| | 2022 ᠣᠨ ᠳᠤ ᠮᠠᠨ ᠤ ᠣᠷᠣᠨ ︽ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ | ᠰᠤᠷᠤᠬᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ᠢ ᠨᠡᠶᠢᠲᠡᠯᠡᠪᠡ᠃ 2022 ᠣᠨ ᠤ ᠨᠠᠮᠤᠷ ᠥᠨᠳᠥᠷ | ᠳᠤᠮᠳᠠᠳᠤ ᠶᠢᠨ ᠨᠢᠭᠡᠳᠦᠭᠡᠷ ᠣᠨ ᠳᠤ ᠣᠷᠣᠭᠰᠠᠨ ᠰᠣᠷᠣᠬᠴᠢ ᠠᠴᠠ ᠶᠡᠭᠡ ᠳᠡᠭᠡᠳᠦ ᠰᠤᠷᠭᠠᠭᠤᠯᠢ ᠳᠤ ᠰᠣᠷᠣᠬᠴᠢ | ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠪᠡ᠃ | 2025 ᠣᠨ ᠠᠴᠠ ᠡᠬᠢᠯᠡᠨ ᠮᠠᠨ ᠤ ᠣᠷᠣᠨ︽3+1+2︾ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠵᠠᠭᠪᠤᠷ ᠢ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠭᠰᠠᠨ ᠪᠠᠶᠢᠨ᠎ᠠ᠃ | | | | ︽3+1+2︾ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠵᠠᠭᠪᠤᠷ ᠨᠢ ᠴᠣᠬᠤᠮ ᠶᠠᠭᠠᠬᠢᠵᠤ ᠰᠢᠯᠭᠠᠬᠤ ᠪᠤᠶ︖ ᠰᠣᠷᠣᠬᠴᠢ ᠬᠡᠷᠬᠢᠨ ᠰᠢᠨᠵᠢᠯᠡᠬᠦ ᠤᠬᠠᠭᠠᠨᠴᠢ | ᠵᠦᠢ ᠵᠣᠬᠢᠰᠲᠠᠢ ᠪᠠᠷ ᠬᠢᠴᠢᠶᠡᠯ ᠰᠣᠩᠭᠤᠬᠤ ᠪᠤᠶ︖ ︽3+1+2︾ ᠵᠠᠭᠪᠤᠷ ᠨᠢ ᠤᠯᠠᠮᠵᠢᠯᠠᠯᠲᠤ ᠨᠡᠶᠢᠭᠡᠮ ᠤᠨ | ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠲᠠᠢ ᠶᠠᠮᠠᠷ ᠢᠯᠭᠠᠭ᠎ᠠ ᠲᠠᠢ | ᠪᠤᠢ︖ ᠡᠨᠡ ᠲᠤᠬᠠᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠬᠴᠢ ᠡᠯᠰᠡᠬᠦ | ᠰᠢᠯᠭᠠᠯᠲᠠ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠨᠠᠷᠢᠨ ᠲᠠᠶᠢᠯᠤᠮᠵᠢ ᠬᠢᠭᠰᠡᠨ ᠪᠠᠶᠢᠨ᠎ᠠ᠃ | | | ᠠᠳᠡ ︽3︾ ᠭᠡᠳᠡᠭ ᠨᠢ ᠪᠦᠭᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠭᠡᠯᠡ ᠵᠡᠷᠭᠡ ᠭᠤᠷᠪᠠᠨ | ᠬᠢᠴᠢᠶᠡᠯ ᠲᠥᠷᠥᠯ ᠢ ᠵᠢᠭᠠᠵᠤ ᠪᠤᠶ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠬᠢᠴᠢᠶᠡᠯ ᠲᠦᠷᠦᠯ ᠭᠡᠵᠦ ᠬᠤᠪᠢᠶᠠᠬᠤ ᠦᠭᠡᠢ; ︽1︾ ᠭᠡᠳᠡᠭ ᠨᠢ ᠲᠡᠦᠬᠡ ᠪᠤᠶᠤ ᠹᠢᠽᠢᠺ ᠤᠨ ᠬᠢᠴᠢᠶᠡᠯ | ᠲᠥᠷᠥᠯ ᠤᠨ ᠳᠣᠲᠣᠷ᠎ᠠ ᠠᠴᠠ 1 ᠲᠥᠷᠥᠯ ᠢ ᠰᠣᠩᠭᠤᠵᠤ ᠲᠡᠷᠢᠭᠦᠨ ᠳᠤ ᠰᠣᠩᠭᠤᠬᠤ ᠬᠢᠴᠢᠶᠡᠯ ᠲᠦᠷᠦᠯ | ᠪᠤᠯᠭᠠᠨ᠎ᠠ; ︽2︾ ᠭᠡᠳᠡᠭ ᠨᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ | ᠤᠬᠠᠭᠠᠨ ᠵᠡᠷᠭᠡ 4 ᠬᠢᠴᠢᠶᠡᠯ ᠲᠥᠷᠥᠯ ᠤᠨ ᠳᠣᠲᠣᠷ᠎ᠠ ᠠᠴᠠ 2 ᠲᠥᠷᠥᠯ ᠢ ᠰᠣᠩᠭᠤᠵᠤ ᠳᠠᠭᠢᠨ ᠰᠣᠩᠭᠤᠬᠤ | ᠬᠢᠴᠢᠶᠡᠯ ᠲᠥᠷᠥᠯ ᠪᠤᠯᠭᠠᠬᠤ ᠶᠢ ᠵᠢᠭᠠᠵᠤ ᠪᠠᠶᠢᠨ᠎ᠠ᠃ ᠡᠭᠦᠨ ᠳᠤ᠂ ︽1 + 2︾ ᠤᠨ ᠬᠢᠴᠢᠶᠡᠯ ᠲᠥᠷᠥᠯ ᠢ | ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠰᠡᠳᠦᠪ ᠭᠠᠷᠭᠠᠬᠤ ᠶᠢᠨ ᠬᠠᠮᠲᠤ ᠰᠢᠯᠭᠠᠯᠲᠠ ᠶᠢ ᠵᠣᠬᠢᠶᠠᠨ | ᠪᠠᠶᠢᠭᠤᠯᠵᠤ᠂ ᠪᠦᠭᠦ ᠤᠯᠤᠰ ᠤᠨ ᠨᠢᠭᠡᠳᠦᠯᠲᠡᠢ ᠰᠢᠯᠭᠠᠯᠲᠠ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠤᠨ᠎ᠠ᠃ | | | ︽3+1+2︾ ᠤᠨ ᠵᠠᠭᠪᠤᠷ ᠤᠨ ᠳᠣᠣᠷᠠᠬᠢ ᠨᠡᠶᠢᠲᠡ 12 ᠵᠦᠢᠯ ᠤᠨ ᠪᠦᠷᠢᠯᠳᠦᠯ ᠤᠨ ᠭᠡᠯᠪᠡᠷᠢ ᠠᠴᠠ | ᠰᠤᠷᠤᠬᠴᠢᠳ ᠪᠡᠶ᠎ᠡ ᠪᠠᠨ ᠳᠠᠭᠠᠭᠠᠨ ᠰᠣᠩᠭᠤᠯᠲᠠ ᠬᠢᠨ᠎ᠡ᠃ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠠᠭᠤᠰᠤᠯᠴᠠᠯ ᠨᠢ ᠹᠢᠽᠢᠺ᠂ ᠲᠡᠦᠬᠡ ᠶᠢᠨ ᠰᠢᠨᠵᠢᠯᠡᠭᠡᠨ ᠤ ᠰᠠᠯᠠᠭ᠎ᠠ ᠶᠢᠨ ᠰᠠᠭᠤᠷᠢᠯᠠᠬᠤ | ᠴᠢᠨᠠᠷᠲᠠᠢ ᠦᠢᠯᠡᠳᠦᠯ ᠢ ᠢᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠠᠳᠠᠯᠢ ᠪᠤᠰᠤ ᠰᠢᠨᠵᠢᠯᠡᠭᠡᠨ ᠤ | ᠰᠠᠯᠠᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠰᠣᠩᠭᠤᠬᠤ ᠬᠡᠷᠡᠭᠴᠡᠭᠡ ᠶᠢ ᠳᠣᠪᠤᠶᠢᠯᠭᠠᠬᠰᠠᠨ ᠮᠥᠷᠲᠡᠭᠡᠨ | ᠰᠣᠷᠣᠬᠴᠢ ᠶᠢᠨ ᠰᠣᠩᠭᠤᠯᠲᠠ ᠶᠢ ᠨᠠᠩ ᠢᠯᠡᠭᠦᠦ ᠭᠦᠨᠳᠦᠳᠭᠡᠵᠦ᠂ ᠰᠣᠷᠣᠬᠴᠢ ᠶᠢᠨ ᠪᠦᠭᠦ ᠲᠠᠯ᠎ᠠ ᠶᠢᠨ | ᠬᠥᠭᠵᠢᠯᠲᠡ ᠶᠢ ᠴᠢᠬᠤᠯᠠᠴᠢᠯᠠᠭᠰᠠᠨ ᠪᠠᠶᠢᠨ᠎ᠠ᠃ ᠰᠤᠷᠤᠬᠴᠢᠳ ᠬᠤᠪᠢ ᠬᠥᠮᠥᠨ ᠤ ᠳᠤᠷ᠎ᠠ ᠰᠣᠨᠢᠷᠬᠠᠯ᠂ ᠠᠪᠢᠶᠠᠰ | ᠴᠢᠳᠠᠪᠤᠷᠢ ᠪᠠ ᠨᠡᠷ᠎ᠡ ᠮᠡᠳᠡᠭᠦᠯᠬᠦ ᠭᠡᠵᠦ ᠪᠠᠶᠢᠭ᠎ᠠ ᠰᠤᠷᠭᠠᠭᠤᠯᠢ᠂ ᠲᠤᠰᠬᠠᠢ ᠮᠡᠷᠭᠡᠵᠢᠯ ᠤᠨ ᠰᠣᠩᠭᠤᠨ ᠰᠢᠯᠭᠠᠬᠤ | ᠬᠢᠴᠢᠶᠡᠯ ᠲᠥᠷᠥᠯ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ 12 ᠵᠦᠢᠯ ᠤᠨ ᠪᠦᠷᠢᠯᠳᠦᠯ ᠭᠡᠯᠪᠡᠷᠢ ᠠᠴᠠ | ᠥᠪᠡᠰᠦᠪᠡᠨ ᠰᠣᠩᠭᠤᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠬᠠᠮᠤᠭ ᠡᠴᠦᠰ ᠤᠨ ᠰᠣᠩᠭᠤᠯᠲᠠ ᠬᠢᠨ᠎ᠡ᠃ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠰᠣᠷᠣᠬᠴᠢ ᠡᠯᠰᠡᠬᠦ ᠰᠢᠯᠭᠠᠯᠲᠠ ᠶᠢᠨ ᠲᠥᠪ ᠠᠴᠠ ᠰᠣᠷᠣᠬᠴᠢᠳ ᠬᠢᠴᠢᠶᠡᠯ | ᠰᠣᠩᠭᠤᠬᠤ ᠳᠠᠭᠠᠨ ᠡᠯ᠎ᠡ ᠲᠠᠯ᠎ᠠ ᠶᠢᠨ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠭᠡᠷ ᠤᠨ ᠠᠬᠠᠮᠠᠳ᠂ | ᠪᠠᠭᠰᠢ ᠶᠢᠨ ᠰᠠᠨᠠᠯ ᠢ ᠰᠣᠨᠣᠰᠴᠤ᠂ ᠪᠣᠯᠭᠤᠮᠵᠢᠲᠠᠢ ᠪᠣᠳᠣᠯᠬᠢᠯᠠᠵᠤ᠂ ᠰᠢᠨᠵᠢᠯᠡᠬᠦ ᠤᠬᠠᠭᠠᠨᠴᠢ ᠪᠠᠷ ᠰᠣᠩᠭᠤᠬᠤ | ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ ᠤ ᠳᠠᠷᠠᠭ᠎ᠠ ᠰᠣᠩᠭᠤᠭᠰᠠᠨ ᠬᠢᠴᠢᠶᠡᠯ | ᠲᠥᠷᠥᠯ ᠢᠶᠠᠨ ᠬᠤᠪᠢᠷᠠᠭᠤᠯᠵᠤ ᠪᠤᠯᠬᠤ ᠦᠭᠡᠢ᠃ | | | ᠰᠢᠨ᠎ᠡ ᠵᠠᠭᠪᠤᠷ ᠤᠨ ᠤᠯᠤᠰ ᠤᠨ ᠨᠢᠭᠡᠳᠦᠯᠲᠡᠢ ᠰᠢᠯᠭᠠᠯᠲᠠ᠂ ᠰᠢᠨ᠎ᠡ ᠬᠢᠴᠢᠶᠡᠯ ᠤᠨ ᠥᠭᠡᠷᠡᠴᠢᠯᠡᠯᠲᠡ ᠶᠢᠨ | ᠠᠵᠢᠯ ᠢ ᠡᠮᠬᠢ ᠳᠢᠭᠯᠢᠮ ᠲᠠᠢ ᠠᠮᠤᠷ ᠲᠦᠪᠰᠢᠨ ᠢᠶᠠᠷ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠪᠦᠭᠦ ᠣᠷᠣᠨ ᠤ ᠡᠯ᠎ᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯ᠎ᠡ | ᠵᠦᠢᠯ ᠤᠨ ᠥᠭᠡᠷᠡᠴᠢᠯᠡᠯᠲᠡ ᠶᠢᠨ ᠠᠵᠢᠯ ᠢ ᠪᠦᠭᠦ ᠲᠠᠯ᠎ᠠ ᠪᠠᠷ ᠥᠷᠨᠢᠭᠦᠯᠬᠦ ᠶᠢᠨ ᠬᠠᠮᠲᠤ ᠰᠢᠨ᠎ᠡ ᠮᠠᠶ᠋ᠢᠭ ᠤᠨ ᠶᠡᠭᠡ | ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ | ᠵᠦᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠭᠦᠭᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ | ᠪᠤᠭᠤᠲᠤ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠮᠠᠨᠵᠤᠤᠷ ᠬᠤᠲᠠ ᠶᠢᠨ ᠨᠢᠭᠡᠳᠦᠭᠡᠷ ᠳᠤᠮᠳᠠᠳᠤ | ᠰᠤᠷᠭᠠᠭᠤᠯᠢ ᠵᠡᠷᠭᠡ 14 ᠰᠤᠷᠭᠠᠭᠤᠯᠢ ᠶᠢ ᠲᠥᠷᠥᠯ ᠵᠦᠢᠯ ᠤᠨ ᠰᠤᠷᠭᠠᠭᠤᠯᠢ ᠪᠣᠯᠭᠠᠨ ᠲᠣᠭᠲᠠᠭᠠᠪᠠ᠃ ᠲᠥᠷᠥᠯ | ᠵᠦᠢᠯ ᠤᠨ ᠰᠤᠷᠭᠠᠭᠤᠯᠢ ᠨᠤᠭᠤᠳ ᠤᠨ ᠬᠢᠴᠢᠶᠡᠯ ᠰᠣᠩᠭᠤᠨ ᠠᠩᠭᠢ ᠰᠢᠯᠵᠢᠭᠦ᠂ ᠰᠤᠷᠤᠯᠭ᠎ᠠ ᠶᠢᠨ ᠬᠤᠪᠢ ᠶᠢᠨ | ᠳᠦᠷᠢᠮ᠂ ᠰᠤᠷᠤᠯᠭ᠎ᠠ ᠠᠮᠢᠳᠤᠷᠠᠯ ᠤᠨ ᠲᠥᠯᠦᠪᠵᠢᠭᠦᠯᠭᠡ ᠶᠢᠨ ᠰᠤᠷᠭᠠᠨ ᠬᠥᠮᠦᠵᠢᠯ᠂ ᠰᠣᠩᠭᠤᠨ ᠰᠤᠷᠬᠤ ᠬᠢᠴᠢᠶᠡᠯ | ᠨᠡᠭᠡᠭᠡᠬᠦ ᠪᠠ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠬᠢᠬᠦ ᠵᠡᠷᠭᠡ ᠲᠠᠯ᠎ᠠ ᠪᠠᠷ ᠢᠳᠡᠪᠬᠢᠲᠡᠢ ᠰᠦᠪᠡᠭᠴᠢᠯᠡᠯᠲᠡ | ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠲᠣᠰ ᠭᠠᠵᠠᠷ ᠣᠷᠣᠨ ᠤ ᠪᠤᠰᠤᠳ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢ ᠳᠠᠭᠠᠭᠤᠯᠤᠨ ᠬᠠᠮᠲᠤᠪᠠᠷ ᠳᠠᠪᠰᠢᠬᠤ ᠶᠢ ᠵᠣᠷᠢᠭᠵᠢᠭᠤᠯᠤᠨ᠎ᠠ᠃ | | | ᠰᠤᠷᠪᠤᠯᠵᠢᠯᠠᠬᠴᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ | ᠰᠤᠷᠭᠠᠭᠤᠯᠢ ᠠᠴᠠ ᠣᠶᠢᠯᠠᠭᠠᠭᠰᠠᠨ ᠢᠶᠠᠷ᠂ ᠠᠯᠢ ᠡᠷᠲᠡ ᠡᠨᠡ ᠵᠢᠯ ᠤᠨ ᠵᠣᠨ ᠤ ᠠᠮᠠᠷᠠᠯᠲᠠ ᠶᠢᠨ ᠬᠤᠭᠤᠴᠠᠭᠠᠨ ᠳᠤ | ᠳᠤᠰ ᠰᠤᠷᠭᠠᠭᠤᠯᠢ ᠨᠢ 2022 ᠣᠨ ᠤ ᠰᠣᠷᠣᠬᠴᠢᠳ ᠤᠨ ᠥᠨᠳᠥᠷ ᠳᠤᠮᠳᠠᠳᠤ ᠶᠢᠨ ᠬᠤᠶᠠᠳᠤᠭᠠᠷ ᠣᠨᠤ | ᠬᠢᠴᠢᠶᠡᠯ ᠲᠥᠷᠥᠯ ᠬᠤᠪᠢᠶᠠᠵᠤ ᠠᠩᠭᠢ ᠰᠢᠯᠵᠢᠭᠦ ᠲᠥᠰᠥᠯ ᠢ ᠨᠠᠷᠢᠨ ᠨᠢᠮᠪᠠᠢ ᠲᠣᠭᠲᠠᠭᠠᠵᠤ᠂ ᠰᠣᠷᠣᠬᠴᠢᠳ ᠤᠨ | ᠰᠣᠩᠭᠤᠭᠰᠠᠨ 10 ᠪᠦᠷᠢᠯᠳᠦᠯ ᠤᠨ ᠭᠡᠯᠪᠡᠷᠢ ᠶᠢ ᠦᠨᠳᠦᠰᠦᠯᠡᠨ ᠠᠩᠭᠢ ᠬᠤᠪᠢᠶᠠᠪᠠ᠃ ᠡᠭᠦᠨ ᠳᠤ᠂ ᠹᠢᠽᠢᠺ ᠬᠢᠮᠢ | ᠠᠮᠢᠳᠤ ᠪᠣᠳᠠᠰ᠂ ᠹᠢᠽᠢᠺ ᠬᠢᠮᠢ ᠤᠯᠤᠰ ᠲᠦᠷᠦ᠂ ᠹᠢᠽᠢᠺ ᠬᠢᠮᠢ ᠭᠠᠵᠠᠷ ᠵᠦᠢ᠂ ᠲᠡᠦᠬᠡ ᠤᠯᠤᠰ ᠲᠦᠷᠦ ᠠᠮᠢᠳᠤ | ᠪᠣᠳᠠᠰ᠂ ᠲᠡᠦᠬᠡ ᠤᠯᠤᠰ ᠲᠦᠷᠦ ᠭᠠᠵᠠᠷ ᠵᠦᠢ ᠵᠡᠷᠭᠡ 5 ᠵᠦᠢᠯ ᠤᠨ ᠭᠤᠣᠯ ᠪᠦᠷᠢᠯᠳᠦᠯ ᠤᠨ ᠭᠡᠯᠪᠡᠷᠢ ᠳᠤ | ᠴᠢᠭᠯᠡᠭᠦᠯᠦᠨ ᠲᠣᠭᠲᠠᠮᠠᠯ ᠠᠩᠭᠢ ᠨᠡᠭᠡᠭᠡᠵᠦ᠂ ᠰᠣᠷᠣᠬᠴᠢᠳ ᠴᠥᠮ ᠠᠩᠭᠢ ᠰᠢᠯᠵᠢᠵᠦ ᠪᠤᠯᠬᠤ ᠦᠭᠡᠢ; | ᠦᠯᠡᠳᠡᠭᠰᠡᠨ 5 ᠵᠦᠢᠯ ᠤᠨ ᠪᠦᠷᠢᠯᠳᠦᠯ ᠤᠨ ᠭᠡᠯᠪᠡᠷᠢ ᠳᠤ ᠴᠢᠭᠯᠡᠭᠦᠯᠦᠨ᠂ ᠠᠩᠭᠢ ᠰᠢᠯᠵᠢᠭᠦ ᠳᠦᠷᠢᠮ ᠢ | ᠬᠡᠷᠡᠭᠵᠢᠭᠦᠯᠵᠦ᠂ ᠠᠩᠭᠢ ᠰᠢᠯᠵᠢᠭᠦ ᠪᠠᠭᠰᠢ ᠲᠣᠬᠢᠷᠠᠭᠤᠯᠬᠤ ᠶᠢᠨ ᠬᠠᠮᠲᠤ ᠡᠯ᠎ᠡ ᠬᠢᠴᠢᠶᠡᠯ ᠲᠥᠷᠥᠯ ᠤᠨ ᠭᠠᠷᠠᠭ | ᠪᠦᠷᠢ ᠶᠢᠨ ᠬᠢᠴᠢᠶᠡᠯ ᠤᠨ ᠴᠠᠭ ᠤᠨ ᠲᠣᠬᠢᠷᠠᠭᠤᠯᠤᠯᠲᠠ ᠶᠢ ᠤᠷᠢᠳᠴᠢᠯᠠᠨ ᠲᠣᠭᠲᠠᠭᠠᠵᠤ᠂ ᠰᠣᠷᠣᠬᠴᠢ ᠶᠢᠨ | ᠬᠢᠴᠢᠶᠡᠯ ᠰᠣᠩᠭᠤᠬᠤ᠂ ᠠᠩᠭᠢ ᠬᠤᠪᠢᠶᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ | ᠪᠠᠶᠢᠨ᠎ᠠ᠃ ᠰᠤᠷᠭᠠᠭᠤᠯᠢ ᠨᠢ ᠪᠠᠰᠠ ᠰᠤᠷᠭᠠᠭᠤᠯᠢ ᠶᠢᠨ ᠥᠪᠡᠷ ᠢᠶᠠᠨ ᠰᠣᠩᠭᠤᠨ ᠰᠤᠷᠬᠤ ᠬᠢᠴᠢᠶᠡᠯ ᠢ ᠢᠳᠡᠪᠬᠢᠲᠡᠢ | ᠥᠷᠭᠡᠳᠬᠡᠵᠦ᠂ ᠰᠤᠷᠤᠬᠴᠢᠳ ᠢᠶᠠᠷ ᠥᠪᠡᠷ ᠤᠨ ᠳᠤᠷᠠᠲᠠᠢ ᠬᠢᠴᠢᠶᠡᠯ ᠢ ᠨᠢ ᠰᠣᠩᠭᠤᠭᠤᠯᠵᠤ᠂ ᠶᠡᠭᠡ ᠳᠡᠭᠡᠳᠦ | ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠴᠢᠨᠠᠭᠰᠢᠯᠠᠪᠠᠯ ᠬᠤᠶᠢᠰᠢᠳᠠ ᠶᠢᠨ | ᠠᠵᠢᠯ ᠠᠮᠢᠳᠤᠷᠠᠯ ᠤᠨ ᠬᠥᠭᠵᠢᠯᠲᠡ ᠳᠤ ᠰᠠᠭᠤᠷᠢ ᠳᠠᠯᠪᠢᠬᠤ ᠶᠢ ᠠᠩᠬᠠᠷᠴᠤ ᠪᠤᠢ᠃ | | | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠠᠭᠤᠷᠢ ᠰᠤᠷᠭᠠᠨ ᠬᠥᠮᠦᠵᠢᠯ ᠤᠨ | ᠭᠠᠵᠠᠷ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠰᠤᠷᠭᠠᠨ ᠬᠥᠮᠦᠵᠢᠯ ᠤᠨ ᠲᠢᠩᠬᠢᠮ ᠠᠴᠠ ᠲᠥᠷᠥᠯ | ᠵᠦᠢᠯ ᠢ ᠬᠡᠷᠡᠭᠵᠢᠭᠦᠯᠵᠦ ᠪᠠᠶᠢᠭ᠎ᠠ ᠡᠯ᠎ᠡ ᠰᠤᠷᠭᠠᠭᠤᠯᠢ ᠨᠤᠭᠤᠳ ᠲᠣᠰ ᠰᠤᠷᠭᠠᠭᠤᠯᠢ ᠶᠢᠨ ᠢᠶᠠᠨ ᠥᠭᠡᠷᠡᠴᠢᠯᠡᠯᠲᠡ ᠶᠢᠨ | ᠲᠥᠷᠥᠯ ᠵᠦᠢᠯ ᠢᠶᠠᠷ ᠰᠤᠳᠤᠯᠤᠭᠳᠠᠬᠤᠨ ᠢᠶᠠᠨ ᠪᠤᠯᠭᠠᠬᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠳᠦᠪ ᠢ | ᠢᠳᠡᠪᠬᠢᠲᠡᠢ ᠭᠤᠶᠤᠴᠢᠯᠠᠨ ᠮᠡᠳᠡᠭᠦᠯᠵᠦ᠂ ᠪᠠᠶᠢᠩᠭᠤ ᠶᠢᠨ ᠴᠢᠨᠠᠷᠲᠠᠢ ᠨᠡᠪᠲᠡᠷᠡᠯᠴᠡᠵᠦ ᠰᠣᠯᠢᠯᠴᠠᠬᠤ ᠲᠣᠭᠲᠠᠴᠠ ᠶᠢ | ᠪᠠᠶᠢᠭᠤᠯᠤᠨ᠂ ᠲᠥᠷᠥᠯ ᠵᠦᠢᠯ ᠤᠨ ᠰᠤᠷᠭᠠᠭᠤᠯᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠢᠭᠡ ᠨᠢ ᠤᠯᠠᠨ | ᠢ ᠳᠠᠭᠠᠭᠤᠯᠵᠤ᠂ ᠬᠦᠴᠦᠷᠬᠡᠭ ᠨᠢ ᠪᠠᠭᠤᠷᠠᠢ ᠶᠢ ᠳᠠᠭᠠᠭᠤᠯᠵᠤ᠂ ᠡᠯ᠎ᠡ ᠰᠤᠷᠭᠠᠭᠤᠯᠢ ᠲᠡᠩᠴᠡᠭᠦᠷᠢᠲᠡᠢ ᠬᠥᠭᠵᠢᠯᠲᠡ ᠶᠢᠨ | ᠪᠠᠶᠢᠳᠠᠯ ᠢ ᠪᠤᠶ ᠪᠤᠯᠭᠠᠬᠤ ᠬᠡᠷᠡᠭᠲᠡᠢ᠃ ᠡᠭᠦᠨ ᠤ ᠬᠠᠮᠲᠤ᠂ ᠰᠢᠨ᠎ᠡ ᠠᠷᠭ᠎ᠠ᠂ ᠪᠣᠳᠠᠲᠠᠢ ᠠᠷᠭ᠎ᠠ ᠶᠢ ᠢᠯᠡᠭᠦᠬᠡᠨ ᠬᠡᠷᠡᠭᠯᠡᠵᠦ᠂ | ᠪᠦᠭᠦ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠮᠤᠷ ᠲᠦᠪᠰᠢᠨ ᠡᠮᠬᠢ ᠵᠢᠷᠤᠮ ᠲᠠᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | | ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ︽3+1+2︾ ᠤᠨ ᠵᠠᠭᠪᠤᠷ ᠨᠢ ᠤᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠪᠠ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠲᠠᠢ ᠶᠠᠮᠠᠷ ᠢᠯᠭᠠᠭ᠎ᠠ ᠲᠠᠢ ᠪᠤᠶ︖ | | | ᠨᠢᠭᠡ ᠳᠤ᠂ ᠬᠠᠷᠠᠯᠲᠠ ᠤᠳᠤᠷᠢᠳᠤᠮᠵᠢ ᠨᠢ ᠠᠳᠠᠯᠢ ᠪᠤᠰᠤ᠃ ︽3+1+2︾ ᠤᠨ ᠵᠠᠭᠪᠤᠷ ᠨᠢ ᠹᠢᠽᠢᠺ᠂ | ᠲᠡᠦᠬᠡ ᠶᠢᠨ ᠰᠢᠨᠵᠢᠯᠡᠭᠡᠨ ᠤ ᠰᠠᠯᠠᠭ᠎ᠠ ᠶᠢᠨ ᠰᠠᠭᠤᠷᠢ ᠴᠢᠨᠠᠷᠲᠠᠢ ᠦᠢᠯᠡᠳᠦᠯ ᠢ ᠢᠯᠡᠷᠡᠭᠦᠯᠵᠦ᠂ ᠶᠡᠭᠡ ᠳᠡᠭᠡᠳᠦ | ᠰᠤᠷᠭᠠᠭᠤᠯᠢ ᠶᠢᠨ ᠠᠳᠠᠯᠢ ᠪᠤᠰᠤ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠰᠣᠩᠭᠤᠬᠤ | ᠱᠠᠭᠠᠷᠳᠠᠯᠭ᠎ᠠ ᠶᠢ ᠲᠤᠪᠤᠶᠢᠯᠭᠠᠵᠤ᠂ ᠰᠤᠷᠤᠬᠴᠢᠳ ᠤᠨ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠭᠦ ᠪᠣᠯᠣᠨ᠎ᠠ᠃ | | | ᠬᠤᠶᠠᠷ ᠲᠤ᠂ ᠰᠣᠩᠭᠤᠬᠤ ᠬᠢᠴᠢᠶᠡᠯ ᠲᠥᠷᠥᠯ ᠤᠨ ᠪᠦᠷᠢᠯᠳᠦᠯ ᠤᠨ ᠭᠡᠯᠪᠡᠷᠢ ᠨᠢ ᠨᠡᠩ ᠤᠯᠠᠨ᠃ ︽ | 3+1+2︾ ᠤᠨ ᠵᠠᠭᠪᠤᠷ ᠲᠤ᠂ ᠰᠢᠯᠭᠠᠭᠤᠯᠤᠭᠰᠠᠳ ᠳᠤᠷ᠎ᠠ ᠰᠣᠨᠢᠷᠬᠠᠯ ᠢᠶᠠᠨ ᠦᠨᠳᠦᠰᠦᠯᠡᠵᠦ᠂ ᠨᠡᠶᠢᠲᠡ 12 | ᠵᠦᠢᠯ ᠤᠨ ᠪᠦᠷᠢᠯᠳᠦᠯ ᠭᠡᠯᠪᠡᠷᠢ ᠠᠴᠠ ᠴᠢᠯᠦᠭᠡᠲᠡᠢ ᠰᠣᠩᠭᠤᠯᠲᠠ ᠬᠢᠵᠦ ᠪᠣᠯᠣᠨ᠎ᠠ᠃ ᠰᠢᠨ᠎ᠡ ᠬᠡᠪ ᠵᠠᠭᠪᠤᠷ ᠨᠢ | ᠰᠣᠷᠣᠬᠴᠢᠳ ᠤᠨ ᠰᠣᠩᠭᠤᠬᠤ ᠡᠷᠬᠡ ᠶᠢ ᠥᠷᠭᠡᠳᠬᠡᠭᠰᠡᠨ ᠢᠶᠠᠷ ᠪᠠᠷᠠᠬᠤ ᠦᠭᠡᠢ᠂ ᠨᠡᠶᠢᠭᠡᠮ ᠤᠨ ᠰᠢᠨᠵᠢᠯᠡᠬᠦ | ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠭᠤᠰᠤᠯᠴᠠᠯ ᠢ ᠠᠬᠢᠭᠤᠯᠵᠤ᠂ ᠡᠨᠡ ᠨᠢ ᠰᠤᠷᠭᠠᠨ | ᠬᠥᠮᠦᠵᠢᠯ ᠤᠨ ᠬᠥᠭᠵᠢᠯᠲᠡ ᠶᠢᠨ ᠵᠢᠮ᠎ᠡ ᠶᠣᠰᠣ ᠪᠠ ᠴᠢᠳᠠᠪᠤᠷᠢᠲᠠᠨ ᠤ ᠦᠰᠦᠨ ᠪᠣᠶᠢᠵᠢᠬᠤ ᠵᠢᠮ᠎ᠡ ᠶᠣᠰᠣ ᠲᠠᠢ ᠨᠠᠩ | ᠢᠯᠡᠭᠦᠦ ᠨᠡᠶᠢᠴᠡᠵᠦ᠂ ᠰᠣᠷᠣᠬᠴᠢ ᠶᠢᠨ ᠴᠢᠳᠠᠪᠤᠷᠢᠲᠠᠨ ᠪᠣᠯᠵᠤ ᠦᠰᠦᠨ ᠪᠣᠶᠢᠵᠢᠬᠤ ᠳᠤ ᠨᠠᠩ ᠣᠯᠠᠨ ᠲᠣᠭᠢᠶᠠᠯ | ᠣᠯᠭᠤᠬᠤ ᠪᠣᠯᠣᠨ᠎ᠠ᠃ | | | ᠭᠤᠷᠪᠠ ᠳᠤ᠂ ᠰᠢᠯᠭᠠᠯᠲᠠ ᠶᠢᠨ ᠠᠭᠤᠯᠭ᠎ᠠ ᠨᠢ ᠠᠳᠠᠯᠢ ᠦᠭᠡᠢ᠃ ︽3+1+2︾ ᠤᠨ ᠵᠠᠭᠪᠤᠷ ᠲᠤ᠂ | ᠰᠣᠷᠣᠬᠴᠢ ᠪᠦᠭᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠳᠤ ᠣᠷᠤᠯᠴᠠᠬᠤ ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠭᠡᠯᠡ ᠵᠡᠷᠭᠡ 3 ᠬᠢᠴᠢᠶᠡᠯ | ᠲᠦᠷᠦᠯ ᠤᠨ ᠰᠢᠯᠭᠠᠯᠲᠠ ᠳᠤ ᠣᠷᠤᠯᠴᠠᠬᠤ ᠳᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠬᠢᠴᠢᠶᠡᠯ ᠭᠡᠵᠦ ᠬᠤᠪᠢᠶᠠᠬᠤ ᠦᠭᠡᠢ᠂ ᠪᠤᠶ ᠪᠦᠬᠦᠢ ᠰᠢᠯᠭᠠᠭᠤᠯᠤᠭᠴᠢ ᠶᠢᠨ ᠰᠢᠯᠭᠠᠯᠲᠠ ᠶᠢᠨ | ᠬᠠᠭᠤᠳᠠᠰᠤ ᠨᠢ ᠪᠦᠷᠢᠮᠦᠰᠦᠨ ᠠᠳᠠᠯᠢ᠂ ᠬᠠᠷᠢᠨ ᠤᠯᠠᠮᠵᠢᠯᠠᠯᠲᠤ ᠨᠡᠶᠢᠭᠡᠮ ᠤᠨ ᠰᠢᠨᠵᠢᠯᠡᠬᠦ ᠤᠬᠠᠭᠠᠨ ᠪᠠ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠰᠢᠯᠭᠠᠭᠤᠯᠤᠭᠰᠠᠳ ᠤᠨ ᠲᠣᠭᠠᠨ ᠤ ᠤᠬᠠᠭᠠᠨ ᠤ | ᠰᠢᠯᠭᠠᠯᠲᠠ ᠶᠢᠨ ᠠᠭᠤᠯᠭ᠎ᠠ ᠪᠠ ᠬᠦᠴᠢᠷ ᠤᠨ ᠬᠡᠮᠵᠢᠶ᠎ᠡ ᠨᠢ ᠢᠯᠭᠠᠭ᠎ᠠ ᠲᠠᠢ ᠪᠠᠶᠢᠳᠠᠭ᠃ | | | ᠳᠥᠷᠪᠡ ᠳᠤ᠂ ᠰᠢᠯᠭᠠᠯᠲᠠ ᠶᠢᠨ ᠬᠤᠪᠢ ᠪᠠ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠬᠤ ᠠᠷᠭ᠎ᠠ | ᠮᠠᠶ᠋ᠢᠭ ᠨᠢ ᠠᠳᠠᠯᠢ ᠦᠭᠡᠢ᠃ ︽3+1+2︾ ᠤᠨ ᠵᠠᠭᠪᠤᠷ ᠲᠤ᠂ ᠪᠦᠭᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ | ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠᠶᠢᠨ ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡᠨ ᠤ | ᠬᠢᠴᠢᠶᠡᠯ ᠨᠢᠭᠡ ᠪᠦᠷᠢ ᠶᠢᠨ ᠪᠦᠷᠢᠨ ᠬᠤᠪᠢ ᠨᠢ 150 ᠬᠤᠪᠢ ᠪᠠᠶᠢᠵᠤ᠂ ᠲᠡᠷᠢᠭᠦᠨ ᠳᠤ ᠰᠣᠩᠭᠤᠭᠰᠠᠨ ᠬᠢᠴᠢᠶᠡᠯ | ᠲᠥᠷᠥᠯ ᠤᠨ ᠹᠢᠽᠢᠺ᠂ ᠲᠡᠦᠬᠡ ᠶᠢᠨ ᠬᠢᠴᠢᠶᠡᠯ ᠨᠢᠭᠡ ᠪᠦᠷᠢ ᠶᠢᠨ ᠪᠦᠷᠢᠨ ᠬᠤᠪᠢ ᠨᠢ ᠴᠥᠮ 100 ᠬᠤᠪᠢ ᠪᠠᠶᠢᠵᠤ᠂ | ᠰᠢᠯᠭᠠᠯᠲᠠ ᠶᠢᠨ ᠬᠢᠷᠢ ᠪᠦᠲᠦᠮᠵᠢ ᠶᠢ ᠴᠥᠮ ᠰᠢᠯᠭᠠᠯᠲᠠ ᠶᠢᠨ ᠤᠤᠯ ᠬᠤᠪᠢ ᠪᠠᠷ ᠰᠢᠯᠭᠠᠭᠤᠯᠤᠭᠴᠢ ᠶᠢᠨ ᠶᠡᠭᠡ | ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠢ ᠬᠢᠷᠢ | ᠪᠦᠲᠦᠮᠵᠢ ᠳᠤ ᠪᠤᠳᠤᠵᠤ ᠣᠷᠣᠭᠤᠯᠤᠨ᠎ᠠ;ᠳᠠᠭᠢᠨ ᠰᠣᠩᠭᠤᠬᠤ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ | ᠲᠥᠷᠥ᠂ ᠭᠠᠵᠠᠷ ᠵᠦᠢ᠂ ᠬᠢᠮᠢ ᠪᠠ ᠠᠮᠢᠳᠤ ᠪᠣᠳᠠᠰ ᠤᠨ ᠬᠢᠴᠢᠶᠡᠯ ᠨᠢᠭᠡᠪᠦᠷᠢ ᠶᠢᠨ ᠪᠦᠷᠢᠨ ᠬᠤᠪᠢ ᠨᠢ ᠴᠥᠮ | 100 ᠬᠤᠪᠢ ᠪᠠᠶᠢᠵᠤ᠂ ᠰᠢᠯᠭᠠᠯᠲᠠ ᠶᠢᠨ ᠬᠢᠷᠢ ᠪᠦᠲᠦᠮᠵᠢ ᠶᠢ ᠵᠡᠷᠭᠡ ᠳᠡᠰ ᠢᠶᠠᠷ ᠨᠢ ᠬᠤᠪᠢ ᠰᠣᠯᠢᠨ ᠪᠤᠳᠤᠵᠤ | ᠰᠢᠯᠭᠠᠭᠤᠯᠤᠭᠴᠢ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠶᠡᠷᠦᠩᠬᠡᠢ ᠬᠢᠷᠢ | ᠪᠦᠲᠦᠮᠵᠢ ᠳᠤ ᠪᠤᠳᠤᠵᠤ ᠣᠷᠣᠭᠤᠯᠤᠨ᠎ᠠ᠃ ᠤᠯᠠᠮᠵᠢᠯᠠᠯᠲᠤ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠲᠦᠷᠦᠯ ᠳᠤ ᠶᠡᠷᠦᠩᠬᠡᠢ ᠬᠢᠷᠢ ᠪᠦᠲᠦᠮᠵᠢ ᠶᠢ ᠴᠥᠮ ᠤᠤᠯ ᠬᠤᠪᠢ ᠪᠠᠷ ᠨᠢ ᠶᠡᠭᠡ ᠳᠡᠭᠡᠳᠦ | ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠳᠤ ᠪᠤᠳᠤᠵᠤ | ᠣᠷᠣᠭᠤᠯᠳᠠᠭ᠃ | | | ᠲᠠᠪᠤ ᠳᠤ᠂ ᠰᠡᠳᠦᠪ ᠭᠠᠷᠭᠠᠬᠤ ᠭᠤᠣᠯ ᠴᠣᠭᠴᠠ ᠨᠢ ᠠᠳᠠᠯᠢ ᠪᠤᠰᠤ᠃ ︽3+1+2︾ ᠤᠨ ᠵᠠᠭᠪᠤᠷ ᠲᠤ᠂ | ᠭᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠭᠡᠯᠡ ᠵᠡᠷᠭᠡ 3 ᠬᠢᠴᠢᠶᠡᠯ ᠲᠥᠷᠥᠯ ᠢ ᠰᠤᠷᠭᠠᠨ ᠬᠥᠮᠦᠵᠢᠯ ᠤᠨ | ᠶᠠᠮᠤᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠨᠢᠭᠡᠳᠦᠯᠲᠡᠢ ᠰᠡᠳᠦᠪ ᠭᠠᠷᠭᠠᠵᠤ᠂︽1+2︾ | ᠤᠨ ᠰᠣᠩᠭᠤᠯᠲᠠ ᠶᠢᠨ ᠴᠢᠨᠠᠷᠲᠠᠢ ᠰᠢᠯᠭᠠᠯᠲᠠ ᠶᠢᠨ ᠬᠢᠴᠢᠶᠡᠯ ᠲᠥᠷᠥᠯ ᠢ ᠥᠪᠡᠷᠲᠡᠭᠡᠨ ᠵᠠᠰᠠᠬᠤ ᠣᠷᠣᠨ ᠠᠴᠠ | ᠨᠢᠭᠡᠳᠦᠯᠲᠡᠢ ᠰᠡᠳᠦᠪ ᠭᠠᠷᠭᠠᠨ᠎ᠠ᠃ ᠮᠠᠨ ᠤ ᠣᠷᠣᠨ ᠤ ᠤᠯᠠᠮᠵᠢᠯᠠᠯᠲᠤ ᠨᠡᠶᠢᠭᠡᠮ ᠤᠨ ᠰᠢᠨᠵᠢᠯᠡᠬᠦ ᠤᠬᠠᠭᠠᠨ ᠪᠠ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠨᠢ ᠴᠥᠮ ᠪᠦᠭᠦ ᠤᠯᠤᠰ ᠤᠨ ᠶᠡᠭᠡ ᠳᠡᠭᠡᠳᠦ | ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠴᠢᠶᠡᠯ ᠲᠥᠷᠥᠯ ᠪᠠᠶᠢᠵᠤ᠂ | ᠰᠤᠷᠭᠠᠨ ᠬᠥᠮᠦᠵᠢᠯ ᠤᠨ ᠶᠠᠮᠤᠨ ᠠᠴᠠ ᠨᠢᠭᠡᠳᠦᠯᠲᠡᠢ ᠰᠡᠳᠦᠪ ᠭᠠᠷᠭᠠᠳᠠᠭ᠃ | |