︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠰᠤᠷᠭᠠᠭᠤᠯᠢ ᠶᠢᠨ ᠬᠦᠷᠢᠶᠡᠨ ᠳᠤ ᠬᠠᠤᠯᠢ ᠲᠦᠭᠡᠮᠡᠯᠵᠢᠭᠦᠯᠪᠡ
ᠨᠡᠶᠢᠲᠡᠯᠡᠭᠰᠡᠨ ᠴᠠᠭ᠄
2023/12/11
     ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠰᠣᠶᠣᠯ ᠢ ᠪᠠᠶᠢᠭᠤᠯᠬᠤ ᠶᠢᠨ ᠲᠥᠯᠥᠭᠡ᠂ ᠮᠠᠨ ᠤ ᠣᠷᠣᠨ ᠤ ︽12348︾ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠤᠨ ᠬᠢᠨ ᠣᠶᠢᠷ᠎ᠠ ᠳᠤ ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ︽ᠦᠨᠳᠦᠰᠦᠨ ᠬᠠᠤᠯᠢ ᠶᠢ ᠰᠤᠷᠤᠯᠴᠠᠵᠦ ᠬᠠᠤᠯᠢᠵᠢᠯ ᠤᠨ ᠦᠵᠡᠯᠲᠡ ᠪᠠᠨ ᠴᠢᠩᠭᠠᠳᠬᠠᠶ᠎ᠠ︾ ᠭᠡᠬᠦ ᠭᠤᠣᠯ ᠰᠡᠳᠦᠪᠲᠦ ᠲᠠᠶᠢᠯᠤᠮᠵᠢ ᠥᠷᠨᠢᠭᠦᠯᠵᠡᠢ᠃      ︽12348︾ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠤᠨ ᠵᠢᠵᠢᠭᠦᠷ ᠬᠠᠤᠯᠢᠴᠢ ᠲᠤᠶᠠᠭ᠎ᠠ ᠦᠨᠳᠦᠰᠦᠨ ᠬᠠᠤᠯᠢ ᠶᠢᠨ ᠴᠢᠬᠤᠯᠠ ᠪᠠᠶᠢᠷᠢ ᠰᠠᠭᠤᠷᠢ᠂ ᠦᠨᠳᠦᠰᠦᠨ ᠬᠠᠤᠯᠢ ᠶᠢᠨ ᠬᠥᠭᠵᠢᠯᠲᠡ ᠶᠢᠨ ᠶᠠᠪᠤᠴᠠ᠂ ᠦᠨᠳᠦᠰᠦᠨ ᠬᠠᠤᠯᠢ ᠶᠢᠨ ᠦᠨᠳᠦᠰᠦᠨ ᠠᠭᠤᠯᠭ᠎ᠠ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠦ᠂ ᠦᠨᠳᠦᠰᠦᠨ ᠬᠠᠤᠯᠢ ᠶᠢᠨ ᠤᠬᠠᠮᠰᠠᠷ ᠢ ᠴᠢᠬᠤᠯᠠᠴᠢᠯᠠᠵᠤ᠂ ᠠᠮᠢᠳᠤᠯᠢᠭ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠪᠠᠭᠰᠢ ᠰᠤᠷᠤᠬᠴᠢᠳ ᠲᠤ ᠦᠨᠳᠦᠰᠦᠨ ᠬᠠᠤᠯᠢ ᠶᠢᠨ ᠬᠥᠮᠥᠨ ᠨᠢᠭᠡᠪᠦᠷᠢ ᠶᠢᠨ ᠠᠮᠢᠳᠤᠷᠠᠯ ᠳᠤ ᠦᠵᠡᠭᠦᠯᠭᠦ ᠴᠢᠬᠤᠯᠠ ᠨᠥᠯᠥᠭᠡ ᠶᠢ ᠨᠡᠩ ᠰᠢᠭᠤᠳ ᠲᠠᠨᠢᠭᠤᠯᠵᠠᠢ᠃ ᠥᠷᠭᠡᠨ ᠤᠯᠠᠨ ᠪᠠᠭᠰᠢ ᠰᠤᠷᠤᠬᠴᠢᠳ ᠢ ᠦᠨᠳᠦᠰᠦᠨ ᠬᠠᠤᠯᠢ ᠶᠢᠨ ᠮᠡᠳᠡᠯᠭᠡ ᠶᠢ ᠢᠳᠡᠪᠬᠢᠲᠡᠢ ᠰᠤᠷᠤᠯᠴᠠᠵᠤ᠂ ᠬᠠᠤᠯᠢᠵᠢᠯ ᠤᠨ ᠦᠵᠡᠯᠲᠡ ᠪᠠᠨ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠤᠯᠤᠰ ᠪᠣᠯᠣᠨ ᠨᠡᠶᠢᠭᠡᠮ ᠤᠨ ᠲᠣᠭᠲᠠᠭᠤᠨ ᠡᠶ᠎ᠡ ᠵᠣᠬᠢᠴᠠᠯ ᠢ ᠬᠠᠮᠠᠭᠠᠯᠠᠭᠠᠷᠠᠢ ᠭᠡᠵᠦ ᠤᠷᠢᠶᠠᠯᠠᠪᠠ᠃      ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠤᠨ ᠬᠢᠨ ᠲᠠᠷᠠᠭᠠᠴᠢ ᠪᠠᠷ ᠰᠤᠷᠭᠠᠭᠤᠯᠢ ᠶᠢᠨ ᠬᠦᠷᠢᠶᠡᠨ ᠳᠤ ᠬᠦᠷᠴᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢᠵᠢᠯ ᠤᠨ ᠦᠵᠡᠯᠲᠡ ᠶᠢ ᠣᠶᠤᠲᠠᠳ ᠤᠨ ᠳᠡᠷᠭᠡᠳᠡ ᠦᠨᠡᠨ ᠬᠦ ᠬᠦᠷᠭᠡᠵᠦ᠂ ᠡᠶ᠎ᠡ ᠵᠣᠬᠢᠴᠠᠯ ᠲᠠᠢ ᠬᠠᠤᠯᠢᠵᠢᠯ ᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号