| ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠳᠤ | ᠲᠤᠯᠭᠠᠷᠠᠵᠤ ᠪᠠᠶᠢᠭ᠎ᠠ ᠲᠣᠪᠣᠶᠢᠮ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ ᠲᠦᠷᠦᠭᠦᠬᠡᠨ ᠨᠡᠶᠢᠲᠡᠯᠡᠭᠰᠡᠨ | ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠳᠤ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠵᠠᠢ᠃ ᠡᠭᠦᠨ ᠤ ᠵᠣᠷᠢᠯᠭ᠎ᠠ ᠨᠢ ᠴᠢᠩᠭ᠎ᠠ ᠬᠢᠨᠠᠨ ᠬᠠᠮᠢᠶᠠᠷᠴᠤ᠂ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠣᠷ ᠢ | ᠪᠠᠲᠤ ᠪᠠᠬᠢ ᠪᠥᠭᠡᠳ ᠨᠢᠭᠲᠠ ᠰᠦᠯᠵᠢᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠶᠠᠭᠠᠬᠢᠭᠰᠠᠨᠴᠤ | ︽ᠲᠠᠩᠰᠤᠭ ᠯᠠᠮᠠ ᠶᠢᠨ ᠮᠢᠬ᠎ᠠ︾ ᠪᠣᠯᠭᠠᠬᠤ ᠦᠭᠡᠢ ᠶᠢᠨ ᠲᠥᠯᠥᠭᠡ ᠶᠤᠮ᠃ ᠡᠭᠦᠨ ᠢ ᠰᠤᠷᠪᠤᠯᠵᠢᠯᠠᠭᠴᠢ 9 ᠤ | ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠰᠣᠨᠢᠨ ᠮᠡᠳᠡᠭᠡᠨ ᠤ | ᠵᠤᠷᠰᠢᠯᠲᠤ ᠬᠤᠷᠠᠯ ᠠᠴᠠ ᠣᠶᠢᠯᠠᠭᠠᠵᠠᠢ᠃ | ᠰᠠᠨᠠᠯ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ | ᠡᠷᠴᠢᠮ ᠢ ᠴᠢᠩᠭᠠᠷᠠᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ | ᠨᠠᠶᠢᠳᠠᠪᠤᠷᠢᠵᠢᠭᠤᠯᠤᠨ᠂ ᠰᠠᠭᠤᠷᠢ ᠮᠥᠩᠭᠦ ᠶᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠣᠯᠠᠨ ᠵᠦᠢᠯ ᠤᠨ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠢᠨᠠᠨ ᠬᠠᠮᠢᠶᠠᠷᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ | ᠲᠣᠳᠣᠷᠬᠠᠢ᠂ ᠴᠢᠩᠭ᠎ᠠ ᠬᠦᠴᠦᠲᠡᠢ᠂ ᠠᠮᠤᠷ ᠲᠦᠪᠰᠢᠨ ᠪᠥᠭᠡᠳ ᠵᠢᠷᠤᠮᠵᠢᠭᠤᠨ᠂ ᠬᠠᠤᠯᠢᠵᠢᠭᠰᠠᠨᠥᠨᠳᠥᠷ | ᠪᠦᠲᠦᠮᠵᠢᠲᠡᠶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡᠶᠢᠨ ᠪᠠᠶᠢᠩᠭᠤᠵᠢᠭᠰᠠᠨ ᠬᠢᠨᠠᠨ | ᠬᠠᠮᠢᠶᠠᠷᠬᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ ᠭᠡᠵᠦ ᠲᠣᠳᠣᠷᠬᠠᠶᠢᠯᠠᠵᠠᠢ᠃ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠠᠨ ᠴᠢᠩ ᠬᠤᠶ | ᠲᠠᠨᠢᠯᠴᠠᠭᠤᠯᠬᠤ ᠳᠤ ᠪᠠᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠳᠣᠣᠷᠠᠬᠢ ᠳᠥᠷᠪᠡᠨ | ᠲᠠᠯ᠎ᠠ ᠪᠠᠷ ᠰᠠᠨᠠᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ᠄ | ᠨᠢᠭᠡ ᠳᠤ᠂ ᠣᠶᠤᠨᠴᠢ ᠬᠢᠨᠠᠨ ᠡᠵᠡᠮᠳᠡᠯ ᠢ ᠪᠣᠳᠠᠲᠠᠶᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠤᠨ᠎ᠠ᠃ | ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠶᠤᠨᠴᠢ ᠬᠢᠨᠠᠨ ᠬᠠᠷᠭᠤᠭᠤᠯᠤᠯᠲᠠ ᠪᠠ ᠬᠢᠨᠠᠨ ᠡᠵᠡᠮᠳᠡᠯ ᠢ | ᠪᠦᠬᠦ ᠲᠠᠯ᠎ᠠ ᠪᠠᠷ ᠠᠬᠢᠭᠤᠯᠬᠤ ᠲᠤᠬᠠᠢ ᠮᠡᠳᠡᠭᠳᠡᠯ︾ ᠢ ᠰᠤᠳᠤᠯᠤᠨ ᠨᠡᠶᠢᠲᠡᠯᠡᠵᠦ᠂ 2023 ᠣᠨ ᠤ | ᠰᠡᠭᠦᠯᠴᠢ ᠡᠴᠠᠡᠮᠦᠨᠡ ᠣᠶᠤᠨᠴᠢ ᠬᠢᠨᠠᠨ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠢ ᠪᠣᠶ ᠪᠦᠬᠦᠢ ᠨᠢᠭᠡᠳᠦᠯᠲᠡᠢ | ᠲᠥᠯᠥᠪᠯᠡᠬᠦ ᠣᠷᠣᠨ ᠳᠤ ᠬᠠᠮᠤᠷᠤᠭᠤᠯᠬᠤ ᠶᠢ ᠪᠡᠶᠡᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠳ᠋ᠦᠩᠨᠡᠨ ᠪᠤᠳᠤᠭᠰᠠᠨ | ᠲᠤᠭ᠎ᠠ ᠪᠠᠷᠢᠮᠲᠠ ᠳᠤ ᠪᠥᠬᠦ ᠲᠠᠯ᠎ᠠ ᠶᠢᠨ ᠣᠶᠤᠨᠴᠢ ᠬᠢᠨᠠᠨ ᠬᠠᠷᠭᠤᠭᠤᠯᠤᠯᠲᠠ ᠶᠢ ᠥᠷᠨᠢᠭᠦᠯᠵᠦ᠂ ᠪᠥᠬᠦ ᠤᠯᠤᠰ ᠤᠨ | ᠣᠶᠤᠨᠴᠢ ᠬᠢᠨᠠᠨ ᠡᠵᠡᠮᠳᠡᠯ ᠤᠨ ︽ᠪᠦᠷᠢᠨ ᠲᠣᠣᠷ ᠰᠦᠯᠵᠢᠶ᠎ᠡ︾ ᠶᠢ ᠠᠩᠬ᠎ᠠ ᠠᠯᠬᠤᠮ ᠪᠦᠷᠢᠯᠳᠦᠭᠦᠯᠵᠦ᠂ ᠲᠣᠮᠣ | ᠳ᠋ᠠᠶᠢᠲ᠋ᠠ ᠶᠢᠨ ᠬᠡᠷᠡᠭᠯᠡᠭᠡᠨ ᠤ ᠲᠤᠷᠰᠢᠯᠲᠠ ᠶᠢᠨ ᠠᠵᠢᠯ ᠲᠠᠢ ᠤᠶᠠᠯᠳᠤᠭᠤᠯᠤᠨ᠂ ᠬᠡᠷᠡᠭ ᠤᠨ ᠡᠮᠦᠨ᠎ᠡ ᠰᠠᠨᠠᠭᠤᠯᠬᠤ᠂ | ᠬᠡᠷᠡᠭ ᠤᠨ ᠳᠤᠮᠳᠠ ᠤᠷᠢᠳᠴᠢᠯᠠᠨ ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠬᠢᠨᠠᠨ ᠡᠵᠡᠮᠳᠡᠬᠦ ᠪᠥᠬᠦ ᠴᠤᠪᠤᠷᠠᠯ ᠤᠨ | ᠬᠢᠨᠠᠯᠲᠠ ᠬᠠᠮᠢᠶᠠᠷᠤᠯᠲᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠯᠲᠡ ᠶᠢᠨ | ᠱᠤᠭᠤᠮ ᠢ ᠪᠠᠶᠢᠭᠤᠯᠤᠨ᠎ᠠ᠃ | ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠰᠲ᠋ᠧᠮ ᠲᠠᠢ ᠳ᠋ᠦᠩᠨᠡᠭᠰᠡᠨ ᠰᠠᠭᠤᠷᠢᠨ ᠳᠡᠭᠡᠷ᠎ᠡ᠂ | ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠵᠤ᠂ ᠲᠡᠭᠦᠨ ᠤ ᠳᠣᠲᠣᠷᠠᠬᠢ ᠵᠠᠷᠢᠮ ᠵᠠᠷᠴᠢᠮ ᠤᠨ ᠴᠢᠨᠠᠷᠲᠠᠢ᠂ | ᠡᠷᠬᠡ ᠣᠯᠭᠤᠬᠤ ᠴᠢᠨᠠᠷᠲᠠᠢ ᠲᠣᠭᠲᠠᠭᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ | ᠴᠢᠨᠠᠷ ᠢ ᠴᠢᠩᠭᠠᠷᠠᠭᠤᠯᠤᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠦᠨᠳᠦᠰᠦ | ᠪᠠᠷᠢᠮᠲᠠ ᠶᠢ ᠨᠠᠩ ᠪᠦᠷᠢᠨᠰᠢᠭᠦᠯᠬᠦ ᠶᠢ ᠠᠬᠢᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ | ᠦᠨᠡᠨ ᠬᠦ ᠪᠠᠲᠤᠯᠠᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠎ᠠ᠃ | ᠭᠤᠷᠪᠠ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠨ ᠦᠨᠡᠯᠡᠬᠦ ᠳᠦᠷᠢᠮ ᠢ ᠰᠠᠶᠢᠲᠤᠷ ᠬᠡᠷᠡᠭᠯᠡᠨ᠎ᠡ᠃ ᠰᠠᠨᠠᠯ ᠳᠤ ᠲᠣᠭᠲᠠᠭᠠᠭᠰᠠᠨ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠨ ᠦᠨᠡᠯᠡᠬᠦ ᠳᠦᠷᠢᠮᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠱᠠᠲᠤᠨ ᠤ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠᠶᠢᠨ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠬᠦ᠂ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠬᠢᠨᠠᠯᠲᠠ ᠬᠠᠮᠢᠶᠠᠷᠤᠯᠲᠠ ᠶᠢᠨ | ᠪᠠᠶᠢᠷᠢᠯᠠᠭᠤᠯᠤᠯᠲᠠ ᠶᠢ ᠪᠠᠶᠢᠭᠤᠯᠬᠤ ᠶᠢ ᠠᠬᠢᠭᠤᠯᠵᠤ᠂ ᠶᠡᠷᠦᠩᠬᠡᠶᠢᠯᠡᠨ ᠦᠨᠡᠯᠡᠬᠦ ︽ᠳᠣᠬᠢᠭᠤᠷ︾ ᠤᠨ ᠦᠢᠯᠡᠳᠦᠯ ᠢ | ᠪᠦᠲᠦᠮᠵᠢᠲᠡᠶ ᠪᠠᠳᠠᠷᠠᠭᠤᠯᠤᠨ᠎ᠠ᠃ | ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠵᠥᠪ ᠪᠤᠷᠤᠭᠤ ᠬᠤᠶᠠᠷ | ᠲᠠᠯ᠎ᠠ ᠶᠢᠨ ᠨᠡᠶᠢᠲᠡᠯᠢᠭ ᠵᠢᠱᠢᠶ᠎ᠡ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ | ᠴᠢᠩᠭ᠎ᠠ ᠵᠠᠯᠬᠠᠭᠠᠨᠰᠢᠢᠳᠬᠡᠵᠦ᠂ ᠴᠠᠭ ᠲᠤᠬᠠᠢ ᠳᠤ ᠨᠢ ᠢᠯᠡᠴᠢᠯᠡᠵᠦ᠂ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠢ | ᠪᠠᠳᠠᠷᠠᠭᠤᠯᠬᠤ ᠬᠡᠷᠡᠭᠲᠡᠢ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠲᠣᠭᠲᠠᠭᠠᠯ ᠳᠤ ᠨᠡᠶᠢᠴᠡᠭᠦᠯᠦᠨ | ᠬᠡᠷᠡᠭᠯᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠳᠤ ᠵᠥᠪ ᠲᠠᠯ᠎ᠠ ᠶᠢᠨ ᠤᠬᠠᠭᠤᠯᠭ᠎ᠠ ᠬᠢᠬᠦ ᠶᠢ ᠴᠢᠩᠭᠠᠳᠬᠠᠵᠤ᠂ ᠵᠥᠪ | ᠴᠢᠭᠯᠡᠯ ᠤᠨ ᠤᠷᠮᠠᠰᠢᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ |