ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠮᠡᠬᠡᠯᠡᠯ ᠢ ᠰᠡᠷᠭᠡᠶᠢᠯᠡᠶ᠎ᠡ
ᠨᠡᠶᠢᠲᠡᠯᠡᠭᠰᠡᠨ ᠴᠠᠭ᠄
2023/12/11
     ᠮᠥᠩᠭᠦᠨ ᠭᠦᠢᠯᠭᠡᠭᠡᠨ ᠤ ᠪᠡᠯᠡ‌ᠣᠷᠣᠭᠤᠯᠤᠯᠲᠠ ᠶᠢᠨ ᠮᠡᠬᠡᠯᠡᠯ ᠤᠨ ᠬᠡᠷᠡᠭ ᠪᠠᠶᠢᠨ ᠲᠠᠭᠢᠨ ᠡᠭᠦᠰᠴᠦ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠲᠤ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠵᠤ ᠪᠠᠶᠢᠬᠤ ᠪᠠᠷ ᠪᠠᠷᠠᠬᠤ ᠦᠭᠡᠢ ᠪᠠᠰᠠ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠡᠮᠬᠢ ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠵᠤ ᠪᠠᠶᠢᠨ᠎ᠠ᠃      ᠮᠥᠩᠭᠦᠨ ᠭᠦᠢᠯᠭᠡᠭᠡᠨ ᠤ ᠪᠡᠯᠡ‌ᠣᠷᠣᠭᠤᠯᠤᠯᠲᠠ ᠶᠢᠨ ᠮᠡᠬᠡᠯᠡᠯ ᠤᠨ ᠠᠷᠭ᠎ᠠ ᠪᠠᠰᠢᠷ ᠲᠠᠰᠤᠷᠠᠯᠲᠠ ᠦᠭᠡᠢ ᠰᠢᠨᠡᠳᠴᠦ ᠪᠠᠶᠢᠭ᠎ᠠ ᠪᠤᠯᠪᠠᠴᠤ ᠠᠷᠭ᠎ᠠ ᠪᠠᠰᠢᠷ ᠨᠢ ᠦᠨᠳᠦᠰᠦᠨ ᠳᠡᠭᠡᠨ ᠠᠳᠠᠯᠢᠪᠲᠤᠷ ᠪᠠᠶᠢᠳᠠᠭ᠂ ᠲᠡᠭᠦᠨ ᠤ ᠮᠥᠨ ᠴᠢᠨᠠᠷ ᠨᠢ ᠴᠥᠮ ᠤᠯᠠᠮᠵᠢᠯᠠᠯᠲᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠦᠢᠯᠡᠳᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠪᠠᠷ ᠬᠠᠯᠬᠠᠪᠴᠢ ᠪᠣᠯᠭᠠᠨ ᠬᠤᠪᠢᠷᠠᠭᠤᠯᠤᠨ ᠬᠠᠭᠤᠷᠮᠠᠭᠯᠠᠵᠤ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ᠂ ᠮᠥᠩᠭᠦᠨ ᠭᠦᠢᠯᠭᠡᠭᠡᠨ ᠤ ᠮᠡᠬᠡᠯᠡᠯ  ᠶᠠᠪᠤᠭᠤᠯᠵᠤ ᠪᠠᠶᠢᠭ᠎ᠠ ᠶᠠᠪᠤᠳᠠᠯ ᠪᠣᠯᠣᠨ᠎ᠠ᠃      ᠰᠦᠯᠵᠢᠶᠡᠨ ᠤ ᠮᠡᠬᠡᠯᠡᠯ ᠤᠨ ᠠᠷᠭ᠎ᠠ ᠪᠠᠰᠢᠷ ᠨᠢ ᠠᠳᠠᠯᠢᠪᠲᠤᠷ ᠪᠤᠯᠪᠠᠴᠤ ᠬᠠᠷᠢᠨ ᠤᠳᠠᠭ᠎ᠠ ᠳᠠᠷᠠᠭᠠᠯᠠᠨ ᠮᠡᠬᠡᠯᠡᠵᠦ ᠴᠢᠳᠠᠳᠠᠭ ᠤᠨ ᠰᠢᠯᠲᠠᠭᠠᠨ ᠢ ᠬᠠᠶᠢᠪᠠᠯ᠂ ᠵᠠᠩᠭᠢᠯᠠᠭ᠎ᠠ ᠨᠢ ᠶᠠᠯᠠᠲᠤ ᠡᠲᠡᠭᠡᠳ ᠪᠡᠯᠡ ᠣᠷᠣᠭᠤᠯᠤᠭᠴᠢ ᠵᠢᠨ‌ᠠᠰᠢᠭ ᠣᠯᠬᠤ ᠰᠡᠳᠬᠢᠴᠡ ᠶᠢᠨ ᠣᠨᠴᠠᠯᠢᠭ ᠢ ᠠᠳᠬᠤᠭᠰᠠᠨ ᠳᠤ ᠣᠷᠣᠰᠢᠨ᠎ᠠ᠃ ᠨᠢᠭᠡ ᠲᠠᠯ᠎ᠠ ᠪᠠᠷ᠂ ᠭᠤᠶᠤ ᠰᠠᠶᠢᠬᠠᠨ ᠪᠡᠯᠡ ᠣᠷᠣᠭᠤᠯᠤᠯᠲᠠ‌‍ᠶᠢᠨ ᠨᠡᠷ᠎ᠡ ᠶᠢ ᠬᠠᠭᠤᠷᠮᠠᠭᠯᠠᠨ ᠵᠣᠬᠢᠶᠠᠬᠤ ᠪᠠᠷ‌‍ᠲ᠋ᠠᠮᠵᠢᠭᠤᠯᠤᠨ᠂ ᠨᠠᠷᠢᠨ ᠪᠤᠳᠤᠯᠢᠶᠠᠨᠲᠠᠢ ᠠᠷᠠᠯᠵᠢᠶᠠᠨ ᠤ ᠪᠦᠲᠦᠴᠡ ᠪᠠ ᠮᠥᠩᠭᠦᠨ ᠭᠦᠢᠯᠭᠡᠭᠡᠨ ᠤ ᠪᠠᠭᠠᠵᠢ ᠶᠢ ᠠᠰᠢᠭᠯᠠᠨ᠂ ᠪᠡᠯᠡ ᠣᠷᠣᠭᠤᠯᠤᠭᠴᠢᠳ ᠢ ᠠᠶᠤᠯ ᠲᠦᠭᠰᠢᠭᠦᠷᠢ ᠶᠢ ᠣᠶᠢᠯᠠᠭᠠᠬᠤ ᠪᠠ ᠦᠨᠡᠯᠡᠨ ᠵᠢᠱᠢᠬᠦ ᠳᠤ ᠪᠡᠷᠬᠡᠲᠡᠢ ᠪᠤᠯᠭᠠᠨ᠎ᠠ; ᠨᠥᠭᠦᠭᠡ ᠲᠠᠯ᠎ᠠ ᠪᠠᠷ᠂ ᠡᠷᠭᠢᠨ ᠲᠣᠭᠤᠷᠢᠨ ᠤ ᠬᠥᠮᠥᠰ ᠨᠡᠶᠢᠳᠡᠮ ᠠᠰᠢᠭ ᠣᠯᠵᠤ ᠪᠠᠶᠢᠭ᠎ᠠ ᠭᠡᠰᠡᠨ ᠬᠠᠭᠤᠷᠮᠠᠭ ᠦᠵᠡᠭᠳᠡᠯ ᠢ ᠵᠣᠷᠢᠭᠤᠳᠠ ᠪᠤᠢ ᠪᠤᠯᠭᠠᠵᠦ᠂ ᠪᠡᠯᠡ ᠣᠷᠣᠭᠤᠯᠤᠭᠴᠢᠳ ᠢ ᠶᠠᠭᠠᠷᠠᠤ ᠰᠠᠨᠳᠤᠷᠤᠤ ᠪᠠᠷ ᠣᠷᠣᠯᠴᠠᠭᠤᠯᠵᠤ᠂ ᠲᠡᠳᠡᠨ ᠳᠤ ᠭᠦᠢᠴᠡᠳ ᠪᠣᠳᠣᠯᠬᠢᠯᠠᠬᠤ ᠴᠠᠭ ᠥᠭᠬᠦ ᠦᠭᠡᠢ ᠪᠠᠶᠢᠳᠠᠭ᠃ ᠡᠭᠦᠨ ᠤ ᠳᠡᠭᠡᠷ᠎ᠡ ᠬᠡᠰᠡᠭ ᠪᠡᠯᠡ ᠣᠷᠣᠭᠤᠯᠤᠭᠴᠢᠳ ᠤᠨ ᠮᠥᠩᠭᠦᠨ ᠭᠦᠢᠯᠭᠡᠭᠡᠨ ᠤ ᠲᠠᠯ᠎ᠠ ᠶᠢᠨ ᠮᠡᠳᠡᠯᠭᠡ ᠳᠤᠲᠠᠮᠠᠭ᠂ ᠪᠡᠯᠡ ᠣᠷᠣᠭᠤᠯᠤᠯᠲᠠ ᠶᠢᠨ ᠠᠶᠤᠯ ᠲᠦᠭᠰᠢᠭᠦᠷᠢ ᠶᠢᠨ ᠲᠤᠬᠠᠢ ᠤᠬᠠᠮᠰᠠᠷ ᠭᠦᠢᠴᠡᠳ ᠪᠤᠰᠤ ᠠᠴᠠ ᠪᠣᠯᠵᠤ ᠥᠨᠳᠥᠷ ᠠᠰᠢᠭ ᠣᠯᠭᠤᠮᠵᠢ ᠶᠢᠨ ᠥᠳᠥᠭᠡᠯᠭᠡ ᠪᠠᠷ ᠠᠯᠬᠤᠮ ᠠᠯᠬᠤᠮ ᠢᠶᠠᠷ ᠶᠠᠯᠠᠲᠤ ᠡᠲᠡᠭᠡᠳ ᠤᠨ ︽ᠤᠨᠠᠭᠤᠯᠢ︾ ᠳᠤ ᠤᠨᠠᠳᠠᠭ᠃      ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠮᠡᠬᠡᠯᠡᠯ ᠢ ᠰᠡᠷᠭᠡᠶᠢᠯᠡᠬᠦ ᠳᠤ᠂ ᠡᠩ ᠲᠡᠷᠢᠭᠦᠨ ᠳᠤ ᠪᠡᠯᠡ ᠣᠷᠣᠭᠤᠯᠤᠭᠴᠢ ᠰᠠᠨᠠᠭᠠᠴᠢᠯᠠᠭ᠎ᠠ ᠠᠴᠠ ᠪᠠᠨ ᠬᠠᠤᠯᠢ ᠶᠣᠰᠣᠨ ᠤ ᠠᠰᠢᠭ ᠲᠤᠰᠠ ᠪᠠᠨ ᠬᠠᠮᠠᠭᠠᠯᠠᠬᠤ ᠴᠢᠬᠤᠯᠠᠲᠠᠢ᠃ ᠪᠡᠯᠡ ᠣᠷᠣᠭᠤᠯᠤᠭᠴᠢᠳ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠭᠦᠢᠴᠡᠳ ᠣᠶᠢᠯᠠᠭᠠᠵᠤ᠂ ᠣᠨᠴᠠᠭᠠᠶᠢᠯᠠᠨ ᠪᠡᠯᠡ ᠣᠷᠣᠭᠤᠯᠤᠯᠲᠠ ᠶᠢᠨ ᠪᠠᠷᠢᠮᠵᠢᠶ᠎ᠠ᠂ ᠠᠶᠤᠯ ᠲᠦᠭᠰᠢᠭᠦᠷᠢ ᠶᠢᠨ ᠳᠡᠰ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠪᠡᠯᠡ ᠤᠷᠤᠭᠤᠯᠤᠯᠳᠠ ᠶᠢᠨ ᠵᠦᠢᠯᠡᠰ ᠤᠨ ᠲᠣᠭᠲᠠᠭᠠᠯ ᠳᠤ ᠨᠡᠶᠢᠴᠡᠬᠦ ᠴᠢᠨᠠᠷ ᠢ ᠦᠨᠡᠯᠡᠨ ᠵᠢᠱᠢᠬᠦ ᠴᠢᠳᠠᠪᠤᠷᠢ ᠪᠠᠨ ᠳᠡᠭᠡᠭᠰᠢᠯᠡᠭᠦᠯᠦᠨ᠂ ᠪᠡᠯᠡ ᠣᠷᠣᠭᠤᠯᠤᠯᠲᠠ ᠶᠢᠨ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠪᠠᠭᠠᠰᠬᠠᠬᠤ ᠴᠢᠬᠤᠯᠠᠲᠠᠢ᠃ ᠡᠭᠦᠨ ᠤ ᠵᠡᠷᠭᠡ ᠪᠠᠷ᠂ ᠪᠡᠯᠡ ᠣᠷᠣᠭᠤᠯᠤᠭᠴᠢᠳ ᠮᠥᠩᠭᠦᠨ ᠭᠦᠢᠯᠭᠡᠭᠡᠨ ᠤ ᠮᠡᠳᠡᠯᠭᠡ ᠶᠢ ᠰᠤᠷᠤᠯᠴᠠᠨ᠂ ᠪᠡᠯᠡ ᠣᠷᠣᠭᠤᠯᠬᠤ ᠠᠴᠠ ᠡᠮᠦᠨ᠎ᠡ ᠪᠡᠯᠡ ᠣᠷᠣᠭᠤᠯᠤᠭᠰᠠᠨ ᠲᠠᠯ᠎ᠠ ᠶᠢᠨ ᠠᠬᠤᠢ ᠪᠠᠶᠢᠳᠠᠯ᠂ ᠬᠢᠷᠢ ᠭᠡᠮ᠂ ᠢᠲᠡᠭᠡᠯ ᠬᠦᠨᠳᠦ ᠵᠡᠷᠭᠡ ᠶᠢ ᠭᠦᠢᠴᠡᠳ ᠬᠠᠷᠭᠤᠭᠤᠯᠤᠨ ᠣᠶᠢᠯᠠᠭᠠᠵᠤ᠂ ᠪᠤᠰᠤᠳ ᠤᠨ ᠡᠵᠡᠩᠨᠡᠨ ᠪᠣᠷᠣᠯᠠᠭᠤᠯᠬᠤ ᠲᠠᠨᠢᠯᠴᠠᠭᠤᠯᠭ᠎ᠠ ᠶᠢ ᠰᠣᠬᠤᠷ ᠪᠠᠯᠠᠢ ᠪᠠᠷ ᠢᠲᠡᠭᠡᠬᠦ ᠦᠭᠡᠢ᠂ ᠲᠦᠷᠦᠯ ᠵᠦᠢᠯ ᠤᠨ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠴᠢᠬᠤᠯᠠᠲᠠᠢ᠃      ᠪᠡᠯᠡ ᠣᠷᠣᠭᠤᠯᠤᠯᠲᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠦᠷᠢᠶᠡᠨ ᠳᠤ ᠢᠯᠡᠷᠡᠭᠰᠡᠨ ᠰᠢᠨ᠎ᠡ ᠠᠷᠭ᠎ᠠ ᠪᠠᠰᠢᠷ ᠤᠨ ᠡᠮᠦᠨ᠎ᠡ᠂ ᠪᠠᠩᠬᠢ᠂ ᠳᠠᠭᠠᠳᠬᠠᠯ᠂ ᠴᠠᠭᠢᠯᠭᠠᠨ ᠬᠤᠯᠪᠤᠭ᠎ᠠ᠂ ᠭᠤᠷᠪᠠᠳᠠᠭᠢ ᠡᠲᠡᠭᠡᠳ ᠤᠨ ᠵᠣᠭᠤᠰ ᠥᠭᠬᠦ ᠲᠠᠪᠴᠠᠩ ᠵᠡᠷᠭᠡ ᠨᠢ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠴᠢᠬᠤᠯᠠ ᠣᠷᠣᠯᠴᠠᠭᠴᠢ ᠪᠣᠯᠤᠭᠰᠠᠨ‌‍ᠤ ᠬᠤᠪᠢ ᠳᠤ᠂ ᠪᠠᠰᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠮᠥᠩᠭᠦᠨ ᠭᠦᠢᠯᠭᠡᠭᠡᠨ ᠤ ᠮᠡᠬᠡᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠡᠵᠡᠮᠳᠡᠬᠦ ᠣᠶᠤᠨᠴᠢᠯᠠᠭᠰᠠᠨ ᠠᠷᠭ᠎ᠠ ᠬᠡᠮᠵᠢᠶ᠎ᠡ᠂ ᠪᠦᠭᠦ ᠶᠠᠪᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠭᠴᠢᠳ ᠲᠤ ᠨᠡᠩ ᠠᠮᠤᠷ ᠲᠦᠪᠰᠢᠨ ᠣᠷᠴᠢᠨ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号