ᠴᠠᠰᠤ ᠣᠷᠣᠭᠰᠠᠨ ᠪᠠ ᠵᠠᠮ ᠳᠡᠭᠡᠷ᠎ᠡ ᠮᠥᠰᠥᠳᠦᠭᠰᠡᠨ ᠠᠴᠠ ᠪᠦᠭᠦ ᠤᠯᠤᠰ ᠤᠨ 134 ᠬᠡᠰᠡᠭ ᠵᠠᠮ ᠢ ᠪᠢᠲᠡᠭᠦᠮᠵᠢᠯᠡᠵᠡᠢ
ᠨᠡᠶᠢᠲᠡᠯᠡᠭᠰᠡᠨ ᠴᠠᠭ᠄
2023/12/12
     ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠮ ᠤᠨ ᠲᠣᠣᠷ ᠤᠨ ᠲᠥᠪ ᠤᠨ ᠵᠠᠮ ᠤᠨ ᠪᠠᠶᠢᠳᠠᠯ ᠤᠨ ᠮᠡᠳᠡᠭᠡ ᠵᠠᠩᠭᠢ᠄ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠲᠥᠪ ᠲᠠᠢ ᠵᠥᠪᠳᠡᠯᠴᠡᠵᠦ᠂ 12 ᠰᠠᠷ᠎ᠠ ᠶᠢᠨ 10 ᠤ ᠡᠳᠦᠷ ᠤᠨ 20 ᠴᠠᠭ ᠠᠴᠠ 11 ᠤ ᠡᠳᠦᠷ ᠤᠨ 20 ᠴᠠᠭ ᠪᠤᠯᠲᠠᠯ᠎ᠠ᠂ ᠥᠪᠥᠷ ᠮᠣᠩᠭᠤᠯ ᠤᠨ ᠳᠤᠮᠳᠠ ᠵᠡᠭᠦᠨ ᠪᠡᠶ᠎ᠡ᠂ ᠭᠢᠷᠢᠨ ᠤ ᠵᠡᠭᠦᠨ ᠡᠮᠦᠨ᠎ᠡ ᠪᠡᠶ᠎ᠡ᠂ ᠯᠢᠶᠣᠤᠨᠢᠩ ᠤᠨ ᠵᠡᠭᠦᠨ ᠪᠡᠶ᠎ᠡ᠂ ᠰᠢᠨᠵᠢᠶᠠᠩ ᠤᠨ ᠬᠤᠶᠢᠲᠤ ᠪᠡᠶ᠎ᠡ᠂ ᠲᠥᠪᠡᠳ ᠤᠨ ᠵᠡᠭᠦᠨ ᠪᠡᠶ᠎ᠡ᠂ ᠪᠠᠷᠠᠭᠤᠨ ᠬᠤᠶᠢᠲᠤ ᠣᠷᠣᠨ ᠤ ᠳᠤᠮᠳᠠ ᠪᠡᠶ᠎ᠡ᠂ ᠱᠠᠨᠰᠢ ᠶᠢᠨ ᠵᠡᠭᠦᠨ ᠪᠡᠶ᠎ᠡ᠂ ᠤᠮᠠᠷᠠᠲᠤ ᠣᠷᠣᠨ᠂ ᠬᠠᠲᠤᠨ ᠭᠤᠣᠯ ᠬᠤᠸᠠᠶᠢᠾᠧ ᠭᠤᠣᠯ ᠤᠨ ᠶᠡᠬᠡᠩᠬᠢ ᠬᠡᠰᠡᠭ᠂ ᠰᠧᠴᠤᠸᠠᠨ ᠤ ᠪᠠᠷᠠᠭᠤᠨ ᠪᠡᠶ᠎ᠡ ᠶᠢᠨ ᠥᠨᠳᠦᠷᠯᠢᠭ ᠤᠨ ᠬᠤᠶᠢᠲᠤ ᠬᠡᠰᠡᠭ ᠵᠡᠷᠭᠡ ᠭᠠᠵᠠᠷ ᠣᠷᠣᠨ ᠳᠤ ᠪᠠᠭ᠎ᠠ ᠠᠴᠠ ᠳᠤᠮᠳᠠ ᠴᠠᠰᠤ ᠪᠤᠶᠤ ᠴᠠᠰᠤ ᠪᠣᠷᠣᠭᠠᠨ ᠬᠤᠯᠢᠯᠳᠤᠨ ᠣᠷᠣᠵᠤ᠂ ᠡᠭᠦᠨ ᠳᠤ ᠱᠠᠨᠰᠢ ᠶᠢᠨ ᠳᠤᠮᠳᠠ ᠪᠡᠶ᠎ᠡ᠂ ᠱᠠᠨ ᠰᠢ ᠶᠢᠨ ᠳᠤᠮᠳᠠ ᠡᠮᠦᠨ᠎ᠡ ᠪᠡᠶ᠎ᠡ᠂ ᠪᠡᠭᠡᠵᠢᠩ ᠤᠨ ᠪᠠᠷᠠᠭᠤᠨ ᠡᠮᠦᠨ᠎ᠡ ᠪᠡᠶ᠎ᠡ᠂ ᠾᠧᠪᠧᠢ ᠶᠢᠨ ᠡᠮᠦᠨ᠎ᠡ ᠪᠡᠶ᠎ᠡ᠂ ᠾᠧᠨᠠᠨ ᠤ ᠬᠤᠶᠢᠲᠤ ᠪᠡᠶ᠎ᠡ᠂ ᠱᠠᠨᠳᠦ᠋ᠩ ᠤᠨ ᠪᠠᠷᠠᠭᠤᠨ ᠪᠡᠶ᠎ᠡ ᠪᠠ ᠬᠤᠶᠢᠭ ᠤᠨ ᠵᠡᠭᠦᠨ ᠪᠡᠶ᠎ᠡ᠂ ᠯᠢᠶᠤᠤᠨᠢᠩ ᠤᠨ ᠵᠡᠭᠦᠨ ᠡᠮᠦᠨ᠎ᠡ ᠪᠡᠶ᠎ᠡ ᠵᠡᠷᠭᠡ ᠭᠠᠵᠠᠷ ᠲᠤ ᠶᠡᠭᠡ ᠴᠠᠰᠤ ᠪᠤᠶᠤ ᠣᠨᠴᠠ ᠶᠡᠭᠡ ᠴᠠᠰᠤ ᠲᠠᠢ᠃ ᠵᠧᠵᠢᠶᠠᠩ ᠤᠨ ᠳᠤᠮᠳᠠ ᠡᠮᠦᠨ᠎ᠡ ᠪᠡᠶ᠎ᠡ᠂ ᠹᠦᠵᠢᠶᠠᠨ ᠤ ᠬᠤᠶᠢᠲᠤ ᠪᠡᠶ᠎ᠡ᠂ ᠵᠢᠶᠠᠩᠰᠢ ᠶᠢᠨ ᠳᠤᠮᠳᠠ ᠪᠡᠶ᠎ᠡ᠂ ᠬᠤᠨᠠᠨ ᠤ ᠵᠡᠭᠦᠨ ᠡᠮᠦᠨ᠎ᠡ ᠪᠡᠶ᠎ᠡ᠂ ᠭᠤᠸᠠᠩᠳᠦ᠋ᠩ ᠤᠨ ᠳᠤᠮᠳᠠ ᠪᠠᠷᠠᠭᠤᠨ ᠪᠡᠶ᠎ᠡ᠂ ᠬᠠᠶᠢᠨᠠᠨ ᠠᠷᠠᠯ ᠤᠨ ᠳᠤᠮᠳᠠ ᠵᠡᠭᠦᠨ ᠪᠡᠶ᠎ᠡ᠂ ᠰᠧᠴᠤᠸᠠᠨ ᠤ ᠳᠤᠮᠳᠠ ᠪᠡᠶ᠎ᠡ᠂ ᠴᠦᠩᠴᠢᠩ ᠤᠨ ᠪᠠᠷᠠᠭᠤᠨ ᠡᠮᠦᠨ᠎ᠡ ᠪᠡᠶ᠎ᠡ᠂ ᠶᠦᠨᠨᠠᠨ ᠤ ᠡᠮᠦᠨ᠎ᠡ ᠪᠡᠶ᠎ᠡ ᠵᠡᠷᠭᠡ ᠭᠠᠵᠠᠷ ᠤᠨ ᠬᠡᠰᠡᠭ ᠭᠠᠵᠠᠷ ᠲᠤ ᠮᠠᠨᠠᠨ ᠲᠠᠢ᠃
