩᠭᠦ︾ ᠶᠢᠨ ᠬᠠᠮᠵᠢᠯᠴᠠᠨ ᠰᠢᠨ᠎ᠡ ᠶᠢ ᠡᠭᠦᠳᠬᠦ ᠵᠠᠭᠪᠤᠷ ᠢ ᠪᠣᠶ ᠪᠣᠯᠭᠠᠵᠤ᠂ ᠠᠵᠤ | ᠦᠢᠯᠡᠰ ᠤᠨ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ ᠮᠡᠷᠭᠡᠵᠢᠯ ᠤᠨ ᠰᠢᠪᠲᠤᠯᠤᠯᠲᠠ ᠶᠢ ᠲᠦᠯᠬᠢᠨ ᠠᠬᠢᠭᠤᠯᠵᠤ᠂ ᠡᠨᠡ | ᠲᠥᠷᠥᠯ ᠤᠨ ᠲᠥᠷᠥᠯ ᠵᠦᠢᠯ ᠨᠢ ᠭᠤᠣᠯᠳᠠᠭᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠥᠷᠨᠢᠭᠦᠯᠦᠭᠰᠡᠨ | ᠰᠤᠳᠤᠯᠤᠨ ᠨᠡᠭᠡᠭᠡᠬᠦ ᠠᠵᠢᠯᠯᠠᠭ᠎ᠠ ᠳᠤ ᠡᠳ᠋ ᠤᠨ ᠵᠠᠰᠠᠭ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ᠮᠡᠳᠡᠭᠦᠯᠬᠦ | ᠨᠥᠬᠦᠴᠡᠯ᠄ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠨᠡᠶᠢᠭᠡᠮ ᠤᠨ ᠪᠡᠯᠡ ᠣᠷᠣᠭᠤᠯᠤᠯᠲᠠ ᠶᠢᠨ ᠪᠠᠶᠢᠭᠤᠯᠤᠮᠵᠢ᠂ ᠮᠥᠩᠭᠦᠨ ᠭᠦᠢᠯᠭᠡᠭᠡᠨ ᠤ ᠨᠢᠭᠡᠴᠡ ᠵᠡᠷᠭᠡ ᠶᠢᠨ ᠡᠭᠦᠰᠬᠡᠨ | ᠪᠠᠶᠢᠭᠤᠯᠤᠭᠰᠠᠨ ᠪᠠ ᠵᠣᠬᠢᠶᠠᠨ ᠪᠠᠶᠢᠭᠤᠯᠤᠭᠰᠠᠨ ︽ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠠᠬᠢᠭᠤᠯᠤᠨ ᠬᠡᠷᠡᠭᠯᠡᠬᠦ ᠳᠤ ᠬᠡᠷᠡᠭᠯᠡᠬᠦ ᠮᠥᠩᠭᠦ︾ ᠶᠢᠨ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ︵ᠳᠣᠷᠣᠭᠰᠢ ᠬᠤᠯᠪᠣᠭᠠᠲᠤ ᠴᠣᠭᠴᠠ ᠭᠡᠵᠦ ᠲᠣᠪᠴᠢᠯᠠᠨ᠎ᠠ︶ ᠳᠤ᠂ | ᠬᠤᠯᠪᠣᠭᠠᠲᠤ ᠴᠣᠭᠴᠠ ᠶᠢᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠬᠤ ᠶᠢ ᠵᠣᠷᠢᠭᠵᠢᠭᠤᠯᠤᠨ᠎ᠠ︔ | ᠬᠤᠯᠪᠣᠭᠠᠲᠤ ᠴᠣᠭᠴᠠ ᠶᠢᠨ ᠪᠦᠷᠢᠯᠳᠦᠭᠦᠨ 5 ᠡᠷᠦᠬᠡ ᠠᠴᠠ ᠳᠤᠲᠠᠭᠤ ᠪᠠᠶᠢᠵᠤ ᠪᠣᠯᠬᠤ ᠦᠭᠡᠢ᠂ ᠭᠤᠷᠪᠠᠨ | ᠵᠢᠯ ᠠᠴᠠ ᠳᠤᠲᠠᠭᠤ ᠦᠭᠡᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠨ᠎ᠠ︔ᠬᠥᠬᠡᠬᠤᠲᠠ ᠳᠤ ᠪᠠᠶᠢᠭ᠎ᠠ ᠲᠤᠰᠠᠭᠠᠷ | ᠬᠠᠤᠯᠢ ᠶᠢᠨ ᠡᠷᠬᠡᠲᠡᠨ ᠤ ᠬᠢᠷᠢ ᠬᠡᠮ ᠲᠠᠢ ᠨᠢᠭᠡᠨ ᠬᠤᠯᠪᠣᠭᠠᠲᠤ ᠴᠣᠭᠴᠠ ᠶᠢᠨ ᠲᠦᠷᠦᠭᠦᠯᠡᠬᠦ ᠨᠢᠭᠡᠴᠡ ︵ᠬᠡᠷᠡᠭ | ᠡᠷᠬᠢᠯᠡᠭᠴᠢᠳ ᠤᠨ ᠳᠠᠷᠤᠭ᠎ᠠ ᠶᠢᠨ ᠨᠢᠭᠡᠴᠡ︶ ᠶᠢ ᠲᠣᠭᠲᠠᠭᠠᠵᠤ ᠭᠤᠶᠤᠴᠢᠯᠠᠨ ᠮᠡᠳᠡᠭᠦᠯᠬᠦ ᠴᠢᠬᠤᠯᠠᠲᠠᠢ᠃ᠵᠣᠭᠤᠰ ᠢᠶᠠᠷ | ᠲᠤᠰᠠᠯᠠᠬᠤ ᠪᠠᠷᠢᠮᠵᠢᠶ᠎ᠠ᠄ ᠬᠢᠨᠠᠨ ᠰᠢᠯᠭᠠᠷᠠᠭᠤᠯᠤᠭᠰᠠᠨ ᠤ ᠳᠠᠷᠠᠭ᠎ᠠ ᠳᠡᠮᠵᠢᠨ ᠪᠠᠶᠢᠭᠤᠯᠤᠭᠰᠠᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠨᠢᠭᠡᠪᠦᠷᠢ ᠳᠤ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠤᠨ ᠡᠳ᠋ ᠤᠨ | ᠵᠠᠰᠠᠭ ᠤᠨ ᠵᠠᠷᠤᠳᠠᠯ ᠤᠨ ᠳᠡᠮᠵᠢᠯᠭᠡ ᠣᠯᠭᠤᠨ᠎ᠠ᠃︵ᠭᠤᠷᠪᠠ︶ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ ᠤᠨ ᠲᠣᠰ ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠤᠨ | ᠵᠣᠷᠢᠯᠭ᠎ᠠ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠳᠡᠭᠡᠳᠦ ᠰᠤᠷᠭᠠᠭᠤᠯᠢ ᠪᠠ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠥᠬᠡᠬᠤᠲᠠ ᠳᠤ ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠰᠤᠳᠤᠯᠭᠠᠨ ᠤ ᠣᠷᠣᠨ ᠤ ᠭᠠᠳᠠᠨᠠᠬᠢ ᠳᠡᠭᠡᠳᠦ ᠲᠠᠰ ᠤᠨ ᠴᠢᠳᠠᠪᠤᠷᠢᠲᠠᠨ ᠢ ᠮᠠᠨ ᠤ ᠬᠤᠲᠠ ᠶᠢᠨ | ᠭᠤᠣᠯᠯᠠᠬᠤ ᠠᠵᠤ ᠦᠢᠯᠡᠰ ᠲᠠᠢ ᠵᠣᠯᠭᠠᠭᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ | ᠰᠢᠢᠳᠪᠦᠷᠢᠯᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠵᠤ᠂ ᠮᠠᠨ ᠤ ᠬᠤᠲᠠ ᠶᠢᠨ ᠠᠵᠤ ᠦᠢᠯᠡᠰ ᠤᠨ | ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠂ ᠡᠨᠡ ᠲᠥᠷᠥᠯ ᠤᠨ ᠲᠥᠷᠥᠯ ᠵᠦᠢᠯ | ᠨᠢ ᠭᠤᠣᠯᠳᠠᠭᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠥᠷᠨᠢᠭᠦᠯᠦᠭᠰᠡᠨ ᠰᠤᠳᠤᠯᠤᠨ ᠨᠡᠭᠡᠭᠡᠬᠦ | ᠠᠵᠢᠯᠯᠠᠭ᠎ᠠ ᠳᠤ ᠡᠳ᠋ ᠤᠨ ᠵᠠᠰᠠᠭ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ ᠃ ᠤᠯᠤᠰ ᠤᠨ ᠳᠣᠲᠣᠭᠠᠳᠤ | ᠭᠠᠳᠠᠭᠠᠳᠤ ᠶᠢᠨ ᠨᠠᠷᠠᠲᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠮᠠᠨ ᠤ ᠬᠤᠲᠠ ᠲᠠᠢ ᠬᠠᠮᠲᠤᠷᠠᠨ ᠪᠠᠶᠢᠭᠤᠯᠤᠭᠰᠠᠨ ᠡᠯ᠎ᠡ ᠲᠥᠷᠥᠯ ᠤᠨ ᠠᠵᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ ᠰᠤᠳᠤᠯᠭᠠᠨ ᠤ ᠬᠦᠷᠢᠶᠡᠯᠡᠩ ᠨᠢ ᠬᠥᠬᠡᠬᠤᠲᠠ ᠳᠤ | ᠪᠠᠶᠢᠭ᠎ᠠ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠵᠤ᠂ ᠭᠠᠶᠢᠯᠢ ᠲᠤᠰᠢᠶᠠᠬᠤ᠂ ᠲᠤᠭ᠎ᠠ | ᠪᠦᠷᠢᠳᠬᠡᠯ ᠤᠨ ᠭᠠᠵᠠᠷ ᠨᠢ ᠴᠥᠮ ᠬᠥᠬᠡᠬᠤᠲᠠ ᠳᠤ ᠪᠣᠶ︔ᠰᠤᠳᠤᠯᠭᠠᠨ ᠤ ᠬᠦᠷᠢᠶᠡᠯᠡᠩ ᠠᠴᠠ ᠬᠥᠬᠡᠬᠤᠲᠠ ᠳᠤ | ᠲᠣᠮᠢᠯᠠᠨ ᠰᠠᠭᠤᠯᠭᠠᠭᠰᠠᠨ ᠰᠤᠳᠤᠯᠤᠨ ᠨᠡᠭᠡᠭᠡᠬᠦ ᠠᠵᠢᠯᠲᠠᠨ ᠨᠢ ᠵᠠᠷᠴᠢᠮ ᠳᠡᠭᠡᠷ᠎ᠡ ᠪᠠᠨ ᠲᠡᠭᠦᠨ ᠤ ᠪᠥᠬᠦ ᠬᠥᠮᠥᠨ ᠤ | ᠲᠣᠭᠠᠨ ᠤ 1/4 ᠠᠴᠠ ᠳᠤᠲᠠᠭᠤ ᠪᠠᠶᠢᠵᠤ ᠪᠣᠯᠬᠤ ᠦᠭᠡᠢ ᠪᠥᠭᠡᠳ 80% ᠠᠴᠠ ᠳᠡᠭᠡᠭᠰᠢᠬᠢ ᠨᠢ ᠳᠡᠭᠡᠳᠦ | ᠵᠡᠷᠭᠡ ᠶᠢᠨ ᠮᠡᠷᠭᠡᠵᠢᠯ ᠤᠨ ᠴᠣᠯᠠ ᠪᠤᠶᠤ ᠮᠠᠰᠲ᠋ᠧᠷ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠣᠯᠠ ᠲᠠᠢ︔ | ᠰᠤᠳᠤᠯᠭᠠᠨ ᠤ ᠬᠦᠷᠢᠶᠡᠯᠡᠩ ᠤᠨ ᠬᠠᠮᠲᠤᠷᠠᠯᠴᠠᠭᠠᠨ ᠤ ᠬᠤᠭᠤᠴᠠᠭᠠᠨ ᠳᠤ ᠠᠳᠠᠭ ᠲᠠᠭᠠᠨ 15 ᠵᠦᠢᠯ ᠤᠨ ᠦᠷ᠎ᠡ | ᠪᠦᠲᠦᠭᠡᠯ ᠢ ᠨᠠᠶᠢᠳᠠᠪᠤᠷᠢᠵᠢᠭᠤᠯᠤᠨ ᠠᠵᠤ ᠦᠢᠯᠡᠰᠵᠢᠭᠦᠯᠦᠯᠲᠡ ᠶᠢ ᠪᠡᠶᠡᠯᠡᠭᠦᠯᠵᠦ᠂ 10 ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠪᠠ᠃ᠲᠤᠰᠠᠯᠠᠬᠤ ᠪᠠᠷᠢᠮᠵᠢᠶ᠎ᠠ᠄ ᠮᠠᠨ ᠤ ᠬᠤᠲᠠ ᠲᠠᠢ | ᠬᠠᠮᠲᠤᠷᠠᠨ ᠪᠠᠶᠢᠭᠤᠯᠤᠭᠰᠠᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠢ | ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠲᠣᠭᠲᠠᠭᠠᠭᠰᠠᠨ ᠤ ᠳᠠᠷᠠᠭ᠎ᠠ᠂ ᠬᠠᠮᠲᠤᠷᠠᠯᠴᠠᠬᠤ | ᠬᠤᠭᠤᠴᠠᠭᠠᠨ ᠳᠤ ᠰᠤᠳᠤᠯᠤᠨ ᠨᠡᠭᠡᠭᠡᠬᠦ ᠠᠵᠢᠯ ᠤᠨ ᠲᠠᠯᠠᠪᠤᠷ ᠭᠠᠵᠠᠷ ᠢ ᠰᠦᠢᠳᠬᠡᠯ ᠬᠤᠷᠢᠶᠠᠬᠤ ᠦᠭᠡᠢ ᠪᠠᠷ | ᠬᠠᠩᠭᠠᠵᠤ᠂ ᠵᠢᠯ ᠪᠦᠷᠢ ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠤᠨ ᠲᠡᠳᠬᠦᠨ ᠳᠡᠮᠵᠢᠬᠦ ᠵᠠᠷᠤᠳᠠᠯ ᠣᠯᠭᠤᠨ᠎ᠠ᠃︵ᠳᠥᠷᠪᠡ︶ ︽ᠴᠢᠳᠠᠪᠤᠷᠢᠲᠠᠨ ᠤ | ᠨᠢᠰᠬᠦ ᠭᠠᠵᠠᠷ︾ ᠤᠨ ᠲᠥᠷᠥᠯ ᠵᠦᠢᠯ ᠤᠨ ᠲᠣᠰ ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠤᠨ ᠵᠣᠷᠢᠯᠭ᠎ᠠ ᠨᠢ | ᠣᠷᠣᠨ ᠤ ᠭᠠᠳᠠᠨᠠᠬᠢ ᠴᠢᠳᠠᠪᠤᠷᠢᠲᠠᠨ ᠤ ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ ᠡᠯ᠎ᠡ ᠵᠦᠢᠯ ᠤᠨ | ᠬᠡᠯᠪᠡᠷᠢ ᠶᠢᠨ ︽ᠴᠢᠳᠠᠪᠤᠷᠢᠲᠠᠨ ᠤ ᠨᠢᠰᠬᠦ ᠭᠠᠵᠠᠷ︾ ᠪᠠᠶᠢᠭᠤᠯᠬᠤ ᠶᠢ ᠵᠣᠷᠢᠭᠵᠢᠭᠤᠯᠤᠨ ᠳᠡᠮᠵᠢᠬᠦ ᠶᠢᠨ ᠲᠥᠯᠥᠭᠡ ᠶᠤᠮ᠃ | ᠮᠠᠨ ᠤ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠬᠦ ᠶᠢᠨ ᠬᠠᠮᠲᠤ ᠮᠠᠨ ᠤ | ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠨᠡᠪᠴᠢᠭᠦᠯᠦᠭᠰᠡᠨ ᠪᠤᠶᠤ ᠰᠤᠳᠤᠯᠤᠨ ᠨᠡᠭᠡᠭᠡᠭᠰᠡᠨ ᠦᠷ᠎ᠡ | ᠪᠦᠲᠦᠭᠡᠯ ᠪᠠ ᠲᠥᠷᠥᠯ ᠵᠦᠢᠯ ᠳᠤ ᠬᠠᠨᠳᠤᠭᠤᠯᠤᠨ᠂ ᠡᠨᠡ ᠲᠥᠷᠥᠯ ᠤᠨ ᠲᠥᠷᠥᠯ ᠵᠦᠢᠯ ᠳᠤ ᠭᠤᠣᠯᠳᠠᠭᠤ | ︽ᠴᠢᠳᠠᠪᠤᠷᠢᠲᠠᠨ ᠤ ᠨᠢᠰᠬᠦ ᠭᠠᠵᠠᠷ︾ ᠤᠨ ᠨᠡᠪᠴᠢᠭᠦᠯᠦᠭᠰᠡᠨ ᠪᠤᠶᠤ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠪᠠ | ᠲᠥᠷᠥᠯ ᠵᠦᠢᠯ ᠤᠨ ᠬᠥᠬᠡᠬᠤᠲᠠ ᠳᠤ ᠤᠯᠠᠷᠢᠭᠤᠯᠤᠭᠰᠠᠨ ᠠᠮᠵᠢᠯᠲᠠ ᠪᠦᠲᠦᠮᠵᠢ ᠶᠢ ᠦᠨᠳᠦᠰᠦᠯᠡᠨ ᠪᠡᠯᠡ | ᠮᠥᠩᠭᠦ ᠶᠢᠨ ᠱᠠᠩᠨᠠᠯ ᠳᠡᠮᠵᠢᠯᠭᠡ ᠣᠯᠭᠤᠨ᠎ᠠ᠃ᠮᠡᠳᠡᠭᠦᠯᠬᠦ ᠨᠥᠬᠦᠴᠡᠯ᠄ ᠣᠷᠣᠨ ᠤ ᠭᠠᠳᠠᠨᠠᠬᠢ ᠴᠢᠳᠠᠪᠤᠷᠢᠲᠠᠨ ᠤ | ᠮᠡᠷᠭᠡᠵᠢᠯ ᠨᠢᠭᠲᠠᠷᠠᠭᠰᠠᠨ ᠭᠠᠵᠠᠷ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠬᠦ ᠪᠠᠭᠠᠵᠢ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠪᠡᠶ᠎ᠡ ᠪᠠᠨ ᠳᠠᠭᠠᠭᠠᠭᠰᠠᠨ ᠰᠤᠳᠤᠯᠤᠨ ᠨᠡᠭᠡᠭᠡᠬᠦ | ᠪᠠᠶᠢᠭᠤᠯᠤᠮᠵᠢ ᠵᠡᠷᠭᠡ ᠬᠡᠯᠪᠡᠷᠢ ᠶᠢᠨ ︽ᠴᠢᠳᠠᠪᠤᠷᠢᠲᠠᠨ ᠤ ᠨᠢᠰᠬᠦ ᠭᠠᠵᠠᠷ︾ ᠪᠦᠬᠦᠢ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠬᠢᠷᠢ ᠬᠡᠮ ᠲᠠᠢ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠢ ᠪᠠᠶᠢᠭᠤᠯᠤᠨ᠎ᠠ︔ | ︽ᠴᠢᠳᠠᠪᠤᠷᠢᠲᠠᠨ ᠤ ᠨᠢᠰᠬᠦ ᠭᠠᠵᠠᠷ︾ ᠢ ᠪᠠᠶᠢᠭᠤᠯᠤᠭᠠᠳ ᠪᠦᠬᠦᠯᠢ 1 ᠵᠢᠯ ᠪᠣᠯᠵᠤ᠂ ᠲᠣᠭᠲᠠᠮᠠᠯ ᠠᠯᠪᠠᠯᠠᠬᠤ ᠰᠢᠨᠵᠢᠯᠡᠬᠦ | ᠤᠬᠠᠭᠠᠨ ᠤ ᠰᠤᠳᠤᠯᠭᠠᠨ ᠤ ᠲᠠᠯᠠᠪᠤᠷ ᠲᠠᠢ᠂ ᠲᠣᠭᠲᠠᠪᠤᠷᠢᠲᠠᠢ ᠵᠠᠷᠤᠳᠠᠯ ᠤᠨ ᠢᠷᠡᠯᠲᠡ ᠪᠠ ᠪᠦᠯᠬᠦᠮ ᠨᠡᠶᠢᠲᠡ ᠲᠠᠢ᠂ | ᠮᠠᠨ ᠤ ᠬᠤᠲᠠ ᠶᠢᠨ ᠠᠵᠤ ᠦᠢᠯᠡᠰ ᠲᠠᠢ ᠬᠤᠯᠪᠣᠭ᠎ᠠ ᠲᠠᠢ ᠨᠡᠪᠴᠢᠭᠦᠯᠬᠦ ᠲᠥᠷᠥᠯ ᠵᠦᠢᠯ ᠪᠠ ᠦᠷ᠎ᠡ ᠪᠦᠲᠦᠭᠡᠯ ᠲᠠᠢ | ᠪᠠᠶᠢᠵᠤ᠂ ᠨᠡᠪᠴᠢᠭᠦᠯᠦᠭᠰᠡᠨ ᠪᠤᠶᠤ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠪᠠ ᠲᠥᠷᠥᠯ ᠵᠦᠢᠯ ᠢ ᠬᠥᠬᠡᠬᠤᠲᠠ ᠳᠤ | ᠤᠯᠠᠷᠢᠭᠤᠯᠵᠤ ᠪᠠᠶᠢᠨ᠎ᠠ᠃ᠵᠣᠭᠤᠰ ᠢᠶᠠᠷ ᠲᠤᠰᠠᠯᠠᠬᠤ ᠪᠠᠷᠢᠮᠵᠢᠶ᠎ᠠ᠄ ︽ᠴᠢᠳᠠᠪᠤᠷᠢᠲᠠᠨ ᠤ ᠨᠢᠰᠦᠭᠡ ᠭᠠᠵᠠᠷ︾ ᠢ | ᠨᠡᠪᠴᠢᠭᠦᠯᠦᠭᠰᠡᠨ ᠪᠤᠶᠤ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠪᠠ ᠲᠥᠷᠥᠯ ᠵᠦᠢᠯ ᠢ ᠬᠥᠬᠡᠬᠤᠲᠠ ᠳᠤ | ᠤᠯᠠᠷᠢᠭᠤᠯᠤᠭᠰᠠᠨ ᠠᠮᠵᠢᠯᠲᠠ ᠪᠦᠲᠦᠮᠵᠢ ᠶᠢ ᠦᠨᠳᠦᠰᠦᠯᠡᠨ᠂ ︽ᠴᠢᠳᠠᠪᠤᠷᠢᠲᠠᠨ ᠤ ᠨᠢᠰᠦᠭᠡ ᠭᠠᠵᠠᠷ︾ ᠢ | ᠪᠠᠶᠢᠭᠤᠯᠤᠭᠰᠠᠨ ᠨᠢᠭᠡᠴᠡ ᠳᠤ 50 ︱ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃︵ᠲᠠᠪᠤ︶ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ︵ᠪᠦᠯᠬᠦᠮ ᠨᠡᠶᠢᠲᠡ︶ ᠤ ᠲᠣᠰ ᠲᠥᠷᠥᠯ ᠤᠨ ᠴᠢᠳᠠᠪᠤᠷᠢᠲᠠᠨ ᠢ ᠰᠢᠯᠭᠠᠷᠠᠭᠤᠯᠬᠤ ᠲᠥᠷᠥᠯ ᠵᠦᠢᠯ ᠤᠨ | ᠵᠣᠷᠢᠯᠭ᠎ᠠ ᠨᠢ ᠳᠠᠭᠠᠭᠤᠯᠤᠭᠴᠢ ᠭᠠᠯᠠᠭᠤ ᠶᠢᠨ ᠦᠢᠯᠡᠳᠦᠯ ᠲᠠᠢ᠂ ᠮᠠᠨ ᠤ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠳᠤ ᠬᠤᠪᠢ ᠨᠡᠮᠡᠷᠢ ᠦᠵᠡᠭᠦᠯᠦᠭᠰᠡᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠰᠢᠯᠭᠠᠷᠠᠭᠤᠯᠬᠤ ᠶᠢᠨ ᠲᠥᠯᠥᠭᠡ ᠶᠤᠮ᠃ ᠴᠢᠳᠠᠪᠤᠷᠢᠲᠠᠨ ᠤ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠨ ᠤ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠲᠣᠰ | ᠲᠥᠷᠥᠯ ᠤᠨ ᠲᠥᠷᠥᠯ ᠵᠦᠢᠯ ᠢ ᠭᠤᠣᠯᠳᠠᠭᠤ ᠴᠢᠳᠠᠪᠤᠷᠢᠲᠠᠨ ︵ᠪᠦᠯᠬᠦᠮ ᠨᠡᠶᠢᠲᠡ︶ ᠤ ᠦᠢᠯᠡᠳᠪᠦᠷᠢᠯᠡᠭᠰᠡᠨ | ᠮᠡᠷᠭᠡᠵᠢᠯ ᠤᠨ ᠦᠷ᠎ᠡ ᠪᠦᠲᠦᠭᠡᠯ ᠤᠨ ᠬᠢᠷᠢ ᠬᠡᠮᠵᠢᠶ᠎ᠡ ᠪᠠ ᠠᠵᠢᠯ ᠤᠨ ᠠᠮᠵᠢᠯᠲᠠ ᠶᠢ ᠦᠨᠳᠦᠰᠦᠯᠡᠨ ᠱᠠᠩᠨᠠᠨ᠎ᠠ᠃ | ᠮᠡᠳᠡᠭᠦᠯᠬᠦ ᠨᠥᠬᠦᠴᠡᠯ᠄ ᠴᠢᠳᠠᠪᠤᠷᠢᠲᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠪᠠᠭᠲᠠᠨ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠣᠶᠢᠷ᠎ᠠ ᠶᠢᠨ ᠭᠤᠷᠪᠠᠨ ᠵᠢᠯ ᠳᠤ ᠵᠣᠬᠢᠬᠤ ᠬᠡᠮᠵᠢᠶᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠣᠯᠪᠠᠯ ᠵᠣᠬᠢᠨ᠎ᠠ᠂ ᠲᠡᠭᠦᠨ ᠤ ᠦᠷ᠎ᠡ ᠪᠦᠲᠦᠭᠡᠯ ᠨᠢ ᠮᠠᠨ ᠤ | ᠬᠤᠲᠠ ᠶᠢᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠢ ᠠᠬᠢᠭᠤᠯᠬᠤ ᠦᠢᠯᠡᠳᠦᠯ ᠲᠠᠢ︔ᠰᠢᠨᠵᠢᠯᠡᠬᠦ ᠤᠬᠠᠭᠠᠨ | ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠨᠢ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ | ᠳᠣᠲᠣᠷᠠᠬᠢ ᠪᠠᠶᠢᠭᠠᠯᠢ ᠬᠥᠮᠥᠨ ᠬᠤᠪᠢ ᠣᠷᠣᠭᠤᠯᠤᠭᠴᠢ ᠪᠠᠶᠢᠬᠤ ᠬᠡᠷᠡᠭᠲᠡᠢ᠂ ᠲᠡᠳᠡᠨ ᠤ ᠠᠳᠠᠯ ᠦᠢᠯᠡᠰ | ᠴᠣᠭᠴᠠᠯᠠᠬᠤ ᠨᠢ ᠵᠣᠬᠢᠬᠤ ᠦᠷ᠎ᠡ ᠪᠦᠲᠦᠮᠵᠢ ᠲᠠᠢ ᠪᠠᠶᠢᠵᠤ᠂ ᠴᠢᠳᠠᠪᠤᠷᠢᠲᠠᠨ ᠤ ᠬᠠᠷᠢᠶ᠎ᠠ ᠠᠵᠤ ᠠᠬᠤᠶᠢᠯᠠᠯ ᠨᠢ | ᠡᠷᠬᠡᠪᠰᠢ ᠨᠢᠭᠡ ᠵᠢᠯ ᠠᠴᠠ ᠳᠡᠭᠡᠭᠰᠢ ᠪᠠᠶᠢᠭᠤᠯᠤᠭᠳᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ | ᠬᠡᠮ ᠲᠠᠢ ᠪᠠᠶᠢᠵᠤ᠂ ᠳᠠᠩᠰᠠᠯᠠᠭᠤᠯᠬᠤ᠂ ᠭᠠᠶᠢᠯᠢ ᠲᠤᠰᠢᠶᠠᠬᠤ᠂ ᠪᠦᠷᠢᠳᠬᠡᠬᠦ ᠭᠠᠵᠠᠷ ᠨᠢ ᠴᠥᠮ ᠬᠥᠬᠡᠬᠤᠲᠠ ᠳᠤ | ᠪᠠᠶᠢᠵᠤ᠂ ᠵᠢᠯ ᠳᠤᠮᠳᠠᠴᠢ ᠶᠢᠨ ᠪᠣᠳᠠᠲᠠᠢ ᠲᠤᠰᠢᠶᠠᠭᠰᠠᠨ ᠭᠠᠶᠢᠯᠢ ᠲᠠᠲᠠᠪᠤᠷᠢ ᠨᠢ 50 ᠲᠦᠮᠡᠨ ᠲᠥᠭᠦᠷᠢᠭ ᠠᠴᠠ | ᠳᠡᠭᠡᠭᠰᠢ ᠪᠠᠶᠢᠵᠤ᠂ ᠠᠵᠤ ᠠᠬᠤᠢ ᠨᠡᠶᠢᠭᠡᠮ ᠤᠨ ᠦᠷ᠎ᠡ ᠠᠰᠢᠭ ᠢᠶᠠᠷ ᠰᠠᠶᠢᠨ ᠪᠠᠶᠢᠬᠤ ᠬᠡᠷᠡᠭᠲᠡᠢ᠃ᠵᠣᠭᠤᠰ ᠢᠶᠠᠷ | ᠲᠤᠰᠠᠯᠠᠬᠤ ᠪᠠᠷᠢᠮᠵᠢᠶ᠎ᠠ᠄ ᠰᠣᠩᠭᠤᠭᠳᠠᠭᠰᠠᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠬᠤᠪᠢ ᠬᠥᠮᠥᠨ ᠳᠤ ᠬᠥᠮᠥᠨ ᠪᠦᠷᠢ ᠳᠤ 10 ᠲᠦᠮᠡᠨ | ᠲᠥᠭᠦᠷᠢᠭ ᠤᠨ ᠱᠠᠩᠨᠠᠯ ᠣᠯᠭᠤᠵᠤ᠂ ᠰᠣᠩᠭᠤᠭᠳᠠᠭᠰᠠᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠢᠭᠡᠪᠦᠷᠢ ᠳᠤ 20 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃ᠶᠡᠷᠦᠩᠬᠡᠢ ᠳᠤᠨᠢ ᠠᠪᠴᠤ ᠬᠡᠯᠡᠪᠡᠯ᠂ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ | ᠪᠣᠳᠣᠯᠭ᠎ᠠ ᠶᠢᠨ 10 ᠵᠤᠷᠪᠤᠰ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠤ ᠢᠵᠢ | ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ︾ ᠨᠢ ᠣᠷᠣᠨ ᠤ ᠲᠥᠪ ᠤᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠪᠠ ᠰᠢᠨ᠎ᠡ ᠶᠢ ᠡᠭᠦᠳᠬᠦ ᠦᠢᠯᠡᠰ ᠪᠣᠰᠬᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠣᠭᠤᠷᠢᠨ ᠳᠤ᠂ | ᠲᠥᠷᠥᠯ ᠪᠦᠷᠢ ᠶᠢᠨ ᠴᠢᠳᠠᠪᠤᠷᠢᠲᠠᠨ ᠤ ᠲᠥᠷᠥᠯ ᠵᠦᠢᠯ ᠳᠤ ᠪᠣᠳᠠᠲᠠᠢ ᠳᠡᠮᠵᠢᠬᠦ ᠴᠢᠭᠯᠡᠯ᠂ ᠭᠤᠶᠤᠴᠢᠯᠠᠬᠤ ᠨᠥᠬᠦᠴᠡᠯ | ᠪᠠ ᠲᠤᠰᠠᠯᠠᠬᠤ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠠᠢ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ | ᠴᠢᠳᠠᠪᠤᠷᠢᠲᠠᠨ ᠪᠠ ᠬᠥᠮᠥᠨ ᠬᠡᠷᠡᠭᠯᠡᠬᠦ ᠨᠢᠭᠡᠴᠡ ᠴᠥᠮ ᠡᠲᠡᠭᠡᠷ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢ | ᠭᠥᠷᠳᠡᠬᠦ ᠶᠢ ᠬᠦᠰᠡᠵᠦ ᠪᠠᠶᠢᠨ᠎ᠠ᠂ ᠣᠲᠣ ᠰᠠᠯᠠᠭᠠᠨ ᠳᠠᠷᠤᠭ᠎ᠠ ᠵᠠᠩ ᠹᠠᠩ ᠳᠡᠭᠡᠷ᠎ᠡ ᠳᠤᠷᠠᠳᠤᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠴᠢᠳᠠᠪᠤᠷᠢᠲᠠᠨ ᠤ ᠲᠥᠷᠥᠯ ᠵᠦᠢᠯ ᠢ ᠭᠤᠶᠤᠴᠢᠯᠠᠨ | ᠮᠡᠳᠡᠭᠦᠯᠬᠦ ᠪᠣᠳᠠᠲᠠᠢ ᠭᠦᠢᠴᠡᠳᠬᠡᠬᠦ ᠶᠠᠪᠤᠴᠠ ᠶᠢ ᠦᠷᠭᠦᠯᠵᠢᠯᠡᠨ ᠲᠠᠨᠢᠯᠴᠠᠭᠤᠯᠬᠤ ᠶᠢ ᠬᠦᠰᠡᠵᠦ ᠪᠠᠶᠢᠨ᠎ᠠ᠃ | ᠬᠥᠲᠥᠯᠥᠭᠴᠢ᠄ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠴᠢᠳᠠᠪᠤᠷᠢᠲᠠᠨ ᠤ ᠲᠥᠷᠥᠯ | ᠵᠦᠢᠯ ᠤᠨ ᠪᠣᠳᠠᠲᠠᠢ ᠭᠦᠢᠴᠡᠳᠬᠡᠬᠦ ᠶᠠᠪᠤᠴᠠ ᠨᠢ ᠶᠠᠭᠤ ᠪᠣᠶ︖ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠳᠠᠷᠤᠭ᠎ᠠ ᠵᠠᠩ ᠹᠠᠩ᠄ | ᠳᠡᠭᠡᠷ᠎ᠡ ᠳᠤᠷᠠᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠲᠠᠪᠤᠨ | ᠲᠦᠷᠦᠯ ᠤᠨ ᠴᠢᠳᠠᠪᠤᠷᠢᠲᠠᠨ ᠤ ᠲᠦᠷᠦᠯ ᠵᠦᠢᠯ ᠢ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠵᠡᠢ᠃ ᠣᠳᠣᠬᠠᠨ ᠳᠤ ᠪᠢᠳᠡ ᠨᠢᠭᠡᠨᠲᠡ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠰᠦᠯᠵᠢᠶ᠎ᠡ ᠳᠤ ᠡᠯ᠎ᠡ ᠲᠥᠷᠥᠯ ᠤᠨ | ᠴᠢᠳᠠᠪᠤᠷᠢᠲᠠᠨ ᠤ ᠵᠦᠢᠯᠡᠰ ᠢ ᠭᠤᠶᠤᠴᠢᠯᠠᠨ ᠮᠡᠳᠡᠭᠦᠯᠬᠦ ᠮᠡᠳᠡᠭᠳᠡᠯ ᠢ ᠨᠡᠶᠢᠲᠡᠯᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠡᠯ᠎ᠡ ᠲᠥᠷᠥᠯ ᠤᠨ ᠴᠢᠳᠠᠪᠤᠷᠢᠲᠠᠨ ᠤ ᠵᠦᠢᠯᠡᠰ ᠢ ᠭᠤᠶᠤᠴᠢᠯᠠᠨ | ᠮᠡᠳᠡᠭᠦᠯᠵᠦ ᠳᠡᠮᠵᠢᠬᠦ ᠬᠦᠷᠢᠶ᠎ᠡ᠂ ᠭᠤᠶᠤᠴᠢᠯᠠᠨ ᠮᠡᠳᠡᠭᠦᠯᠬᠦ ᠨᠥᠬᠦᠴᠡᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ | ᠱᠠᠭᠠᠷᠳᠠᠯᠭ᠎ᠠ᠂ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠪᠠ ᠲᠠᠰ ᠳᠠᠷᠠᠭᠠᠯᠠᠯ ᠵᠢᠴᠢ ᠭᠤᠶᠤᠴᠢᠯᠠᠨ ᠮᠡᠳᠡᠭᠦᠯᠬᠦ | ᠳᠠᠭᠤᠰᠬᠤ ᠴᠠᠭ ᠪᠠ ᠭᠤᠶᠤᠴᠢᠯᠠᠨ ᠮᠡᠳᠡᠭᠦᠯᠬᠦ ᠠᠵᠢᠯ ᠤᠨ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠢ | ᠲᠣᠭᠲᠠᠭᠠᠵᠠᠢ᠃ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠴᠢᠳᠠᠪᠤᠷᠢᠲᠠᠨ ᠪᠠ ᠬᠥᠮᠥᠨ ᠬᠡᠷᠡᠭᠯᠡᠬᠦ ᠨᠢᠭᠡᠴᠡ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠠᠴᠠ ᠠᠰᠠᠭᠤᠨ ᠯᠠᠪᠯᠠᠵᠤ | ᠣᠶᠢᠯᠠᠭᠠᠵᠤ ᠪᠣᠯᠣᠨ᠎ᠠ᠃ ᠲᠣᠰ ᠤᠳᠠᠭ᠎ᠠ ᠶᠢᠨ ᠴᠢᠳᠠᠪᠤᠷᠢᠲᠠᠨ ᠤ ᠲᠥᠷᠥᠯ ᠵᠦᠢᠯ ᠢ ᠮᠡᠳᠡᠭᠦᠯᠬᠦ ᠳᠤ ᠴᠥᠮ | ᠰᠦᠯᠵᠢᠶᠡᠨ ᠳᠡᠭᠡᠷ᠎ᠡ ᠮᠡᠳᠡᠭᠦᠯᠬᠦ ᠬᠡᠯᠪᠡᠷᠢ ᠶᠢ ᠠᠪᠴᠤ᠂ ᠬᠡᠷᠡᠭᠯᠡᠭᠴᠢ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ︵http://kjj.huhhot.gov.cn︶ ᠳᠤ ᠣᠷᠣᠵᠤ᠂ | ᠰᠦᠯᠵᠢᠶᠡᠨ ᠤ ᠡᠬᠢᠨ ᠤ ᠨᠢᠭᠤᠷ ᠲᠤ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ 10 ᠵᠤᠷᠪᠤᠰ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠤ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠡᠭᠦᠳᠡ︾ | ᠪᠠᠷ ᠳᠠᠩᠰᠠᠯᠠᠭᠤᠯᠤᠨ ᠲᠡᠮᠳᠡᠭᠯᠡᠵᠦ᠂ ᠭᠤᠶᠤᠴᠢᠯᠠᠨ ᠮᠡᠳᠡᠭᠦᠯᠬᠦ ᠬᠡᠷᠡᠭᠲᠡᠢ᠃ᠮᠡᠳᠡᠭᠦᠯᠬᠦ ᠪᠣᠳᠠᠲᠠᠢ ᠶᠠᠪᠤᠴᠠ ᠨᠢ᠄ | ᠮᠡᠳᠡᠭᠦᠯᠬᠦ ᠨᠢᠭᠡᠴᠡ ᠮᠡᠳᠡᠭᠦᠯᠬᠦ ᠮᠠᠲ᠋ᠧᠷᠢᠶᠠᠯ ᠢᠶᠠᠨ ᠰᠦᠯᠵᠢᠶᠡᠨ ᠳᠡᠭᠡᠷ᠎ᠡ ᠲᠤᠰᠢᠶᠠᠭᠰᠠᠨ ᠤ ᠳᠠᠷᠠᠭ᠎ᠠ᠂ ᠬᠠᠷᠢᠶ᠎ᠠ ᠭᠠᠵᠠᠷ | ᠪᠤᠶᠤ ᠰᠢᠰᠲ᠋ᠧᠮᠵᠢᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠲᠠᠨᠢᠯᠴᠠᠭᠤᠯᠬᠤ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠮᠡᠳᠡᠭᠦᠯᠬᠦ ᠬᠤᠭᠤᠴᠠᠭ᠎ᠠ | ᠳᠠᠭᠤᠰᠤᠭᠰᠠᠨ ᠤ ᠳᠠᠷᠠᠭ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠤᠰᠬᠠᠢ | ᠮᠡᠷᠭᠡᠵᠢᠯᠲᠡᠨ ᠤ ᠬᠢᠨᠠᠨ ᠲᠣᠭᠲᠠᠭᠠᠬᠤ᠂ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠲᠥᠷᠥᠯ ᠵᠦᠢᠯ | ᠲᠣᠭᠲᠠᠭᠠᠬᠤ ᠶᠢ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢ ᠵᠣᠬᠢᠶᠠᠨ ᠪᠠᠶᠢᠭᠤᠯᠤᠨ ᠪᠡᠶᠡᠯᠡᠭᠦᠯᠬᠦ ᠶᠢᠨ ᠬᠠᠮᠲᠤ᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠯᠪᠠᠨ ᠤ ᠰᠦᠯᠵᠢᠶᠡᠨ ᠥᠷᠲᠡᠭᠡ ᠳᠤ ᠲᠥᠷᠥᠯ | ᠵᠦᠢᠯ ᠲᠣᠭᠲᠠᠭᠠᠭᠰᠠᠨ ᠦᠷ᠎ᠡ ᠳ᠋ᠦᠩ ᠢᠶᠠᠨ ᠨᠡᠶᠢᠲᠡᠯᠡᠬᠦ ᠶᠢᠨ ᠬᠠᠮᠲᠤ ᠡᠭᠦᠷᠭᠡ ᠶᠢᠨ ᠪᠢᠴᠢᠭ ᠲᠤ ᠭᠠᠷ ᠤᠨ ᠥᠰᠥᠭ | ᠵᠢᠷᠤᠬᠤ᠂ ᠪᠡᠯᠡ ᠮᠥᠩᠭᠦ ᠰᠢᠯᠵᠢᠭᠦᠯᠦᠨ ᠥᠭᠬᠦ ᠭᠠᠷᠳᠠᠮ ᠢ ᠭᠦᠢᠴᠡᠳᠬᠡᠨ᠎ᠡ᠃ᠮᠡᠳᠡᠭᠦᠯᠬᠦ ᠶᠠᠪᠤᠴᠠ ᠳᠤ᠂ ᠶᠠᠮᠠᠷᠪᠠ | ᠠᠰᠠᠭᠤᠳᠠᠯ ᠲᠤᠯᠭᠠᠷᠠᠪᠠᠯ ᠬᠠᠮᠢᠶ᠎ᠠ ᠪᠦᠬᠦᠢ ᠮᠡᠳᠡᠭᠳᠡᠯ ᠳᠠᠬᠢ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ | ᠤᠲᠠᠰᠤ ᠶᠢ ᠤᠲᠠᠰᠤᠳᠠᠵᠤ᠂ ᠪᠣᠳᠠᠲᠠᠢ ᠠᠰᠠᠭᠤᠨ ᠯᠠᠪᠯᠠᠵᠤ ᠪᠣᠯᠣᠨ᠎ᠠ᠃ | ᠬᠥᠲᠥᠯᠥᠭᠴᠢ᠄ | ᠣᠶᠢᠷ᠎ᠠ ᠶᠢᠨ ᠵᠢᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠶᠠᠮᠠᠷ | ᠶᠠᠮᠠᠷ ᠦᠷ᠎ᠡ ᠪᠦᠲᠦᠮᠵᠢ ᠣᠯᠣᠭᠰᠠᠨ ᠪᠣᠶ︖ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ ᠯᠢᠦ ᠪᠥᠸᠧ᠄ | | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠵᠣᠷᠢᠭᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠵᠢᠱᠢᠶᠡᠯᠡᠪᠡᠯ᠂ | 2021 ᠣᠨ ᠳᠤ᠂ ᠮᠠᠨ ᠤ ᠬᠤᠲᠠ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠵᠤ ᠣᠷᠣᠨ ᠪᠦᠰᠡ ᠶᠢᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠲᠤᠬᠠᠢ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠵᠠᠰᠠᠪᠤᠷᠢ ᠣᠷᠣᠭᠤᠯᠤᠨ | ᠨᠡᠶᠢᠲᠡᠯᠡᠵᠦ᠂ ᠬᠡᠷᠡᠭᠵᠢᠭᠦᠯᠬᠦ ᠰᠠᠨᠠᠯ ᠳᠤ ᠰᠢᠨ᠎ᠡ ᠶᠢ ᠡᠭᠦᠳᠬᠦ ᠴᠢᠳᠠᠪᠤᠷᠢᠲᠠᠨ ᠢ ᠤᠷᠮᠠᠰᠢᠭᠤᠯᠤᠨ ᠱᠠᠩᠨᠠᠬᠤ ᠶᠢ | ᠴᠢᠩᠭᠠᠳᠬᠠᠵᠤ᠂ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠪᠡ᠃2022 ᠣᠨ ᠳᠤ᠂ | ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ︵ᠲᠤᠷᠰᠢᠨ ᠬᠡᠷᠡᠭᠵᠢᠭᠦᠯᠬᠦ︶︾ | ᠢ ᠦᠨᠳᠦᠰᠦᠯᠡᠪᠡᠯ᠂ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠢᠵᠢ ᠪᠦᠷᠢᠳᠦᠭᠦᠯᠬᠦ ᠬᠡᠷᠡᠭᠵᠢᠭᠦᠯᠬᠦ | ᠨᠠᠷᠢᠨ ᠳᠦᠷᠢᠮ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠣᠰ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ | ᠳᠦᠷᠢᠮ ᠳᠤ ᠲᠦᠰᠢᠭᠯᠡᠨ᠂ 2022 ᠣᠨ ᠳᠤ ᠮᠠᠨ ᠤ ᠬᠤᠲᠠ ᠨᠢᠭᠡᠨᠲᠡ 1 ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ᠂ 2 ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ 7 ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥᠯ ᠵᠦᠢᠯ ᠢ ᠳᠡᠮᠵᠢᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠪᠠ ᠪᠦᠯᠬᠦᠮ ᠨᠡᠶᠢᠲᠡ ᠶᠢ ᠲᠣᠰ | ᠲᠣᠰ 10 ᠱᠠᠩᠨᠠᠪᠠ᠃ᠡᠭᠦᠨ ᠠᠴᠠ ᠭᠠᠳᠠᠨ᠎ᠠ᠂ 2022 ᠣᠨ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ︽ᠬᠥᠬᠡᠬᠤᠲᠠ︾ ᠪᠠᠷ ᠮᠠᠩᠯᠠᠶᠢᠯᠠᠭᠤᠯᠬᠤ ︽ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ | ᠲᠥᠷᠥᠯ ᠵᠦᠢᠯ ᠤᠨ ᠬᠡᠷᠡᠭᠵᠢᠭᠦᠯᠦᠯᠲᠡ ᠪᠠ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ | ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ | ᠪᠣᠳᠣᠯᠭ᠎ᠠ ᠶᠢᠨ ᠡᠭᠦᠷᠭᠡ ᠵᠢᠴᠢ ︽ᠵᠢᠷᠭᠤᠭᠠᠨ ᠶᠡᠭᠡ ᠠᠵᠤ ᠦᠢᠯᠡᠰ︾ ᠤᠨ ᠭᠤᠣᠯᠳᠠᠯᠭ᠎ᠠ ᠲᠠᠢ ᠠᠵᠤ ᠦᠢᠯᠡᠰ ᠢ | ᠲᠥᠪᠯᠡᠷᠡᠭᠦᠯᠦᠭᠰᠡᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ | ᠪᠥᠬᠦ ᠤᠯᠤᠰ ᠤᠨ ᠰᠤᠳᠤᠯᠤᠨ ᠨᠡᠭᠡᠭᠡᠬᠦ ᠪᠣᠳᠠᠲᠤ ᠬᠦᠴᠦᠨ ᠲᠠᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠠᠵᠤ ᠠᠬᠤᠶᠢᠯᠠᠯ ᠵᠡᠷᠭᠡ ᠰᠢᠨ᠎ᠡ ᠶᠢ ᠡᠭᠦᠳᠬᠦ ᠭᠤᠣᠯ ᠴᠣᠭᠴᠠ ᠳᠤ ᠬᠠᠨᠳᠤᠭᠤᠯᠤᠨ | ᠢᠯᠡ ᠪᠠᠷ ᠵᠠᠷᠯᠠᠨ ᠨᠡᠶᠢᠲᠡᠯᠡᠵᠦ᠂ ᠰᠢᠨ᠎ᠡ ᠶᠢ ᠡᠭᠦᠳᠬᠦ ᠳᠠᠪᠠᠭᠤᠯᠢᠭ ᠴᠢᠳᠠᠪᠤᠷᠢᠲᠠᠨ ᠤ ᠡᠬᠢ ᠪᠠᠶᠠᠯᠢᠭ ᠢ ᠲᠡᠳᠡᠨ | ᠠᠪᠴᠢᠷᠠᠵᠤ ᠮᠠᠨ ᠤ ᠬᠤᠲᠠ ᠳᠤ ᠴᠤᠭᠯᠠᠷᠠᠭᠤᠯᠤᠨ᠎ᠠ᠃2023 ᠣᠨ ᠳᠤ ᠲᠦᠷᠦᠭᠦᠦ ᠪᠦᠯᠦᠭ ᠤᠨ ᠨᠡᠷᠡᠰ ᠤᠨ | ᠵᠢᠭᠰᠠᠭᠠᠯᠲᠠ ᠳᠤ ᠮᠠᠩᠯᠠᠶᠢᠯᠠᠭᠤᠯᠬᠤ ᠵᠦᠢᠯᠡᠰ ᠢ ᠡᠬᠢᠯᠡᠭᠦᠯᠵᠦ᠂ 8 ᠵᠦᠢᠯ ᠤᠨ ᠨᠡᠷᠡᠰ ᠤᠨ ᠵᠢᠭᠰᠠᠭᠠᠯᠲᠠ ᠶᠢ | ᠨᠡᠶᠢᠲᠡᠯᠡᠵᠦ᠂ ᠰᠦ᠋ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ᠂ ᠠᠮᠢᠳᠤ ᠪᠣᠳᠠᠰᠤᠨ ᠡᠮ ᠡᠮᠨᠡᠯᠭᠡ᠂ ᠰᠢᠨ᠎ᠡ | ᠮᠠᠲ᠋ᠧᠷᠢᠶᠠᠯ ᠵᠡᠷᠭᠡ ᠬᠦᠷᠢᠶ᠎ᠡ ᠶᠢ ᠬᠠᠮᠤᠷᠴᠤ᠂ ᠨᠢᠭᠡ ᠪᠦᠯᠦᠭ ᠠᠵᠢᠯ ᠲᠦᠷᠦᠯ ᠤᠨ ᠳᠡᠭᠡᠳᠦ ᠲᠡᠰ ᠳᠠᠪᠬᠤᠷᠭ᠎ᠠ ᠶᠢᠨ | ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠤᠨ ᠬᠢᠨ ᠤ ᠨᠡᠷᠡᠰ ᠤᠨ ᠵᠢᠭᠰᠠᠭᠠᠯᠲᠠ ᠳᠤ ᠲᠡᠷᠢᠭᠦᠯᠡᠨ ᠪᠣᠭᠤᠮᠲᠠ | ᠰᠢᠪᠲᠤᠯᠵᠤ᠂ ᠮᠠᠨ ᠤ ᠬᠤᠳᠠ ᠶᠢᠨ ᠠᠵᠤ ᠦᠢᠯᠡᠰ ᠤᠨ ᠬᠥᠭᠵᠢᠯᠲᠡ ᠳᠤ ᠴᠢᠳᠠᠪᠤᠷᠢ ᠣᠯᠭᠤᠵᠠᠢ᠃ᠳᠡᠭᠡᠳᠦ ᠳᠡᠰ ᠤᠨ | ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠳᠡᠭᠡᠳᠦ ᠳᠡᠰ ᠤᠨ ᠴᠢᠳᠠᠪᠤᠷᠢᠲᠠᠨ ᠢ ᠲᠡᠳᠡᠨ ᠴᠤᠭᠯᠠᠭᠤᠯᠬᠤ | ᠲᠠᠯ᠎ᠠ ᠪᠠᠷ᠂ ᠵᠢᠷᠭᠤᠭᠠᠨ ᠲᠣᠮᠣ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠤᠨ ᠪᠤᠵᠠᠭᠠᠶᠢᠷᠠᠭᠤᠯᠬᠤ ᠶᠢᠨ | ᠲᠣᠭᠤᠷᠢᠨ ᠳᠤ᠂ ᠰᠦ᠋ ᠰᠠᠭᠠᠯᠢ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ᠂ ᠠᠮᠢᠲᠠᠨ ᠤ ᠸᠠᠺᠼᠢᠨ ᠤ ᠠᠵᠤ | ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠪᠠᠶᠢᠷᠢᠰᠢᠭᠤᠯᠤᠯᠲᠠ ᠶᠢ | ᠬᠦᠴᠦᠯᠡᠨ ᠰᠦᠪᠡᠭᠴᠢᠯᠡᠵᠦ᠂ ᠥᠨᠳᠥᠷ ᠲᠠᠰ ᠤᠨ ᠰᠢᠨ᠎ᠡ ᠶᠢ ᠡᠭᠦᠳᠬᠦ ᠲᠠᠪᠴᠠᠩ ᠢ ᠪᠣᠶ ᠪᠣᠯᠭᠠᠨ᠂ ᠲᠡᠷᠢᠭᠦᠨ ᠤ | ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠴᠤᠭᠯᠠᠷᠠᠭᠤᠯᠵᠤ᠂ ᠤᠯᠤᠰ ᠤᠨ ᠰᠦ᠋ | ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠡᠪᠡᠰᠦᠨ ᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ | ᠵᠡᠷᠭᠡ ᠭᠤᠷᠪᠠᠨ ᠶᠡᠭᠡ ᠰᠢᠨ᠎ᠡ ᠶᠢ ᠡᠭᠦᠳᠬᠦ ᠡᠬᠢ ᠰᠤᠷᠪᠤᠯᠵᠢ ᠶᠢᠨ ᠲᠠᠪᠴᠠᠩ ᠤᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠠᠬᠢᠭᠤᠯᠤᠨ᠎ᠠ ᠣᠳᠣᠬᠠᠨ ᠳᠤ᠂ ᠤᠯᠤᠰ ᠤᠨ ᠰᠦ᠋ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠲᠤ ᠨᠢᠭᠡᠨᠲᠡ 101 ᠪᠦᠷᠢᠯᠳᠦᠭᠦᠨ ᠨᠢᠭᠡᠴᠡ ᠴᠤᠭᠯᠠᠷᠠᠵᠤ᠂ 10 ᠠᠺᠠᠳᠧᠮᠢᠴᠢ ᠪᠠ 100 ᠭᠠᠷᠤᠢ | ᠳᠡᠭᠡᠳᠦ ᠲᠠᠰ ᠤᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ᠂ 20 ᠭᠠᠷᠤᠢ ᠭᠠᠳᠠᠭᠠᠳᠤ ᠶᠢᠨ ᠲᠤᠰᠬᠠᠢ | ᠮᠡᠷᠭᠡᠵᠢᠯᠲᠡᠨ᠂ 1000 ᠭᠠᠷᠤᠢ ᠭᠤᠣᠯᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠠ 5000 | ᠭᠠᠷᠤᠢ ᠬᠥᠮᠥᠨ ᠲᠠᠢ ᠪᠥᠬᠦ ᠠᠵᠤ ᠦᠢᠯᠡᠰ ᠤᠨ ᠬᠡᠯᠬᠢᠶᠡᠨ ᠤ ᠰᠢᠨ᠎ᠡ ᠶᠢ ᠡᠭᠦᠳᠬᠦ ᠡᠩᠨᠡᠭᠡ ᠶᠢ ᠴᠤᠭᠯᠠᠷᠠᠭᠤᠯᠵᠤ᠂ | ᠰᠠᠭᠠᠯᠢ ᠶᠢᠨ ᠦᠨᠢᠶ᠎ᠡ ᠦᠷᠡᠵᠢᠭᠦᠯᠦᠨ ᠪᠣᠶᠢᠵᠢᠭᠤᠯᠬᠤ᠂ ᠴᠠᠭᠠᠨ ᠢᠳᠡᠭᠡᠨ ᠤ ᠭᠠᠷ ᠤᠷᠠᠯᠠᠯ ᠤᠨ ᠮᠡᠷᠭᠡᠵᠢᠯ ᠤᠨ | ᠲᠥᠬᠦᠭᠡᠷᠦᠮᠵᠢ᠂ ᠴᠠᠭᠠᠨ ᠢᠳᠡᠭᠡᠨ ᠤ ᠶᠠᠰᠤ ᠴᠢᠨᠠᠷ ᠪᠠ ᠠᠮᠤᠷ ᠲᠦᠪᠰᠢᠨ ᠵᠡᠷᠭᠡ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠰᠤᠳᠤᠯᠤᠨ ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ | ᠠᠵᠢᠯ ᠢ ᠥᠷᠨᠢᠭᠦᠯᠪᠡ᠃ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ | ᠨᠢᠭᠡᠨᠲᠡ 34 ᠬᠠᠮᠲᠤ ᠪᠠᠷ ᠪᠠᠶᠢᠭᠤᠯᠬᠤ ᠨᠢᠭᠡᠴᠡ ᠬᠤᠷᠠᠨ ᠴᠤᠭᠯᠠᠷᠠᠵᠤ᠂ 4 ᠠᠺᠠᠳᠧᠮᠢᠴᠢ 10 ᠭᠠᠷᠤᠢ ᠠᠵᠢᠯ | ᠲᠥᠷᠥᠯ ᠤᠨ ᠲᠤᠰᠬᠠᠢ ᠮᠡᠷᠭᠡᠵᠢᠯᠲᠡᠨ ᠢ ᠴᠤᠭᠯᠠᠷᠠᠭᠤᠯᠤᠨ᠂ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠠᠷᠢᠯᠢᠭ | ᠣᠨᠣᠴᠠᠲᠠᠢ ᠪᠠᠷ ᠬᠢᠨᠠᠨ ᠲᠣᠭᠲᠠᠭᠠᠬᠤ ᠪᠠ ᠰᠢᠨ᠎ᠡ ᠶᠢ ᠡᠭᠦᠳᠦᠨ ᠠᠰᠢᠭᠯᠠᠬᠤ᠂ ᠡᠪᠡᠰᠦᠨ ᠤ ᠤᠳᠤᠮᠯᠠᠯ ᠤᠨ ᠡᠭᠦᠯᠳᠡᠷ | ᠪᠣᠶᠢᠵᠢᠭᠤᠯᠬᠤ ᠪᠠ ᠰᠠᠶᠢᠨ ᠡᠭᠦᠯᠳᠡᠷ ᠤᠨ ᠦᠢᠯᠡᠳᠪᠦᠷᠢᠯᠡᠯ᠂ ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ | ᠦᠢᠯᠡᠳᠪᠦᠷᠢᠯᠡᠯ ᠪᠠ ᠡᠳ᠋ᠰᠢᠭᠦᠯᠦᠨ ᠠᠰᠢᠭᠯᠠᠬᠤ᠂ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠪᠠ ᠴᠢᠳᠠᠮᠵᠢ ᠶᠢᠨ | ᠳᠡᠭᠡᠭᠰᠢᠯᠡᠯᠲᠡ ᠶᠢᠨ ᠰᠤᠳᠤᠯᠭᠠᠨ ᠪᠠ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ | ᠭᠤᠣᠯᠳᠠᠯᠭ᠎ᠠ ᠲᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠸᠠᠺᠼᠢᠨ ᠤ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠲᠤ ᠨᠢᠭᠡᠨᠲᠡ ᠬᠠᠮᠲᠤ ᠪᠠᠷ ᠪᠠᠶᠢᠭᠤᠯᠤᠭᠰᠠᠨ 15 ᠨᠢᠭᠡᠴᠡ ᠬᠤᠷᠠᠨ ᠴᠤᠭᠯᠠᠷᠠᠵᠤ᠂ 1 | ᠠᠺᠠᠳᠧᠮᠢᠴᠢ 10 ᠭᠠᠷᠤᠢ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠴᠤᠭᠯᠠᠷᠠᠭᠤᠯᠤᠨ᠂ ᠠᠮᠢᠲᠠᠨ ᠤ ᠬᠢᠵᠢᠭ | ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠨ ᠵᠠᠳᠠᠯᠤᠯᠲᠠ᠂ ᠠᠹᠷᠢᠺᠠ ᠲᠢᠪ ᠤᠨ ᠭᠠᠭ᠋ᠠᠢ ᠶᠢᠨ | ᠬᠢᠵᠢᠭ ᠵᠡᠷᠭᠡ ᠰᠢᠨ᠎ᠡ ᠬᠡᠯᠪᠡᠷᠢ ᠶᠢᠨ ᠸᠠᠺᠼᠢᠨ ᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠪᠦᠲᠦᠭᠡᠭᠳᠡᠬᠦᠨ ᠢ | ᠰᠤᠳᠤᠯᠤᠨ ᠨᠡᠭᠡᠭᠡᠬᠦ᠂ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠪᠷᠦ᠋ᠼᠧᠯ | ᠡᠪᠡᠳᠴᠢᠨ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠶᠢ ᠭᠤᠣᠯᠳᠠᠯᠭ᠎ᠠ ᠲᠠᠢ ᠥᠷᠨᠢᠭᠦᠯᠪᠡ᠃ | ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠵᠣᠬᠢᠶᠠᠨ ᠪᠠᠶᠢᠭᠤᠯᠵᠤ ᠰᠢᠨ᠎ᠡ ᠶᠢ | ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠲᠠᠯ᠎ᠠ ᠪᠠᠷ᠂ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ | ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ | ᠲᠣᠭᠤᠷᠢᠨ ᠳᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠵᠣᠬᠢᠶᠠᠨ | ᠪᠠᠶᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ | ᠰᠢᠪᠲᠤᠯᠬᠤ ᠳᠤ︽ᠰᠠᠮᠪᠠᠷ᠎ᠠ ᠪᠠᠷ ᠮᠠᠩᠯᠠᠶᠢᠯᠠᠭᠤᠯᠬᠤ︾ᠳᠦᠷᠢᠮ ᠪᠣᠯᠣᠨ ᠦᠷ᠎ᠡ ᠪᠦᠲᠦᠭᠡᠯ ᠤᠨ ᠵᠠᠮ ᠤᠨ | ᠲᠣᠭᠯᠠᠯᠲᠠ ᠶᠢᠨ ᠲᠦᠷᠦᠯ ᠵᠦᠢᠯ ᠳᠤ︽ᠲᠣᠭᠯᠠᠯᠲᠠ ᠪᠠᠷ ᠦᠨᠡᠯᠡᠯᠲᠡ ᠶᠢ ᠣᠷᠣᠯᠠᠭᠤᠯᠬᠤ︾ᠵᠣᠬᠢᠶᠠᠨ | ᠪᠠᠶᠢᠭᠤᠯᠤᠯᠲᠠ ᠶᠢᠨ ᠲᠦᠷᠦᠯ ᠵᠦᠢᠯ ᠲᠣᠭᠲᠠᠭᠠᠬᠤ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠵᠦ᠂ ᠡᠯ᠎ᠡ | ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠢᠳᠡᠪᠬᠢᠲᠡᠢ ᠪᠠᠷ ᠲᠡᠮᠡᠴᠡᠨ ᠣᠯᠵᠤ᠂ ᠠᠵᠤ | ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠠᠵᠤ ᠠᠬᠤᠶᠢᠯᠠᠯ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ | ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠷ ᠭᠠᠷᠳᠠᠴᠠ ᠪᠣᠯᠭᠠᠵᠤ᠂ ᠠᠵᠤ | ᠦᠢᠯᠡᠰ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠠᠴᠠ ᠨᠠᠰᠢ᠂ ᠣᠷᠣᠨ ᠤ ᠳᠣᠲᠣᠷ᠎ᠠ ᠭᠠᠳᠠᠨᠠᠬᠢ 100 ᠭᠠᠷᠤᠢ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ 200 ᠭᠠᠷᠤᠢ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠡᠭᠦᠷᠭᠡ ᠳᠤ ᠲᠦᠰᠢᠭᠯᠡᠨ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ | ᠬᠦᠷᠢᠶᠡᠨ ᠳᠤ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠢ | ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢᠨ ᠬᠠᠮᠲᠤ ᠪᠠᠰᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠬᠦᠷᠢᠶᠡᠨ ᠳᠤ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠨᠢᠭᠡ ᠪᠦᠯᠦᠭ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠵᠡᠢ᠃ᠨᠡᠭᠡᠭᠡᠯᠲᠡ ᠲᠠᠢ ᠬᠠᠮᠲᠤᠷᠠᠯᠴᠠᠨ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ | ᠪᠠᠶᠢᠭᠤᠯᠬᠤ ᠲᠠᠯ᠎ᠠ ᠪᠠᠷ᠂ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢᠶᠠᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠪᠠᠷ | ᠤᠳᠤᠷᠢᠳᠤᠮᠵᠢ ᠪᠣᠯᠭᠠᠨ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠢᠨ᠎ᠡ ᠶᠢ ᠡᠭᠦᠳᠬᠦ ᠭᠤᠣᠯ ᠴᠣᠭᠴᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠥᠬᠦ ᠬᠤᠲᠠ ᠶᠢᠨ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ | ᠴᠣᠭᠴᠠ ᠬᠢᠭᠡᠳ ︽4+8+N︾ ᠬᠠᠮᠲᠤᠷᠠᠯᠴᠠᠭᠠᠨ ᠤ ᠭᠤᠣᠯ ᠴᠣᠭᠴᠠ ᠶᠢᠨ ᠬᠠᠮᠲᠤᠷᠠᠯᠴᠠᠭ᠎ᠠ ᠥᠷᠨᠢᠭᠦᠯᠬᠦ ᠶᠢ | ᠠᠬᠢᠭᠤᠯᠵᠤ᠂ ᠳᠡᠭᠡᠳᠦ ᠲᠠᠰ ᠤᠨ ᠴᠢᠳᠠᠪᠤᠷᠢᠲᠠᠨ᠂ ᠨᠠᠷᠠᠲᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠤᠯᠠᠮ ᠨᠢᠭᠡ ᠠᠯᠬᠤᠮ ᠲᠠᠲᠠᠵᠤ ᠣᠷᠣᠨ ᠤ ᠲᠥᠪ ᠲᠤ ᠴᠤᠭᠯᠠᠷᠠᠭᠤᠯᠤᠨ | ᠬᠥᠭᠵᠢᠭᠦᠯᠵᠦ᠂ ᠪᠥᠬᠦ ᠬᠤᠲᠠ ᠶᠢᠨ ᠴᠢᠳᠠᠪᠤᠷᠢᠲᠠᠨ ᠢ ᠣᠷᠣᠭᠤᠯᠤᠨ ᠣᠶᠤᠨ ᠢ ᠬᠤᠷᠠᠮᠳᠤᠭᠤᠯᠤᠨ ᠨᠡᠭᠡᠭᠡᠯᠲᠡ ᠲᠠᠢ | ᠪᠣᠯᠭᠠᠬᠤ ᠪᠠᠶᠢᠷᠢᠰᠢᠯ ᠢ ᠪᠣᠶ ᠪᠣᠯᠭᠠᠪᠠ᠃ᠠᠺᠠᠳᠧᠮᠢᠴᠢ ᠲᠤᠰᠬᠠᠢ ᠮᠡᠷᠭᠡᠵᠢᠯᠲᠡᠨ ᠵᠡᠷᠭᠡ ᠳᠡᠭᠡᠳᠦ ᠲᠠᠰ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠭᠤᠣᠯᠳᠠᠯᠭ᠎ᠠ ᠲᠠᠢ ᠳᠡᠮᠵᠢᠵᠦ᠂ ᠶᠡᠭᠡ ᠳᠡᠭᠡᠳᠦ ᠰᠤᠷᠭᠠᠭᠤᠯᠢ ᠶᠢᠨ | ᠨᠠᠷᠠᠲᠤ ᠰᠤᠷᠭᠠᠭᠤᠯᠢ ᠯᠤᠭ᠎ᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠬᠠᠮᠲᠤᠪᠠᠷ ᠪᠠᠶᠢᠭᠤᠯᠵᠤ᠂ | ᠴᠢᠳᠠᠪᠤᠷᠢᠲᠠᠨ ᠤ ᠨᠢᠰᠬᠦ ᠭᠠᠵᠠᠷ ᠢ ᠪᠠᠶᠢᠭᠤᠯᠤᠨ᠂ ᠴᠢᠳᠠᠪᠤᠷᠢᠲᠠᠨ ᠡᠯᠰᠡᠵᠦ ᠣᠶᠤᠨ ᠢ ᠲᠠᠲᠠᠬᠤ ᠠᠷᠭ᠎ᠠ ᠮᠠᠶ᠋ᠢᠭ ᠤᠨ | ᠰᠢᠨ᠎ᠡ ᠶᠢ ᠡᠭᠦᠳᠴᠦ᠂ ᠵᠣᠯᠭᠠᠭᠤᠯᠤᠨ ᠬᠠᠮᠲᠤᠷᠠᠯᠴᠠᠬᠤ ᠶᠢ ᠢᠳᠡᠪᠬᠢᠲᠡᠢ ᠥᠷᠨᠢᠭᠦᠯᠦᠨ᠂ ᠡᠯ᠎ᠡ ᠬᠦᠷᠢᠶᠡᠨ ᠳᠠᠬᠢ | ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠨᠡᠶᠢᠲᠡ ᠶᠢ ᠶᠡᠬᠡᠪᠡᠷ ᠬᠥᠮᠥᠵᠢᠭᠦᠯᠦᠨ᠎ᠡ᠃ ᠣᠳᠣᠬᠠᠨ ᠳᠤ᠂ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠯᠤᠭ᠎ᠠ ︽ᠱᠠᠩᠬᠠᠢ ᠶᠢᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠢ | ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ | ᠬᠠᠮᠲᠤ ᠪᠠᠷ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠳᠤᠯᠭᠠᠨ ᠤ | ᠬᠦᠷᠢᠶᠡᠯᠡᠩ ᠪᠠ ᠥᠪᠥᠷ ᠮᠣᠩᠭᠤᠯ ᠤᠨ ᠳᠤᠮᠳᠠ ᠲᠠᠷᠢᠶᠠᠴᠢᠨ ᠤ ᠣᠲᠣ ᠦᠶ᠎ᠡ ᠶᠢᠨ ᠦᠷ᠎ᠡ ᠡᠳ᠋ ᠤᠨ ᠰᠢᠨ᠎ᠡ ᠶᠢ | ᠡᠭᠦᠳᠬᠦ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ | ᠰᠤᠷᠭᠠᠭᠤᠯᠢ ︵ᠪᠡᠭᠡᠵᠢᠩ︶ ᠲᠠᠢ ᠬᠠᠮᠲᠤ ᠪᠠᠷ ᠨᠡᠭᠦᠷᠡᠰᠦᠲᠥ᠋ᠷᠥᠭᠴᠢ ᠵᠥᠩ ᠾᠧ ᠰᠢᠨ᠎ᠡ ᠮᠠᠲ᠋ᠧᠷᠢᠶᠠᠯ ᠤᠨ | ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠲᠠᠢ ᠬᠠᠮᠲᠤ ᠪᠠᠷ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠠᠶᠢᠭᠤᠯᠵᠤ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠬᠠᠮᠲᠤ ᠪᠠᠷ ᠥᠪᠥᠷ | ᠮᠣᠩᠭᠤᠯ ᠤᠨ ᠣᠶᠤᠨᠴᠢ ᠦᠢᠯᠡᠳᠬᠦ ᠰᠤᠳᠤᠯᠭᠠᠨ ᠤ ᠬᠦᠷᠢᠶᠡᠯᠡᠩ ᠢ ᠪᠠᠶᠢᠭᠤᠯᠤᠨ᠎ᠠ᠃ᠮᠠᠨ ᠤ ᠬᠤᠲᠠ ᠳᠤ ᠨᠢᠭᠡ | ᠪᠦᠯᠦᠭ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ | ᠪᠦᠯᠬᠦᠮ ᠢ ᠲᠠᠲᠠᠨ ᠡᠭᠦᠨ ᠤ ᠬᠠᠮᠲᠤ᠂ ᠮᠠᠨ ᠤ ᠬᠤᠲᠠ ᠶᠢᠨ ᠬᠢᠨ ᠡᠯ᠎ᠡ ᠲᠥᠷᠥᠯ ᠤᠨ ᠨᠢᠭᠡᠴᠡ ᠶᠢᠨ ᠠᠺᠠᠳᠧᠮᠢᠴᠢ | ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠢ ᠢᠳᠡᠪᠬᠢᠲᠡᠢ ᠵᠣᠷᠢᠭᠵᠢᠭᠤᠯᠤᠨ ᠳᠡᠮᠵᠢᠵᠦ᠂ ᠠᠺᠠᠳᠧᠮᠢᠴᠢ | ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠪᠠᠶᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠠᠺᠠᠳᠧᠮᠢᠴᠢ ᠬᠤ ᠸᠧᠨ ᠷᠦᠢ ᠶᠢ ᠣᠷᠣᠭᠤᠯᠤᠨ ᠠᠪᠴᠢᠷᠠᠵᠤ ᠬᠠᠭᠠᠰ ᠳᠠᠮᠵᠢᠭᠤᠯᠤᠭᠴᠢ | ᠮᠠᠲ᠋ᠧᠷᠢᠶᠠᠯ ᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠶᠢ ᠪᠠᠶᠢᠭᠤᠯᠵᠤ᠂ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠵᠠᠩ ᠶᠦᠩ ᠠᠺᠠᠳᠧᠮᠢᠴᠢ ᠶᠢ ᠣᠷᠣᠭᠤᠯᠤᠨ ᠠᠪᠴᠢᠷᠠᠵᠤ ᠭᠡᠷ ᠤᠨ | ᠲᠡᠵᠢᠭᠡᠪᠦᠷᠢ ᠶᠢᠨ ᠡᠭᠦᠯᠳᠡᠷ ᠤᠨ ᠡᠬᠢ ᠪᠠᠶᠠᠯᠢᠭ ᠪᠣᠯᠣᠨ ᠬᠦᠪᠦᠷᠡᠯ ᠤᠨ ᠠᠮᠢᠳᠤ ᠪᠣᠳᠠᠰ ᠤᠨ ᠢᠨᠵᠧᠨᠧᠷᠢᠩ ᠤᠨ | ᠮᠡᠷᠭᠡᠵᠢᠯ ᠤᠨ ᠬᠠᠮᠲᠤᠷᠠᠭᠰᠠᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢ ᠪᠠᠶᠢᠭᠤᠯᠵᠤ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠤᠤ ᠫᠣᠩ ᠳ᠋ᠠ ᠠᠺᠠᠳᠧᠮᠢᠴᠢ ᠶᠢ ᠣᠷᠣᠭᠤᠯᠤᠨ | ᠠᠪᠴᠢᠷᠠᠵᠤ ᠭᠠᠵᠠᠷ ᠵᠦᠢ ᠶᠢᠨ ᠮᠡᠳᠡᠭᠡ ᠵᠠᠩᠭᠢ ᠵᠢᠴᠢ ᠭᠠᠵᠠᠷ ᠤᠨ ᠬᠡᠮᠵᠢᠯᠲᠡ ᠶᠢᠨ ᠠᠯᠤᠰ ᠰᠡᠷᠡᠯ ᠤᠨ ᠠᠺᠠᠳᠧᠮᠢᠴᠢ | ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢ ᠪᠠᠶᠢᠭᠤᠯᠪᠠ ᠁ ᠪᠠᠶᠢᠭᠤᠯᠤᠭᠰᠠᠨ ᠠᠺᠠᠳᠧᠮᠢᠴᠢ ᠲᠤᠰᠬᠠᠢ | ᠮᠡᠷᠭᠡᠵᠢᠯᠲᠡᠨ ᠤ ᠠᠵᠢᠯ ᠤᠨ ᠦᠷᠳᠡᠭᠡ ᠨᠢ ᠦᠷᠳᠡᠭᠡ ᠪᠠᠶᠢᠭᠤᠯᠤᠭᠰᠠᠨ ᠨᠢᠭᠡᠴᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠢ ᠬᠥᠮᠥᠵᠢᠭᠦᠯᠬᠦ ᠶᠢ ᠬᠦᠴᠦᠲᠡᠢ ᠠᠬᠢᠭᠤᠯᠵᠠᠢ᠃ᠴᠢᠳᠠᠪᠤᠷᠢᠲᠠᠨ ᠤ | ᠠᠴᠢᠶᠠᠯᠠᠪᠤᠷᠢ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠲᠠᠯ᠎ᠠ ᠪᠠᠷ᠂ ᠮᠠᠨ ᠤ ᠬᠤᠲᠠ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠴᠢᠶᠠᠯᠠᠪᠤᠷᠢ ᠶᠢᠨ ᠭᠤᠣᠯ ᠴᠣᠭᠴᠠ ᠶᠢᠨ | ᠪᠠᠶᠢᠷᠢ ᠰᠠᠭᠤᠷᠢ ᠶᠢ ᠲᠤᠪᠤᠶᠢᠯᠭᠠᠵᠦ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ︽ᠬᠤᠶᠠᠷ ᠳᠠᠬᠢᠨ ᠢᠶᠠᠷ | ᠨᠡᠮᠡᠭᠳᠡᠭᠦᠯᠬᠦ︾︽ᠬᠤᠶᠠᠷ ᠢ ᠳᠡᠭᠡᠭᠰᠢᠯᠡᠭᠦᠯᠬᠦ︾ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ | ᠠᠬᠤᠶᠢᠯᠠᠯ ᠤᠨ ᠪᠦᠯᠦᠭᠵᠢᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠴᠢᠳᠠᠪᠤᠷᠢᠲᠠᠨ ᠢ ᠬᠥᠮᠥᠵᠢᠭᠦᠯᠦᠨ | ᠬᠥᠭᠵᠢᠭᠦᠯᠬᠦ ᠳᠤ ᠠᠴᠢᠶᠠᠯᠠᠪᠤᠷᠢ ᠶᠢᠨ ᠲᠠᠪᠴᠠᠩ ᠬᠠᠩᠭᠠᠪᠠ᠃ᠣᠳᠣᠬᠠᠨ ᠳᠤ᠂ ᠮᠠᠨ ᠤ ᠬᠤᠲᠠ ᠨᠢᠭᠡᠨᠲᠡ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 5 ᠪᠣᠶᠢᠵᠢᠭᠤᠯᠵᠤ᠂ | 2022 ᠣᠨ ᠤ ᠡᠴᠦᠰ ᠪᠣᠯᠲᠠᠯ᠎ᠠ᠂ ᠮᠠᠨ ᠤ ᠬᠤᠲᠠ ᠳᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠨᠡᠶᠢᠲᠡ 465᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ ᠨᠡᠶᠢᠲᠡ 413 ᠪᠣᠶᠢᠵᠢᠭᠤᠯᠵᠤ᠂ ᠲᠤᠭ᠎ᠠ ᠬᠡᠮᠵᠢᠶ᠎ᠡ ᠨᠢ ᠴᠥᠮ ᠪᠥᠬᠦ ᠣᠷᠣᠨ ᠤ ᠲᠡᠷᠢᠭᠦᠨ ᠳᠤ | ᠣᠷᠣᠪᠠ᠃ᠡᠭᠦᠨ ᠤ ᠬᠠᠮᠲᠤ ᠬᠥᠲᠥᠴᠢ ᠨᠢᠷᠤᠭᠤᠪᠴᠢ ᠬᠡᠯᠪᠡᠷᠢ ᠶᠢᠨ ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ | ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠭᠤᠣᠯᠳᠠᠯᠭ᠎ᠠ ᠲᠠᠢ ᠬᠥᠲᠥᠯᠥᠨ ᠵᠢᠯᠤᠭᠤᠳᠴᠤ | ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠠᠵᠤ ᠦᠢᠯᠡᠰ ᠤᠨ ᠬᠡᠯᠬᠢᠶᠡᠨ ᠤ ︽ᠬᠡᠯᠬᠢᠶᠡᠨ ᠤ ᠡᠵᠡᠨ︾ ᠠᠵᠤ | ᠠᠬᠤᠶᠢᠯᠠᠯ ᠤᠨ ᠳᠡᠭᠡᠳᠦ ᠲᠠᠰ ᠤᠨ ᠰᠢᠨ᠎ᠡ ᠶᠢ ᠡᠭᠦᠳᠬᠦ ᠬᠦᠴᠦᠨ ᠵᠦᠢᠯ ᠢ ᠡᠮᠬᠢᠯᠡᠨ ᠨᠡᠶᠢᠯᠡᠭᠦᠯᠬᠦ ᠶᠢ | ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶᠡᠨ ᠤ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠶᠢ ᠳᠠᠶᠢᠴᠢᠯᠠᠨ᠂ ᠨᠢᠭᠡ ᠪᠦᠯᠦᠭ ᠠᠵᠤ ᠦᠢᠯᠡᠰ ᠤᠨ ᠰᠢᠨ᠎ᠡ ᠶᠢ ᠡᠭᠦᠳᠦᠨ ᠠᠳᠠᠯ ᠣᠲᠣ ᠪᠣᠯᠲᠠᠯ᠎ᠠ᠂ | ᠨᠢᠭᠡᠨᠲᠡ 19 ᠬᠤᠯᠪᠣᠭᠠᠲᠤ ᠴᠣᠭᠴᠠ ᠶᠢ ᠳᠠᠩᠰᠠᠯᠠᠭᠤᠯᠤᠨ ᠰᠢᠨ᠎ᠡ ᠶᠢ ᠡᠭᠦᠳᠦᠭᠰᠡᠨ ᠪᠠᠶᠢᠨ᠎ᠠ᠃ ᠡᠭᠦᠨ ᠠᠴᠠ | ᠭᠠᠳᠠᠨ᠎ᠠ᠂ ᠮᠠᠨ ᠤ ᠬᠤᠲᠠ ᠬᠥᠬᠡᠬᠤᠲᠠ ᠳᠤ ᠰᠠᠭᠤᠭ᠎ᠠ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠤᠨ | ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠰᠠᠶᠢᠲᠤᠷ ᠬᠡᠷᠡᠭᠯᠡᠬᠦ ᠶᠢᠨ ᠲᠥᠯᠥᠭᠡ᠂ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠤᠨ ᠠᠵᠢᠯ ᠤᠨ ᠳᠦᠷᠢᠮ ᠤᠨ ᠰᠢᠨ᠎ᠡ ᠶᠢ ᠡᠭᠦᠳᠴᠦ᠂ ᠬᠥᠬᠡᠬᠤᠲᠠ ᠳᠤ ᠰᠠᠭᠤᠭ᠎ᠠ ᠶᠡᠭᠡ | ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠯᠤᠭ᠎ᠠ ᠶᠢᠨ ᠦᠢᠯᠡᠳᠪᠦᠷᠢᠯᠡᠯ ᠳᠡᠭᠡᠳᠦ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠤᠷᠢᠳ ᠬᠤᠵᠢᠳ ᠳᠣᠲᠣᠭᠠᠳᠤ | ᠲᠠᠷᠢᠶᠠᠯᠠᠩ ᠤᠨ ᠶᠡᠭᠡ ᠰᠤᠷᠭᠠᠭᠤᠯᠢ᠂ ᠳᠣᠲᠣᠭᠠᠳᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠤᠯᠢ ᠶᠢᠨ ᠡᠷᠬᠡᠲᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠨᠢᠭᠡᠴᠡ ᠶᠢᠨ ᠦᠢᠯᠡᠴᠢᠯᠡᠭᠡᠨ ᠤ ᠵᠥᠪᠯᠡᠯᠴᠡᠭᠡᠷ ᠲᠣᠭᠲᠠᠵᠤ᠂ | 155 ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ 18 ᠰᠠᠯᠠᠭ᠎ᠠ ᠲᠠᠷᠢᠶᠠᠯᠠᠩ ᠪᠠ ᠠᠵᠤ ᠦᠢᠯᠡᠳᠪᠦᠷᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠦᠯᠬᠦᠮ ᠢ ᠠᠵᠤ ᠠᠬᠤᠶᠢᠯᠠᠯ᠂ ᠬᠥᠳᠡᠭᠡ | ᠲᠣᠰᠬᠤᠨ ᠳᠤ ᠣᠴᠢᠭᠤᠯᠵᠤ᠂ ᠦᠢᠯᠡᠳᠪᠦᠷᠢᠯᠡᠯ ᠤᠨ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ | ᠥᠷᠨᠢᠭᠦᠯᠵᠦ᠂ ᠥᠭᠦᠯᠡᠯ ᠢᠶᠠᠨ ᠡᠬᠡ ᠤᠯᠤᠰ ᠤᠨ ᠢᠶᠠᠨ ᠨᠤᠲᠤᠭ ᠳᠡᠪᠢᠰᠬᠡᠷ ᠳᠡᠭᠡᠷ᠎ᠡ ᠪᠢᠴᠢᠵᠦ᠂ ᠨᠡᠶᠢᠲᠡ 1000 | ᠭᠠᠷᠤᠢ ᠣᠷᠣᠨ ᠨᠤᠲᠤᠭ ᠤᠨ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠵᠦ᠂ 16000 ᠭᠠᠷᠤᠢ ᠬᠥᠮᠥᠨ ᠤ ᠠᠵᠢᠯ ᠣᠯᠭᠤᠯᠲᠠ ᠶᠢ ᠲᠠᠶᠢᠴᠢᠯᠠᠵᠠᠢ᠃ᠡᠭᠦᠨ ᠤ ᠬᠠᠮᠲᠤ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢᠶᠠᠷ ᠣᠷᠣᠨ ᠨᠤᠲᠤᠭ ᠤᠨ ᠠᠵᠤ | ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠭᠦᠯᠬᠦ ᠪᠠᠷ 2021 ᠣᠨ ᠳᠤ ᠮᠠᠨ ᠤ ᠬᠤᠲᠠ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ | ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠳᠡᠯᠭᠡᠭᠦᠷ ᠤᠨ ᠲᠥᠪ ︵ᠬᠥᠬᠡᠬᠤᠲᠠ︶ ᠢ ᠡᠬᠢᠯᠡᠨ ᠡᠵᠡᠩᠨᠡᠵᠦ᠂ | ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠡᠮᠦᠨᠡᠲᠦ ᠣᠷᠣᠨ ᠤ ᠪᠠᠭᠰᠢ ᠶᠢᠨ ᠶᠡᠭᠡ ᠰᠤᠷᠭᠠᠭᠤᠯᠢ | ᠵᠡᠷᠭᠡ 15 ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ ᠣᠷᠣᠭᠤᠯᠤᠨ | ᠠᠪᠴᠢᠷᠠᠵᠤ᠂ ︽ᠠᠵᠤ ᠦᠢᠯᠡᠰ ᠤᠨ ᠣᠨᠣᠰᠢᠯᠠᠯᠲᠠ ᠶᠢᠨ ᠪᠠᠶᠢᠴᠠᠭᠠᠨ ᠰᠤᠳᠤᠯᠤᠯᠲᠠ︾ ᠪᠠ ︽ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠬᠥᠬᠡᠬᠤᠲᠠ ᠶᠢᠨ ᠠᠶᠠᠯᠠᠯ︾ ᠤᠨ ᠠᠵᠢᠯᠯᠠᠭ᠎ᠠ ᠶᠢ ᠥᠷᠨᠢᠭᠦᠯᠵᠦ᠂ | ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠳᠤ ᠭᠦᠨᠵᠡᠭᠡᠶᠢᠷᠡᠨ ᠮᠡᠷᠭᠡᠵᠢᠯ ᠤᠨ ᠬᠡᠷᠡᠭᠴᠡᠭᠡ ᠶᠢ ᠠᠭᠤᠳᠠᠯᠵᠤ᠂ | ᠠᠵᠤ ᠠᠬᠤᠶᠢᠯᠠᠯ ᠤᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃2022 | ᠣᠨ ᠳᠤ ᠬᠥᠳᠡᠯᠭᠡᠬᠦ ᠬᠦᠴᠦᠨ ᠤ ᠲᠥᠪ ᠤᠨ ᠬᠢᠨ ᠬᠤᠯᠪᠣᠭᠳᠠᠯ ᠪᠦᠬᠦᠢ 13 ᠠᠵᠤ ᠠᠬᠤᠶᠢᠯᠠᠯ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠷᠥᠩᠭᠡ ᠶᠢᠨ ᠪᠡᠯᠡ ᠣᠷᠣᠭᠤᠯᠤᠯᠲᠠ ᠵᠡᠷᠭᠡ ᠲᠤᠰᠬᠠᠢ ᠮᠡᠷᠭᠡᠵᠢᠯ ᠤᠨ | ᠵᠢᠯᠣᠭᠤᠳᠤᠭᠴᠢ ᠪᠠᠭᠰᠢ ᠶᠢ ᠣᠷᠣᠭᠤᠯᠤᠨ ᠠᠪᠴᠢᠷᠠᠵᠤ ᠮᠠᠨ ᠤ ᠬᠤᠳᠠ ᠶᠢᠨ 32 ᠠᠵᠤ ᠠᠬᠤᠶᠢᠯᠠᠯ ᠳᠤ | ᠲᠥᠪᠯᠡᠷᠡᠭᠦᠯᠦᠨ ᠪᠣᠯᠪᠠᠰᠤᠷᠠᠯ ᠬᠦᠷᠲᠡᠭᠡᠬᠦ ᠶᠢᠨ ᠬᠠᠮᠲᠤ ᠵᠠᠮ ᠤᠨ ᠲᠣᠭᠯᠠᠯᠲᠠ ᠶᠢᠨ ᠤᠷᠤᠯᠳᠤᠭᠠᠨ ᠤ ᠬᠡᠯᠪᠡᠷᠢ ᠪᠠᠷ | ᠲᠦᠷᠦᠭᠦᠦ ᠪᠦᠯᠦᠭ ᠰᠢᠨ᠎ᠡ ᠶᠢ ᠡᠭᠦᠳᠬᠦ ᠦᠢᠯᠡᠰ ᠪᠣᠰᠬᠠᠬᠤ ᠴᠢᠳᠠᠪᠤᠷᠢᠲᠠᠨ ᠪᠠ ᠪᠦᠯᠬᠦᠮ ᠢ ᠰᠣᠩᠭᠤᠨ ᠭᠠᠷᠭᠠᠵᠤ᠂ | ᠬᠥᠳᠡᠯᠭᠡᠬᠦ ᠬᠦᠴᠦᠨ ᠤ ᠲᠥᠪ ᠤᠨ ᠲᠦᠷᠦᠯ ᠲᠡᠮᠳᠡᠭ ᠤᠨ ᠠᠵᠢᠯᠯᠠᠭ᠎ᠠ ᠳᠤ ᠲᠦᠰᠢᠭᠯᠡᠵᠦ᠂ ᠮᠠᠨ ᠤ ᠬᠤᠳᠠ ᠳᠤ | ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠵᠤ ᠲᠥᠪᠯᠡᠷᠡᠭᠦᠯᠪᠡ᠃ᠡᠯ᠎ᠡ | ᠲᠥᠷᠥᠯ ᠤᠨ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠵᠣᠷᠢᠭᠵᠢᠭᠤᠯᠤᠯ ᠪᠠ ᠳᠡᠮᠵᠢᠯᠭᠡ ᠳᠣᠣᠷ᠎ᠠ᠂ ᠮᠠᠨ ᠤ | ᠬᠤᠲᠠ ᠶᠢᠨ ᠰᠦᠨ ᠦᠢᠯᠡᠰ᠂ ᠡᠪᠡᠰᠦᠨ ᠤ ᠦᠢᠯᠡᠰ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ ᠤᠨ | ᠡᠮ ᠦᠢᠯᠡᠳᠬᠦ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠳᠤ ᠣᠷᠳᠣ ᠬᠤᠭᠤᠴᠠᠭ᠎ᠠ ᠪᠠᠷ | ᠲᠣᠭᠲᠠᠭᠤᠨ ᠢᠶᠠᠷ ᠬᠠᠮᠲᠤᠷᠠᠯᠴᠠᠭᠰᠠᠨ ᠤᠯᠤᠰ ᠤᠨ ᠳᠡᠭᠡᠳᠦ ᠲᠠᠰ ᠤᠨ ᠴᠢᠳᠠᠪᠤᠷᠢᠲᠠᠨ 30 ᠰᠢᠬᠠᠮ ᠪᠠᠶᠢᠨ᠎ᠠ︔ᠪᠥᠬᠦ | ᠬᠤᠲᠠ ᠳᠤ ᠣᠷᠣᠨ ᠨᠤᠲᠤᠭ ᠤᠨ ᠳᠡᠭᠡᠳᠦ ᠲᠠᠰ ᠤᠨ ᠴᠢᠳᠠᠪᠤᠷᠢᠲᠠᠨ ︵ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ︶ | ᠳᠤ ᠨᠡᠶᠢᠲᠡ 139 ᠬᠥᠮᠥᠨ ᠰᠣᠩᠭᠤᠭᠳᠠᠵᠤ᠂ 60 ᠪᠦᠯᠬᠦᠮ ᠨᠡᠶᠢᠲᠡ ᠳᠤ ᠰᠣᠩᠭᠤᠭᠳᠠᠪᠠ︔ ᠭᠤᠣᠯᠳᠠᠯᠭ᠎ᠠ ᠲᠠᠢ | ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠲᠥᠷᠥᠯ ᠵᠦᠢᠯ ᠳᠤ ᠨᠡᠶᠢᠲᠡ 500 ᠭᠠᠷᠤᠢ ᠳᠡᠭᠡᠳᠦ ᠲᠠᠰ | ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠪᠠ︔ ᠪᠥᠬᠦ ᠬᠤᠲᠠ ᠳᠤ | ᠵᠢᠯ ᠪᠦᠷᠢ ᠳᠤᠮᠳᠠᠴᠢ ᠪᠠᠷ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ 300 | ᠭᠠᠷᠤᠢ ᠬᠥᠮᠥᠨ᠂ ᠲᠤᠰᠬᠠᠢ ᠮᠡᠷᠭᠡᠵᠢᠯᠲᠡᠨ 100 ᠭᠠᠷᠤᠢ ᠬᠥᠮᠥᠨ ᠢ ᠰᠣᠩᠭᠤᠨ ᠲᠣᠮᠢᠯᠠᠨ᠎ᠠ᠃ | ᠬᠥᠲᠥᠯᠥᠭᠴᠢ᠄ | 2023 ᠣᠨ ᠤ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠨᠢ ᠶᠠᠮᠠᠷ ᠪᠣᠶ︖ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ ᠯᠢᠦ ᠪᠥᠸᠧ᠄ | | 2023 ᠣᠨ ᠳᠤ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠠᠵᠢᠯ ᠳᠤ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠮᠥᠨ ᠴᠢᠨᠠᠷ ᠪᠣᠯ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠬᠤ | ᠶᠠᠪᠤᠳᠠᠯ ᠪᠣᠯᠬᠤ ᠶᠢ ᠪᠠᠷᠢᠮᠲᠠᠯᠠᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠬᠦᠴᠦᠷᠬᠡᠭ ᠣᠷᠣᠨ ᠤ ᠲᠥᠪ︾ ᠪᠣᠯᠬᠤ ᠠᠵᠠ ᠲᠣᠬᠢᠶᠠᠯ ᠢ ᠵᠠᠪᠳᠤᠨ | ᠠᠳᠬᠤᠵᠤ᠂ ᠲᠢᠩᠬᠢᠮ ᠬᠤᠲᠠ ᠬᠤᠯᠪᠤᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠬᠤ ᠶᠢ ᠴᠢᠩᠭᠠᠳᠬᠠᠨ᠂ | ᠲᠠᠪᠴᠠᠩ᠂ ᠲᠥᠷᠥᠯ ᠵᠦᠢᠯ᠂ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠤᠲᠠ ᠶᠢᠨ ᠬᠥᠭᠵᠢᠯᠲᠡ ᠶᠢᠨ ᠴᠢᠳᠠᠪᠤᠷᠢ ᠶᠢᠨ ᠲᠠᠰ ᠤᠨ | ᠳᠡᠭᠡᠭᠰᠢᠯᠡᠯᠲᠡ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠥᠯᠥᠭᠡᠯᠡᠬᠦ ᠬᠦᠴᠦᠨ ᠪᠦᠬᠦᠢ | ᠣᠷᠣᠨ ᠪᠦᠰᠡ ᠶᠢᠨ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠪᠠ᠃︽ᠲᠠᠪᠤᠨ | ᠶᠡᠭᠡ ᠡᠭᠦᠷᠭᠡ︾᠂ ︽ᠵᠢᠷᠭᠤᠭᠠᠨ ᠶᠡᠭᠡ ᠠᠵᠤ ᠦᠢᠯᠡᠰ︾ ᠤᠨ ᠴᠢᠬᠤᠯᠠ ᠶᠡᠭᠡ ᠬᠡᠷᠡᠭᠴᠡᠭᠡ ᠪᠠᠷ ᠤᠳᠤᠷᠢᠳᠤᠮᠵᠢ | ᠪᠣᠯᠭᠠᠵᠤ᠂ ︽ᠠᠵᠤ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ ᠴᠢᠳᠠᠪᠤᠷᠢᠲᠠᠨ ᠢ ᠴᠤᠭᠯᠠᠷᠠᠭᠤᠯᠬᠤ᠂ | ᠠᠵᠤ ᠦᠢᠯᠡᠰ ᠤᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠨ ᠴᠢᠳᠠᠪᠤᠷᠢᠲᠠᠨ ᠢ ᠬᠥᠮᠥᠵᠢᠭᠦᠯᠬᠦ ᠶᠢ ᠵᠣᠬᠢᠶᠠᠨ | ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠤᠨ | ᠴᠢᠳᠠᠪᠤᠷᠢᠲᠠᠨ ᠢ ᠰᠠᠶᠢᠲᠤᠷ ᠬᠡᠷᠡᠭᠯᠡᠬᠦ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠦᠨ ᠴᠢᠳᠠᠪᠤᠷᠢᠲᠠᠨ ᠢ ᠦᠯᠡᠳᠡᠭᠡᠬᠦ︾ ᠳᠥᠷᠪᠡᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ᠂ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠴᠤᠭᠯᠠᠷᠠᠭᠤᠯᠬᠤ | ᠴᠢᠳᠠᠪᠤᠷᠢᠲᠠᠨ ᠢ ᠬᠡᠷᠡᠭᠯᠡᠬᠦ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠠᠷᠭ᠎ᠠ ᠵᠠᠮ ᠰᠢᠨ᠎ᠡ ᠠᠷᠭ᠎ᠠ ᠬᠡᠮᠵᠢᠶ᠎ᠡ ᠶᠢ ᠬᠠᠶᠢᠨ | ᠰᠦᠪᠡᠭᠴᠢᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠡᠯᠰᠡᠨ ᠤᠶᠤᠨ | ᠴᠢᠳᠠᠪᠤᠷᠢ ᠶᠢ ᠲᠠᠲᠠᠵᠤ᠂ ᠲᠡᠷᠢᠭᠦᠨ ᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠠᠮᠢ ᠠᠬᠤᠢ ᠪᠠ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠪᠠ ᠣᠷᠣᠨ | ᠨᠤᠲᠤᠭ ᠤᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠳᠤ ᠴᠢᠳᠠᠪᠤᠷᠢᠲᠠᠨ ᠤ ᠲᠦᠰᠢᠭ ᠲᠤᠯᠭᠠᠭᠤᠷᠢ | ᠬᠠᠩᠭᠠᠨ᠎ᠠ᠃ᠳᠠᠷᠠᠭᠠᠴᠢ ᠶᠢᠨ ᠠᠯᠬᠤᠮ ᠳᠤ᠂ ᠪᠦᠬᠦ ᠣᠷᠣᠨ ᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠢ ᠪᠠᠶᠢᠭᠤᠯᠬᠤ ᠣᠷᠣᠨ ᠤ ᠲᠥᠪ ᠤᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ | ᠪᠣᠯᠬᠤ ᠦᠢᠯᠡᠳᠦᠯ ᠢ ᠪᠠᠳᠠᠷᠠᠭᠤᠯᠵᠤ᠂ ᠴᠢᠳᠠᠪᠤᠷᠢᠲᠠᠨ ᠢ ᠴᠤᠭᠯᠠᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠠᠵᠤ | ᠦᠢᠯᠡᠰ ᠢ ᠬᠦᠴᠦᠷᠬᠡᠭᠵᠢᠭᠦᠯᠬᠦ ᠪᠠᠷ ᠭᠠᠷᠳᠠᠴᠠ ᠪᠣᠯᠭᠠᠵᠤ᠂ ᠲᠡᠷᠢᠭᠦᠨ ᠤ ᠲᠠᠪᠴᠠᠩ ᠢ ᠪᠠᠶᠢᠭᠤᠯᠬᠤ ᠳᠤ | ︽ᠴᠢᠳᠠᠪᠤᠷᠢᠲᠠᠨ ᠢ ᠴᠤᠭᠯᠠᠷᠠᠭᠤᠯᠬᠤ︾ ᠲᠠᠯ᠎ᠠ ᠪᠠᠷ᠂ ᠴᠢᠬᠤᠯᠠ ᠶᠡᠭᠡ ᠡᠭᠦᠷᠭᠡ ᠶᠢᠨ ︽ᠴᠢᠳᠠᠪᠤᠷᠢᠲᠠᠨ ᠬᠥᠮᠥᠵᠢᠭᠦᠯᠬᠦ︾ | ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ ︽ᠴᠢᠳᠠᠪᠤᠷᠢᠲᠠᠨ ᠢ ᠣᠷᠣᠭᠤᠯᠤᠨ ᠠᠪᠴᠢᠷᠠᠬᠤ︾ ᠪᠠᠷ ᠠᠵᠤ ᠠᠬᠤᠶᠢᠯᠠᠯ ᠤᠨ ᠦᠢᠯᠡᠳᠦᠯ ᠢ | ᠪᠠᠳᠠᠷᠠᠭᠤᠯᠵᠤ ︽ᠴᠢᠳᠠᠪᠤᠷᠢᠲᠠᠨ ᠢ ᠰᠠᠶᠢᠲᠤᠷ ᠬᠡᠷᠡᠭᠯᠡᠬᠦ︾ ᠴᠢᠳᠠᠪᠤᠷᠢᠲᠠᠨ ᠤ ᠠᠮᠢ ᠠᠬᠤᠢ ᠶᠢ | ᠰᠢᠯᠢᠳᠡᠭᠵᠢᠭᠦᠯᠬᠦ︽ᠴᠢᠳᠠᠪᠤᠷᠢᠲᠠᠨ ᠢ ᠦᠯᠡᠳᠡᠭᠡᠬᠦ︾ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠢᠨ᠎ᠡ ᠶᠢ ᠡᠭᠦᠳᠬᠦ | ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠴᠢᠳᠠᠪᠤᠷᠢᠲᠠᠨ ᠤ | ᠳᠠᠪᠠᠭᠤᠯᠢᠭ ᠢ ᠰᠢᠨ᠎ᠡ ᠶᠢ ᠡᠭᠦᠳᠬᠦ ᠳᠠᠪᠠᠭᠤᠯᠢᠭ᠂ ᠥᠷᠢᠰᠦᠯᠳᠦᠭᠡᠨ ᠤ ᠳᠠᠪᠠᠭᠤᠯᠢᠭ ᠪᠣᠯᠣᠨ ᠬᠥᠭᠵᠢᠯᠲᠡ ᠶᠢᠨ | ᠳᠠᠪᠠᠭᠤᠯᠢᠭ ᠪᠣᠯᠭᠠᠨ ᠬᠤᠪᠢᠷᠠᠭᠤᠯᠵᠤ᠂ ᠣᠷᠣᠨ ᠤ ᠲᠥᠪ ᠢ ᠪᠦᠬᠦ ᠤᠯᠤᠰ ᠤᠨ ᠨᠥᠯᠥᠭᠡᠯᠡᠬᠦ ᠬᠦᠴᠦᠨ ᠲᠠᠢ | ᠴᠢᠳᠠᠪᠤᠷᠢᠲᠠᠨ ᠤ ᠲᠥᠪ ᠪᠣᠯᠣᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠪᠣᠯᠭᠠᠨ ᠪᠠᠶᠢᠭᠤᠯᠬᠤ ᠶᠢ ᠲᠦᠷᠭᠡᠳᠬᠡᠵᠦ᠂ | ︽ᠬᠤᠶᠠᠷ ᠶᠡᠭᠡ ᠶᠠᠪᠤᠳᠠᠯ︾ᠪᠣᠯᠣᠨ ᠬᠦᠴᠦᠷᠬᠡᠭ ᠣᠷᠣᠨ ᠤ ᠲᠥᠪ ᠢ ᠪᠡᠶᠡᠯᠡᠭᠦᠯᠬᠦ ᠳᠤ ᠪᠠᠲᠤ ᠴᠢᠩᠭ᠎ᠠ | ᠴᠢᠳᠠᠪᠤᠷᠢᠲᠠᠨ ᠤ ᠪᠠᠲᠤᠯᠠᠭ᠎ᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ᠬᠠᠮᠢᠶᠠᠷᠤᠭᠴᠢ᠄ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭᠠᠨ ᠤ ᠳᠠᠷᠤᠭ᠎ᠠ ᠯᠢᠦ | ᠪᠥᠸᠧ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭᠠᠨ ᠤ ᠵᠠᠩ ᠹᠠᠩ ᠰᠠᠯᠠᠭᠠᠨ ᠳᠠᠷᠤᠭ᠎ᠠ ᠳᠤ | ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃ | |