ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ 21 ᠲᠦᠮᠡ +
ᠨᠡᠶᠢᠲᠡᠯᠡᠭᠰᠡᠨ ᠴᠠᠭ᠄
2023/12/1
       ᠮᠠᠨ ᠤ ᠣᠷᠣᠨ ᠤ 2024 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠳᠤ ᠨᠡᠷ᠎ᠡ ᠮᠡᠳᠡᠭᠦᠯᠬᠦ ᠠᠵᠢᠯ 11 ᠰᠠᠷ᠎ᠠ ᠶᠢᠨ 27 ᠤ ᠡᠳᠦᠷ ᠳᠠᠭᠤᠰᠴᠤ᠂ ᠨᠡᠶᠢᠲᠡ 10333 ᠬᠥᠮᠥᠨ ᠢ ᠡᠯᠰᠡᠵᠦ᠂ ᠪᠦᠭᠦ ᠣᠷᠣᠨ ᠳᠤ 21 ᠲᠦᠮᠡᠨ ᠬᠥᠮᠥᠨ ᠨᠡᠷ᠎ᠡ ᠮᠡᠳᠡᠭᠦᠯᠵᠦ᠂ ᠠᠵᠢᠯ ᠤᠨ ᠪᠠᠶᠢᠷᠢ ᠶᠢᠨ ᠥᠷᠢᠰᠦᠯᠳᠦᠭᠡᠨ ᠤ ᠬᠠᠷᠢᠴᠠᠯ 1᠄ 20 ᠳᠤ ᠬᠦᠷᠴᠦ᠂ ᠠᠵᠢᠯᠲᠠᠨ ᠡᠯᠰᠡᠬᠦ ᠬᠥᠮᠥᠨ ᠤ ᠲᠤᠭ᠎ᠠ ᠪᠠ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠲᠥᠷᠥᠯ ᠬᠤᠪᠢᠶᠠᠭᠰᠠᠨ ᠪᠢᠷ ᠤᠨ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ ᠶᠢ 2023 ᠣᠨ ᠤ 12  ᠰᠠᠷ᠎ᠠ ᠶᠢᠨ 17 ᠤ ᠡᠳᠦᠷ ᠪᠦᠭᠦ ᠣᠷᠣᠨ ᠤ 12 ᠠᠶᠢᠮᠠᠭ ᠬᠤᠲᠠ ᠶᠢᠨ ᠰᠢᠯᠭᠠᠯᠲᠠ ᠶᠢᠨ ᠲᠣᠭᠤᠷᠢᠭ ᠲᠤ ᠵᠡᠷᠭᠡ ᠪᠠᠷ ᠥᠷᠨᠢᠭᠦᠯᠬᠦ ᠪᠠᠷ ᠲᠥᠯᠥᠪᠯᠡᠵᠦ᠂ ᠠᠩᠬᠠᠨ ᠤ ᠡᠭᠡᠯᠵᠢ ᠶᠢᠨ ᠢᠯᠡ ᠪᠠᠷ ᠠᠵᠢᠯᠲᠠᠨ ᠡᠯᠰᠡᠬᠦ ᠠᠵᠢᠯ ᠢ 2024 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃            ᠲᠣᠰ ᠤᠳᠠᠭᠠᠨ ᠤ ᠢᠯᠡ ᠪᠠᠷ ᠠᠵᠢᠯᠲᠠᠨ ᠡᠯᠰᠡᠬᠦ ᠠᠵᠢᠯ ᠳᠤ ᠭᠤᠣᠯᠳᠠᠭᠤ ᠳᠣᠣᠷᠠᠬᠢ ᠬᠡᠳᠦᠨ ᠣᠨᠴᠠᠯᠢᠭ ᠲᠠᠢ᠄          ᠨᠢᠭᠡ ᠳᠤ᠂ ᠰᠢᠯᠭᠠᠯᠲᠠ ᠶᠢᠨ ᠴᠠᠭ ᠤᠷᠢᠳᠴᠢᠯᠠᠪᠠ          ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠲᠦᠷᠭᠡᠳᠬᠡᠨ ᠰᠤᠯᠠᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠡᠭᠦᠰᠬᠦ ᠤᠯᠠᠷᠢᠯ ᠳᠤ ᠨᠠᠩ ᠣᠯᠠᠨ ᠰᠣᠩᠭᠤᠯᠲᠠ ᠬᠢᠬᠦ ᠲᠣᠭᠢᠶᠠᠯ ᠲᠠᠢ ᠪᠤᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠢ ᠥᠩᠭᠡᠷᠡᠭᠰᠡᠨ ᠤ ᠵᠤᠷᠰᠢᠯ ᠢ ᠡᠪᠳᠡᠵᠦ᠂ ᠲᠣᠰ ᠵᠢᠯ ᠤᠨ ᠳᠡᠭᠡᠷ᠎ᠡ ᠬᠠᠭᠠᠰ ᠵᠢᠯ ᠳᠤ ᠬᠢᠵᠦ ᠵᠢᠯ ᠤᠨ ᠡᠴᠦᠰ ᠲᠤ ᠳᠠᠭᠤᠰᠬᠠᠬᠤ ᠠᠷᠭ᠎ᠠ ᠬᠢᠳᠡᠯ ᠢᠶᠠᠨ ᠬᠤᠪᠢᠷᠠᠭᠤᠯᠵᠤ᠂ 2024 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠰᠢᠯᠭᠠᠯᠲᠠ ᠶᠢ 2023 ᠣᠨ ᠤ ᠡᠴᠦᠰ ᠲᠤ ᠤᠷᠢᠳᠴᠢᠯᠠᠨ ᠵᠣᠬᠢᠶᠠᠨ ᠪᠠᠶᠢᠭᠤᠯᠪᠠ᠃          ᠬᠤᠶᠠᠷ ᠲᠤ᠂ ᠠᠵᠢᠯ ᠤᠨ ᠪᠠᠶᠢᠷᠢ ᠶᠢ ᠰᠤᠯᠠᠯᠠᠬᠤ ᠶᠢ ᠨᠡᠮᠡᠭᠳᠡᠭᠦᠯᠪᠡ          ᠣᠷᠣᠨ ᠲᠤᠭ᠎ᠠ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠶᠢᠨ ᠲᠥᠯᠥᠭᠡ᠂ 2024 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠠᠴᠠ ᠪᠠᠨ ᠠᠮᠠᠷᠠᠬᠤ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠳᠤ ᠬᠡᠷᠡᠭᠯᠡᠵᠦ᠂ ᠨᠡᠶᠢᠭᠡᠮ ᠨᠡᠶᠢᠲᠡ ᠠᠴᠠ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠠᠵᠢᠯ ᠦᠢᠯᠡᠰ ᠤᠨ ᠨᠢᠭᠡᠴᠢ ᠶᠢᠨ ᠬᠤᠭᠤᠰᠤᠨ ᠠᠵᠢᠯ ᠤᠨ ᠪᠠᠶᠢᠷᠢ ᠳᠤ 10333 ᠬᠥᠮᠥᠨ ᠤᠷᠢᠵᠤ᠂ ᠮᠠᠨ ᠤ ᠣᠷᠣᠨ ᠤ ᠠᠵᠢᠯᠲᠠᠨ ᠡᠯᠰᠡᠬᠦ ᠬᠥᠮᠥᠨ ᠤ ᠲᠤᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠪᠡ᠃            ᠭᠤᠷᠪᠠ ᠳᠤ᠂ ᠰᠢᠯᠭᠠᠯᠲᠠ ᠶᠢᠨ ᠡᠬᠢ ᠪᠠᠶᠠᠯᠢᠭ ᠢ ᠨᠡᠶᠢᠳᠬᠡᠪᠡ          ᠤᠷᠢᠨ ᠡᠯᠰᠡᠬᠦ ᠡᠷᠬᠡ ᠮᠡᠳᠡᠯ ᠢ ᠳᠣᠷᠣᠭᠰᠢ ᠪᠠᠭᠤᠯᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠳᠥᠷᠪᠡᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠡᠯᠰᠡᠬᠦ ᠪᠢᠷ ᠤᠨ ᠰᠢᠯᠭᠠᠯᠲᠠ ᠶᠢᠨ ᠬᠠᠮᠲᠤᠷᠠᠨ ᠰᠢᠯᠭᠠᠬᠤ ᠲᠠᠪᠴᠠᠩ ᠢ ᠪᠠᠶᠢᠭᠤᠯᠵᠤ᠂ ᠰᠢᠯᠭᠠᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠰᠢᠯᠭᠠᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ ᠤᠷᠢᠨ ᠡᠯᠰᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠷᠢᠨ ᠡᠯᠰᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠨ᠂ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠡᠯᠰᠡᠬᠦ ᠠᠵᠢᠯ ᠤᠨ ᠳᠤᠮᠳᠠᠬᠢ ᠰᠡᠳᠦᠪ ᠭᠠᠷᠭᠠᠬᠤ ᠳᠤ ᠬᠦᠴᠢᠷ᠂ ᠵᠣᠬᠢᠶᠠᠨ ᠪᠠᠶᠢᠭᠤᠯᠬᠤ ᠳᠤ ᠬᠦᠴᠢᠷ ᠠᠰᠠᠭᠤᠳᠠᠯ ᠢ ᠴᠢᠭᠯᠡᠭᠦᠯᠬᠦ ᠴᠢᠨᠠᠷᠲᠠᠢ ᠪᠠᠷ ᠰᠢᠢᠳᠪᠦᠷᠢᠯᠡᠵᠦ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃            ᠳᠥᠷᠪᠡ ᠳᠤ᠂  ᠦᠨᠳᠦᠰᠦᠨ ᠱᠠᠲᠤᠨ ᠤ ᠤᠳᠤᠷᠢᠳᠤᠮᠵᠢ ᠶᠢ ᠪᠤᠢ ᠪᠣᠯᠭᠠᠪᠠ      ᠬᠢᠯᠢ ᠶᠢᠨ ᠬᠤᠰᠢᠭᠤ ᠬᠤᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠲᠤᠰᠬᠠᠢ ᠲᠠᠯᠠᠪᠠᠢ ᠡᠯᠰᠡᠨ ᠤᠷᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ 2423 ᠬᠥᠮᠥᠨ ᠡᠯᠰᠡᠬᠦ ᠪᠠᠷ ᠪᠤᠶ᠃ ᠰᠤᠷᠤᠯᠭ᠎ᠠ ᠶᠢᠨ ᠨᠠᠮᠲᠠᠷ᠂ ᠨᠠᠰᠤ ᠵᠢᠯ᠂ ᠲᠤᠰᠬᠠᠢ ᠮᠡᠷᠭᠡᠵᠢᠯ ᠢ ᠠᠭᠤᠵᠢᠭᠤ ᠲᠠᠯᠪᠢᠬᠤ ᠪᠠ ᠵᠣᠬᠢᠬᠤ ᠲᠣᠭᠠᠨ ᠤ ᠠᠵᠢᠯ ᠤᠨ ᠪᠠᠶᠢᠷᠢ ᠭᠠᠷᠭᠠᠨ ᠲᠤᠰ ᠬᠤᠰᠢᠭᠤ ᠰᠢᠶᠠᠨ ᠪᠤᠶᠤ ᠡᠷᠭᠢᠨ ᠲᠣᠭᠤᠷᠢᠨ ᠤ ᠬᠤᠰᠢᠭᠤ ᠰᠢᠶᠠᠨ ᠤ ᠡᠷᠦᠭᠡ ᠠᠮᠠ ᠶᠢᠨ ᠬᠠᠷᠢᠶ᠎ᠠ (ᠪᠤᠶᠤ ᠰᠤᠷᠤᠬᠴᠢ ᠶᠢᠨ ᠢᠷᠡᠯᠲᠡ) ᠲᠠᠢ ᠬᠥᠮᠥᠰ ᠠᠴᠠ ᠠᠵᠢᠯᠲᠠᠨ ᠡᠯᠰᠡᠵᠡᠢ;ᠰᠢᠯᠭᠠᠯᠲᠠ ᠡᠬᠢᠯᠡᠬᠦ ᠬᠠᠷᠢᠴᠠᠯ ᠢ ᠵᠣᠬᠢᠰᠲᠠᠢ ᠪᠠᠭᠤᠷᠠᠭᠤᠯᠬ ᠬᠠᠷᠢᠴᠠᠯ ᠢ ᠲᠣᠬᠢᠷᠠᠭᠤᠯᠬᠤ ᠦᠭᠡᠢ᠂ ᠬᠢᠷᠢ ᠪᠦᠲᠦᠮᠵᠢ ᠶᠢᠨ ᠬᠢᠷᠢ ᠲᠡᠩᠴᠡᠬᠦ ᠱᠣ ᠪᠤᠶᠤ ᠰᠢᠯᠭᠠᠯᠲᠠ ᠡᠭᠢᠯᠡᠭᠦᠤᠭᠤᠮ ᠢ ᠵᠠᠭᠠᠭᠯᠠᠨ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠬᠤᠭᠤᠰᠤᠨ ᠠᠵᠢᠯ ᠤᠨ ᠪᠠᠶᠢᠷᠢ ᠶᠢ ᠴᠠᠭ ᠲᠤᠬᠠᠢ ᠳᠤᠨᠢ ᠨᠥᠬᠦᠪᠦᠷᠢᠯᠡᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠳᠤ ᠣᠴᠢᠵᠤ ᠠᠵᠢᠯᠯᠠᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠪᠠ᠃ ᠲᠣᠰ ᠤᠳᠠᠭᠠᠨ ᠤ ᠰᠢᠯᠭᠠᠯᠲᠠ ᠳᠤ ᠠᠵᠢᠯᠲᠠᠨ ᠡᠯᠰᠡᠬᠦ ᠨᠥᠬᠦᠴᠡᠯ ᠢ ᠠᠭᠤᠵᠢᠭᠤ ᠪᠤᠯᠭᠠᠬᠰᠠᠨ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠳᠤ ᠬᠠᠮᠤᠭ ᠤᠨ ᠳᠣᠣᠷ᠎ᠠ ᠦᠢᠯᠡᠴᠢᠯᠡᠭᠡᠨ ᠤ ᠵᠢᠯ ᠬᠤᠭᠤᠴᠠᠭ᠎ᠠ ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠦᠨᠳᠦᠰᠦᠨ ᠱᠠᠲᠤᠨ ᠳᠤ ᠦᠯᠡᠳᠡᠭᠡᠨ ᠦᠨᠳᠦᠰᠦᠨ ᠱᠠᠲᠤᠨ ᠳᠤ ᠦᠨᠳᠦᠰᠦᠯᠡᠭᠦᠯᠬᠦ ᠪᠠᠷ ᠴᠢᠷᠮᠠᠶᠢᠪᠠ᠃        ᠲᠠᠪᠤ ᠳᠤ᠂ ᠲᠤᠰᠬᠠᠢ ᠲᠥᠷᠥᠯ ᠤᠨ ᠡᠯᠰᠡᠯᠲᠡ ᠶᠢ ᠬᠡᠷᠡᠭᠵᠢᠭᠦᠯᠪᠡ            ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠭᠦ ᠣᠷᠣᠨ ᠤ ᠠᠵᠢᠯ ᠦᠢᠯᠡᠰ ᠤᠨ ᠨᠢᠭᠡᠴᠢ ᠢᠯᠡ ᠪᠠᠷ ᠠᠵᠢᠯᠲᠠᠨ ᠤᠷᠢᠨ ᠡᠯᠰᠡᠬᠦ ᠳᠡᠭᠡᠨ ᠵᠣᠬᠢᠬᠤ ᠲᠣᠭᠠᠨ ᠤ ᠠᠵᠢᠯ ᠤᠨ ᠪᠠᠶᠢᠷᠢ ᠭᠠᠷᠭᠠᠵᠤ ᠦᠢᠯᠡᠴᠢᠯᠡᠬᠦ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠲᠥᠷᠥᠯ ᠵᠦᠢᠯ ᠤᠨ ᠬᠥᠮᠥᠰ (ᠴᠡᠷᠢᠭ ᠤᠨ ᠠᠯᠪᠠ ᠠᠴᠠ ᠪᠠᠭᠤᠭᠰᠠᠨ ᠣᠶᠤᠲᠠᠨ ᠪᠠᠭᠲᠠᠨ᠎ᠠ)᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠵᠡᠮᠳᠡᠭ ᠬᠥᠮᠥᠨ᠂ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ᠂ ᠰᠢᠯᠢᠳᠡᠭ ᠭᠠᠴᠠᠭ᠎ᠠ ᠲᠣᠰᠬᠤᠨ (ᠨᠡᠶᠢᠭᠡᠮ ᠲᠣᠭᠤᠷᠢᠭ) ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠡᠷᠭᠡ ᠳᠤ ᠬᠠᠨᠳᠤᠭᠤᠯᠤᠨ ᠲᠤᠰᠬᠠᠶᠢᠯᠠᠨ ᠤᠷᠢᠨ ᠡᠯᠰᠡᠪᠡ᠃ ᠡᠭᠦᠨ ᠳᠤ᠄ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠬᠥᠮᠥᠰ ᠠᠴᠠ 3907 ᠬᠥᠮᠥᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠴᠠ 4019 ᠬᠥᠮᠥᠨ᠂ ᠵᠡᠮᠳᠡᠭᠴᠦᠳ ᠠᠴᠠ 19 ᠬᠥᠮᠥᠨ᠂  ᠴᠡᠷᠢᠭ ᠠᠴᠠ ᠬᠠᠯᠠᠭᠳᠠᠭᠰᠠᠳ ᠠᠴᠠ 13 ᠬᠥᠮᠥᠨ᠂ ᠰᠢᠯᠢᠳᠡᠭ ᠭᠠᠴᠠᠭ᠎ᠠ ᠲᠣᠰᠬᠤᠨ (ᠨᠡᠶᠢᠭᠡᠮ ᠲᠣᠭᠤᠷᠢᠭ) ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠴᠠ 62 ᠬᠥᠮᠥᠨ ᠢ ᠤᠷᠢᠨ ᠡᠯᠰᠡᠵᠡᠢ᠃        ᠵᠢᠷᠭᠤᠭ᠎ᠠ ᠳᠤ᠂ ︽ᠠᠵᠢᠯᠲᠠᠨ ᠡᠯᠰᠡᠬᠦ ᠰᠢᠭᠤᠳ ᠨᠡᠪᠲᠡᠷᠡᠬᠦ ᠵᠠᠮ︾ ᠭᠠᠷᠭᠠᠪᠠ      ᠪᠦᠭᠦ ᠣᠷᠣᠨ ᠪᠢᠷ ᠤᠨ ᠰᠢᠯᠭᠠᠯᠲᠠ ᠬᠢᠬᠦ ᠦᠭᠡᠢ ᠪᠠᠷ ᠰᠢᠭᠤᠳ ᠨᠢᠭᠤᠷᠲᠠᠨ ᠰᠢᠯᠭᠠᠬᠤ ᠠᠷᠭ᠎ᠠ ᠭᠡᠯᠪᠡᠷᠢ ᠪᠠᠷ ᠳᠠᠮᠵᠢᠭᠤᠯᠤᠨ᠂ ᠳᠡᠭᠡᠳᠦ ᠳᠡᠰ ᠳᠠᠪᠬᠤᠷᠭ᠎ᠠ ᠶᠢᠨ ᠪᠠ ᠪᠠᠴᠢᠮ ᠱᠠᠭᠠᠷᠳᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ 267 ᠴᠢᠳᠠᠪᠤᠷᠢᠲᠠᠨ ᠢ ᠤᠷᠢᠨ ᠡᠯᠰᠡᠪᠡ᠃ ᠡᠭᠦᠨ ᠳᠤ᠄ ᠳ᠋ᠣᠺᠲ᠋ᠣᠷᠠᠨᠲ ᠠᠴᠠ 228 ᠬᠥᠮᠥᠨ᠂ ᠳᠡᠳ᠋ ᠳᠡᠭᠡᠳᠦ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠠᠴᠠ 39 ᠬᠥᠮᠥᠨ ᠡᠯᠰᠡᠵᠡᠢ᠃      ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ      ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号