     11 ᠤ ᠡᠳᠦᠷ ᠤᠨ 7 ᠴᠠᠭ ᠪᠤᠯᠲᠠᠯ᠎ᠠ᠂ ᠴᠠᠰᠤ ᠣᠷᠣᠭᠰᠠᠨ ᠪᠠ ᠵᠠᠮ ᠮᠥᠰᠥᠳᠦᠭᠰᠡᠨ ᠨᠥᠯᠥᠭᠡ ᠪᠠᠷ ᠪᠡᠭᠡᠵᠢᠩ᠂ ᠲᠢᠶᠠᠨᠵᠢᠨ᠂ ᠾᠧᠪᠧᠢ᠂ ᠱᠠᠨ ᠰᠢ᠂ ᠥᠪᠥᠷ ᠮᠣᠩᠭᠤᠯ᠂ ᠬᠠᠷᠠᠮᠥ᠋ᠷᠡᠨ᠂ ᠱᠠᠨᠳᠦ᠋ᠩ᠂ ᠾᠧᠨᠠᠨ᠂ ᠱᠠᠨᠰᠢ᠂ ᠭᠠᠨᠰᠤ᠂ ᠬᠥᠬᠡᠨᠠᠭᠤᠷ᠂ ᠰᠢᠨᠵᠢᠶᠠᠩ ᠤᠨ ᠬᠢᠯᠢ ᠳᠣᠲᠣᠷᠠᠬᠢ 134 ᠵᠠᠮ ᠤᠨ ᠬᠡᠰᠡᠭ (95 ᠲᠦᠷᠭᠡᠨ ᠤ ᠵᠠᠰᠠᠮᠠᠯ ᠵᠠᠮ᠂ 4 ᠤᠯᠤᠰ ᠤᠨ ᠡᠩ ᠤᠨ ᠵᠠᠮ ᠲᠠᠢ ᠬᠤᠯᠪᠣᠭᠳᠠᠨ᠎ᠠ) ᠢ ᠪᠢᠲᠡᠭᠦᠮᠵᠢᠯᠡᠪᠡ᠃
     ᠡᠭᠦᠨ ᠳᠤ ᠥᠪᠥᠷ ᠮᠣᠩᠭᠤᠯ᠄            G6 ᠪᠡᠭᠡᠵᠢᠩ ᠠᠴᠠ ᠲᠥᠪᠡᠳ ᠬᠦᠷᠬᠦ ᠲᠦᠷᠭᠡᠨ ᠤ ᠵᠠᠰᠠᠮᠠᠯ ᠵᠠᠮ ᠤᠨ ᠪᠠᠶᠠᠨᠬᠤᠸᠠ ᠠᠴᠠ ᠰᠢᠩ ᠾᠧ ᠬᠦᠷᠬᠦ ᠬᠡᠰᠡᠭ᠂ G7 ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠰᠠᠮᠠᠯ ᠵᠠᠮ ᠤᠨ ᠴᠢ ᠰᠢᠶᠠ ᠶᠢᠩ ᠠᠴᠠ ᠰᠢᠩ ᠾᠧ ᠰᠢᠶᠠᠨ ᠬᠦᠷᠬᠦ ᠡᠮᠦᠨ᠎ᠡ ᠬᠡᠰᠡᠭ᠂ G1013 ᠬᠠᠶᠢᠯᠠᠷ ᠦᠷᠲᠡᠭᠡ ᠠᠴᠠ ᠴᠢᠭᠤᠯᠤᠯᠲᠤ ᠬᠠᠭᠠᠯᠭ᠎ᠠ ᠬᠦᠷᠬᠦ ᠲᠦᠷᠭᠡᠨ ᠤ ᠵᠠᠰᠠᠮᠠᠯ ᠵᠠᠮ ᠤᠨ ᠬᠠᠪᠢᠷᠭ᠎ᠠ ᠵᠡᠭᠦᠨ ᠠᠴᠠ ᠭᠦᠨᠪᠤᠯᠠᠭ ᠬᠦᠷᠬᠦ ᠬᠡᠰᠡᠭ᠂ G18 ᠷᠦᠩ ᠴᠧᠩ  ᠠᠴᠠ ᠦᠬᠠᠢ ᠬᠦᠷᠬᠦ ᠲᠦᠷᠭᠡᠨ ᠤ ᠵᠠᠰᠠᠮᠠᠯ ᠵᠠᠮ ᠤᠨ ᠱᠢ ᠴᠢ ᠭᠧᠦ ᠠᠴᠠ ᠰᠢᠤᠸᠠᠢ ᠵᠢᠶᠠ ᠸᠠᠨ ᠬᠦᠷᠬᠦ ᠵᠡᠭᠦᠨ ᠬᠡᠰᠡᠭ᠂ G55 ᠡᠷᠢᠶᠡᠨ ᠦᠷᠳᠡᠭᠡ ᠠᠴᠠ ᠭᠤᠸᠠᠩᠵᠧᠦ ᠬᠦᠷᠬᠦ ᠲᠦᠷᠭᠡᠨ ᠤ ᠵᠠᠰᠠᠮᠠᠯ ᠵᠠᠮ ᠤᠨ ᠰᠠᠶᠢᠬᠠᠨᠲᠠᠯ᠎ᠠ ᠶᠢᠨ ᠬᠤᠶᠢᠲᠤ ᠠᠴᠠ ᠹᠧᠩᠵᠧᠨ ᠬᠦᠷᠬᠦ ᠬᠡᠰᠡᠭ᠂ G5511 ᠵᠢᠨᠢᠩ ᠠᠴᠠ ᠠᠷᠦᠨ ᠬᠦᠷᠬᠦ ᠲᠦᠷᠭᠡᠨ ᠤ ᠵᠠᠰᠠᠮᠠᠯ ᠵᠠᠮ ᠤᠨ ᠪᠠᠶᠠᠨᠴᠠᠭᠠᠨ ᠵᠡᠭᠦᠨ ᠠᠴᠠ ᠳᠣᠯᠣᠳᠤᠭᠠᠷ ᠲᠦᠷ ᠴᠠᠭ ᠤᠨ ᠭᠤᠣᠯ ᠱᠤᠭᠤᠮ ᠤᠨ ᠬᠡᠰᠡᠭ᠂ G59 ᠭᠦᠭᠡᠬᠤᠲᠠ  ᠠᠴᠠ ᠪᠧᠢ ᠬᠠᠢ ᠬᠦᠷᠬᠦ ᠲᠦᠷᠭᠡᠨ ᠤ ᠵᠠᠰᠠᠮᠠᠯ ᠵᠠᠮ ᠤᠨ ᠪᠦᠭᠦ ᠱᠤᠭᠤᠮ᠂ G5901 ᠭᠦᠭᠡᠬᠤᠲᠠ ᠶᠢᠨ ᠬᠤᠲᠠ ᠲᠣᠭᠤᠷᠢᠭᠰᠠᠨ ᠲᠦᠷᠭᠡᠨ ᠤ ᠵᠠᠰᠠᠮᠠᠯ ᠵᠠᠮ ᠤᠨ ᠪᠦᠭᠦ ᠱᠤᠭᠤᠮ᠂ G65 ᠪᠤᠭᠤᠲᠤ ᠠᠴᠠ ᠮᠣᠣ ᠮᠢᠩ ᠬᠦᠷᠬᠦ ᠲᠦᠷᠭᠡᠨ ᠤ ᠵᠠᠰᠠᠮᠠᠯ ᠵᠠᠮ ᠤᠨ ᠪᠦᠭᠦ ᠱᠤᠭᠤᠮ᠂ S54 ᠵᠢᠨᠢᠩ ᠵᠡᠭᠦᠨ ᠤ ᠬᠤᠲᠠ ᠶᠢ ᠲᠣᠭᠤᠷᠢᠭᠰᠠᠨ ᠲᠦᠷᠭᠡᠨ ᠤ ᠵᠠᠰᠠᠮᠠᠯ ᠵᠠᠮ ᠤᠨ ᠪᠦᠭᠦ ᠱᠤᠭᠤᠮ᠃      ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号