ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠰᠠᠶᠢᠬᠠᠨ‌‍ᠲ᠋ᠣᠭᠤᠷᠢᠭ ‍ᠤᠨ‌‍ᠲ᠋ᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠰᠢᠪᠲᠤᠯᠤᠯᠲᠠ ᠶᠢᠨ ᠪᠠᠶᠢᠳᠠᠯ ᠢᠶᠠᠷ ᠵᠠᠯᠢ ᠮᠡᠭᠡ ᠶᠢ ᠡᠰᠡᠷᠭᠦᠴᠡᠬᠦ ᠠᠵᠢᠯ ᠤᠨ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ
ᠨᠡᠶᠢᠲᠡᠯᠡᠭᠰᠡᠨ ᠴᠠᠭ᠄
2023/12/12
ᠪᠥᠬᠦ ᠠᠷᠠᠳ ᠢᠶᠠᠷ ᠢᠶᠠᠨ ᠮᠡᠬᠡᠯᠡᠨ ᠬᠢᠬᠠᠬᠤ ᠶᠢ ᠡᠰᠡᠷᠭᠦᠴᠡᠬᠦ ᠠᠵᠢᠯ ᠢ ᠭᠦᠨᠵᠡᠭᠡᠢ ᠥᠷᠨᠢᠭᠦᠯᠬᠦ ᠲᠤᠬᠠᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳ᠋ᠦᠩᠨᠡᠯᠲᠡ ᠶᠢᠨ ᠮᠡᠳᠡᠭᠦᠯᠦᠯᠲᠡ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠄          ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠣᠷᠣᠨ ᠵᠠᠢ ᠶᠢ ᠤᠯᠠᠮ ᠨᠢᠭᠡ ᠠᠯᠬᠤᠮ ᠪᠠᠭᠠᠰᠬᠠᠬᠤ ᠶᠢᠨ ᠲᠥᠯᠥᠭᠡ᠂ ᠪᠦᠬᠦ ᠠᠷᠠᠳ ᠢᠶᠠᠷ ᠢᠶᠠᠨ ᠮᠡᠬᠡᠯᠡᠨ ᠬᠢᠬᠠᠬᠤ ᠶᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠣᠯᠪᠠᠰᠤᠨ ᠡᠶ᠎ᠡ ᠵᠣᠬᠢᠴᠠᠩᠭᠤᠢ ᠠᠮᠤᠷ ᠠᠮᠤᠭᠤᠯᠠᠩ ᠰᠠᠶᠢᠬᠠᠨ ᠲᠣᠭᠤᠷᠢᠭ ᠢᠶᠠᠨ ᠡᠭᠦᠳᠦᠨ ᠪᠠᠶᠢᠭᠤᠯᠵᠤ᠂ ᠮᠠᠨ ᠤ ᠣᠷᠣᠨ ᠰᠢ ᠶᠢᠨ ᠫᠢᠩ ᠶᠡᠷᠦᠩᠬᠡᠢ ᠱᠦᠵᠢ ᠶᠢᠨ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠴᠢᠬᠤᠯᠠ ᠵᠢᠭᠠᠪᠤᠷᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ ᠤᠳᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠳ᠋ᠦᠩᠨᠡᠶ᠎ᠡ᠃      ᠨᠢᠭᠡ᠂ ᠨᠠᠮ ᠤᠨ ᠬᠤᠷᠢᠶ᠎ᠠ ᠡᠴᠡ‌ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠭᠰᠠᠨ᠂ ᠳᠣᠲᠣᠭᠠᠳᠤ ᠢ ᠬᠠᠮᠠᠭᠠᠯᠠᠬᠤ ᠪᠠᠷ ᠲᠦᠷᠦᠭᠦᠯᠡᠭᠦᠯᠦᠭᠰᠡᠨ᠂ ᠬᠦᠴᠦ ᠪᠠᠨ ᠬᠠᠮᠲᠤᠳᠬᠠᠨ ᠠᠬᠢᠭᠤᠯᠤᠭᠰᠠᠨ ᠠᠵᠢᠯ ᠤᠨ ᠪᠠᠶᠢᠷᠢᠰᠢᠯ ᠢ ᠢᠳᠡᠪᠬᠢᠲᠡᠢ ᠪᠠᠷ ᠪᠤᠢ ᠪᠣᠯᠭᠠᠬᠤ ᠬᠡᠷᠡᠭᠲᠡᠢ            ᠣᠶᠢᠷ᠎ᠠ ᠶᠢᠨ ᠵᠢᠯ ᠠᠴᠠ᠂ ᠰᠠᠶᠢᠬᠠᠨ ᠲᠣᠭᠤᠷᠢᠭ ᠨᠠᠮ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠤᠳᠤᠷᠢᠳᠤᠯᠭ᠎ᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠠᠬᠢᠴᠠ ᠶᠢ ᠰᠣᠨᠣᠰᠴᠤ᠂ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ ᠴᠢᠩᠭᠠᠳᠬᠠᠵᠠᠢ᠃  ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ  ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠬᠠᠮᠲᠤᠷᠠᠨ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠲᠡᠭᠦᠨ ᠢ ᠵᠠᠰᠠᠬᠤ ᠬᠤᠯᠪᠣᠭᠳᠠᠯ ᠪᠦᠬᠦᠢ ᠠᠵᠢᠯ ᠢ ᠴᠢᠩᠭ᠎ᠠ ᠴᠡᠭᠴᠡᠯᠡᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠬᠥᠬᠡᠬᠤᠲᠠ ᠤᠷᠤᠯᠳᠤᠭᠠᠨ ᠵᠠᠰᠠᠭ ᠥᠰᠥᠭ ﹇2023﹈ 7 ᠳ᠋ᠤᠭᠠᠷ ᠲᠣᠭᠠᠲᠤ︶ ᠵᠡᠷᠭᠡ 3 ᠲᠤᠰᠬᠠᠢ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠣᠷᠣᠨ ᠤ ᠱᠠᠲᠤᠨ ᠤ ᠲᠠᠯ᠎ᠠ  ᠠᠴᠠ ᠠᠵᠢᠯ ᠤᠨ ᠬᠢᠵᠠᠭᠠᠷᠯᠠᠬᠤ ᠲᠣᠭᠲᠠᠴᠠ ᠶᠢ ᠲᠣᠭᠲᠠᠭᠠᠪᠠ᠃ ᠣᠷᠣᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠢᠶᠠᠷ ᠲᠦᠷᠦᠭᠦᠯᠡᠭᠦᠯᠦᠨ᠂ ᠡᠯ᠎ᠡ ᠬᠠᠷᠢᠶ᠎ᠠ ᠭᠠᠵᠠᠷ ᠣᠷᠣᠨ ᠵᠢᠴᠢ ᠵᠠᠬ᠎ᠠ ᠳᠡᠯᠭᠡᠭᠦᠷ᠂ ᠠᠵᠤ ᠦᠢᠯᠡᠳᠪᠦᠷᠢ ᠮᠡᠳᠡᠭᠡ ᠵᠠᠩᠭᠢ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠵᠦ᠂ ᠬᠠᠷᠢᠶ᠎ᠠ ᠭᠠᠵᠠᠷ ᠤᠨ ᠠᠵᠢᠯ ᠤᠨ ᠡᠵᠡᠨ ᠮᠡᠳᠡᠬᠦ ᠴᠢᠨᠠᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠢᠳᠡᠪᠬᠢᠵᠢᠯ ᠢ ᠪᠠᠳᠠᠷᠠᠭᠤᠯᠤᠨ᠂ ᠴᠣᠬᠢᠯᠲᠠ ᠥᠭᠴᠦ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠴᠢᠷᠮᠠᠶᠢᠨ ᠠᠬᠢᠭᠤᠯᠤᠨ᠎ᠠ᠃ ᠡᠳᠦᠷ ᠲᠤᠲᠤᠮ ᠤᠨ ᠠᠵᠢᠯ ᠤᠨ ᠳᠤᠮᠳᠠ ᠲᠣᠭᠤᠶᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠᠷ ᠲᠦᠷᠦᠭᠦᠯᠡᠭᠦᠯᠦᠨ᠂  ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ‌‍ᠶᠢᠨ ᠬᠤᠷᠢᠶ᠎ᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠲᠠᠢ ᠬᠠᠮᠲᠤᠷᠠᠨ‌‍ᠲ᠋ᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠵᠤ᠂ ᠭᠤᠣᠯᠳᠠᠯᠭ᠎ᠠ ᠲᠠᠢ ᠠᠵᠢᠯ ᠢ ᠰᠤᠳᠤᠯᠤᠨ ᠲᠣᠬᠢᠷᠠᠭᠤᠯᠪᠠ᠃      ᠬᠤᠶᠠᠷ᠂ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠶᠢ ᠦᠷᠭᠦᠯᠵᠢᠯᠡᠨ ᠴᠢᠩᠭ᠎ᠠ ᠠᠳᠬᠤᠵᠤ᠂ ᠤᠯᠤᠰ ᠤᠨ ᠵᠠᠯᠢ ᠮᠡᠭᠡ ᠶᠢ ᠡᠰᠡᠷᠭᠦᠴᠡᠬᠦ ᠲᠥᠪ ᠤᠨ APP ᠶᠢ ᠳᠡᠯᠭᠡᠷᠡᠭᠦᠯᠦᠨ ᠤᠭᠰᠠᠷᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ            ︽ᠤᠯᠤᠰ ᠤᠨ ᠮᠡᠬᠡᠯᠡᠨ ᠬᠢᠬᠠᠬᠤ ᠶᠢ ᠡᠰᠡᠷᠭᠦᠴᠡᠬᠦ ᠲᠥᠪ︾ ᠤᠨ APP ᠶᠢ ᠳᠡᠯᠭᠡᠷᠡᠭᠦᠯᠦᠨ ᠤᠭᠰᠠᠷᠠᠬᠤ ᠠᠵᠢᠯ ᠢ ᠲᠦᠯᠬᠢᠨ ᠠᠬᠢᠭᠤᠯᠬᠤ ᠶᠢ ᠴᠣᠬᠢᠯᠲᠠ ᠥᠭᠴᠦ ᠵᠠᠰᠠᠬᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠲᠣᠭᠤᠷᠢᠭ ᠤᠨ ᠨᠠᠮ ᠤᠨ ᠬᠤᠷᠢᠶ᠎ᠠ᠂  ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠭᠤᠣᠯ ᠬᠦᠴᠦᠨ ᠢᠶᠠᠷ ᠲᠦᠯᠬᠢᠨ ᠠᠬᠢᠭᠤᠯᠵᠤ᠂ ᠬᠠᠷᠢᠶ᠎ᠠ ᠭᠠᠵᠠᠷ ᠤᠨ ᠶᠡᠷᠦᠩᠬᠡᠶᠢᠯᠡᠨ ᠵᠠᠰᠠᠬᠤ ᠲᠥᠪ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠠᠳᠠᠷᠠᠭᠤᠯᠵᠤ᠂ ᠺᠠᠳ᠋ᠷ ᠠᠵᠢᠯᠲᠠᠨ ᠠᠵᠢᠯᠴᠢᠨ᠂ ᠬᠠᠷᠢᠶᠠᠲᠤ ᠣᠷᠣᠨ ᠤ ᠰᠠᠭᠤᠭᠠᠯᠢ ᠠᠷᠠᠳ᠂ ᠰᠤᠷᠭᠠᠭᠤᠯᠢ ᠶᠢᠨ ᠪᠠᠭᠰᠢ ᠰᠤᠷᠤᠭᠴᠢᠳ ᠢ ᠳᠡᠯᠭᠡᠷᠡᠭᠦᠯᠦᠨ ᠤᠭᠰᠠᠷᠠᠭᠤᠯᠬᠤ ᠶᠢ ᠪᠠᠶᠢᠩᠭᠤᠵᠢᠭᠤᠯᠤᠨ ᠳᠠᠶᠢᠴᠢᠯᠠᠨ᠎ᠠ᠃ ᠡᠨᠡ ᠵᠢᠯ ᠤᠨ 9 ᠰᠠᠷ᠎ᠠ ᠳᠤ᠂ ᠲᠣᠭᠤᠷᠢᠭ ‍ᠤᠨ‌ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ 1 ᠰᠠᠷ᠎ᠠ ᠶᠢᠨ ᠬᠤᠭᠤᠴᠠᠭ᠎ᠠ ᠲᠠᠢ ᠬᠤᠶᠠᠳᠤᠭᠠᠷ ᠡᠭᠡᠯᠵᠢ ᠶᠢᠨ ᠤᠭᠰᠠᠷᠠᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠳᠡᠯᠭᠡᠷᠡᠭᠦᠯᠪᠡ᠃ ᠲᠤᠰ ᠤᠳᠠᠭᠠᠨ ᠤ ᠪᠣᠭᠤᠮᠲᠠ ᠰᠢᠪᠲᠤᠯᠬᠤ ᠠᠵᠢᠯᠯᠠᠭ᠎ᠠ ᠶᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠲᠦᠷᠦᠭᠦᠯᠡᠨ ᠲᠤᠰᠬᠠᠢ ᠠᠩᠭᠢ ᠵᠣᠬᠢᠶᠠᠨ ᠪᠠᠶᠢᠭᠤᠯᠵᠤ ᠠᠬᠢᠭᠤᠯᠵᠤ᠂ ᠪᠦᠬᠦ ᠣᠷᠣᠨ ᠤ ᠬᠡᠪᠴᠢᠶᠡᠨ ᠳᠤ ᠨᠠᠮ ᠤᠨ ᠭᠡᠰᠢᠭᠦᠨ ᠺᠠᠳ᠋ᠷ ᠲᠦᠷᠦᠭᠦᠯᠡᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠵᠢᠱᠢᠶᠡᠴᠢ ᠪᠣᠯᠬᠤ᠂ ︽ᠬᠡᠰᠡᠭ ᠬᠤᠪᠢᠶᠠᠨ ᠳᠠᠭᠠᠭᠠᠴᠢᠯᠠᠭᠤᠯᠬᠤ︾ ᠵᠢᠴᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠵᠢᠯᠤᠭᠤᠳᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠵᠢᠵᠢᠭ ᠲᠣᠭᠤᠷᠢᠭ᠂ ᠨᠢᠭᠡᠴᠡ ᠳᠠᠷᠠᠭᠠᠯᠠᠨ ᠲᠤᠬᠠᠢ ᠶᠢᠨ ᠭᠠᠵᠠᠷ ᠲᠤᠨᠢ ᠳᠡᠯᠭᠡᠷᠡᠭᠦᠯᠦᠨ ᠤᠭᠰᠠᠷᠠᠬᠤ ᠶᠢᠨ ᠬᠠᠮᠲᠤ ᠡᠳᠦᠷ ᠤᠨ ᠲᠣᠬᠢᠷᠠᠭᠤᠯᠤᠯᠲᠠ᠂ ᠡᠳᠦᠷ ᠤᠨ ᠮᠡᠳᠡᠭᠡᠯᠡᠬᠦ ᠲᠣᠭᠲᠠᠴᠠ ᠶᠢ ᠬᠡᠷᠡᠭᠵᠢᠭᠦᠯᠵᠦ᠂ 10 ᠡᠳᠦᠷ ᠲᠤ ᠳᠡᠯᠭᠡᠷᠡᠭᠦᠯᠦᠨ ᠤᠭᠰᠠᠷᠠᠭᠤᠯᠤᠭᠰᠠᠨ ᠬᠥᠮᠥᠨ ᠤ ᠲᠤᠭ᠎ᠠ 11.3 ᠲᠦᠮᠡ ᠶᠢ ᠳᠠᠪᠠᠵᠤ᠂ ᠤᠭᠰᠠᠷᠠᠨ ᠳᠠᠩᠰᠠᠯᠠᠭᠤᠯᠤᠭᠰᠠᠨ ᠬᠥᠮᠥᠨ ᠤ ᠲᠤᠭ᠎ᠠ ᠨᠡᠶᠢᠲᠡ 49 ᠲᠦᠮᠡ ᠶᠢ ᠳᠠᠪᠠᠵᠤ᠂ ᠳᠠᠩᠰᠠᠯᠠᠭᠤᠯᠤᠭᠰᠠᠨ ᠨᠣᠷᠮ᠎ᠠ ᠨᠢ 55.44% ᠪᠠᠶᠢᠵᠤ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠳᠠᠩᠰᠠᠯᠠᠭᠤᠯᠤᠭᠰᠠᠨ ᠬᠡᠮᠵᠢᠶ᠎ᠡ᠂ ᠳᠠᠩᠰᠠᠯᠠᠭᠤᠯᠤᠭᠰᠠᠨ ᠨᠣᠷᠮ᠎ᠠ ᠨᠢ ᠴᠥᠮ ᠬᠤᠲᠠ ᠶᠢᠨ ᠳᠥᠷᠪᠡᠨ ᠲᠣᠭᠤᠷᠢᠭ ᠤᠨ ᠨᠢᠭᠡᠳᠦᠭᠡᠷ ᠲᠤ ᠣᠷᠣᠪᠠ᠃      ᠭᠤᠷᠪᠠ᠂ ᠰᠡᠷᠡᠮᠵᠢᠯᠡᠭᠦᠯᠬᠦ ᠬᠥᠮᠦᠵᠢᠯ ᠢ ᠪᠥᠬᠦ ᠲᠠᠯ᠎ᠠ ᠪᠠᠷ ᠳᠠᠶᠢᠴᠢᠯᠠᠵᠤ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠬᠢᠬᠠᠨ ᠮᠡᠬᠡᠯᠡᠬᠦ ᠶᠢ ᠡᠰᠡᠷᠭᠦᠴᠡᠬᠦ ᠬᠢᠬᠠᠨ ᠮᠡᠬᠡᠯᠡᠬᠦ ᠶᠢ ᠰᠡᠷᠭᠡᠶᠢᠯᠡᠬᠦ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ            ᠡᠨᠡ ᠵᠢᠯ ᠤᠨ 4 ᠰᠠᠷ᠎ᠠ ᠳᠤ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠪᠠᠩᠬᠢ ᠲᠠᠢ ᠬᠤᠯᠪᠤᠭᠠᠯᠠᠨ ᠲᠣᠭᠤᠷᠢᠭ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠰᠠᠶᠢᠬᠠᠨ ᠲᠣᠭᠤᠷᠢᠭ ᠤᠨ ᠪᠥᠬᠦ ᠠᠷᠠᠳ ᠢᠶᠠᠷ ᠢᠶᠠᠨ ᠮᠡᠬᠡᠯᠡᠨ ᠬᠢᠬᠠᠬᠤ ᠶᠢ ᠡᠰᠡᠷᠭᠦᠴᠡᠬᠦ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ 1 ᠵᠢᠯ ᠤᠨ ᠬᠤᠭᠤᠴᠠᠭ᠎ᠠ ᠲᠠᠢ ᠪᠥᠬᠦ ᠠᠷᠠᠳ ᠢᠶᠠᠷ ᠢᠶᠠᠨ ᠮᠡᠬᠡᠯᠡᠨ ᠬᠢᠬᠠᠬᠤ ᠶᠢ ᠡᠰᠡᠷᠭᠦᠴᠡᠬᠦ ᠠᠵᠢᠯ ᠤᠨ ᠬᠥᠰᠢᠭᠡ ᠶᠢ ᠵᠢᠩᠬᠢᠨᠢ ᠪᠠᠷ ᠨᠡᠭᠡᠭᠡᠭᠰᠡᠨ ᠪᠠᠶᠢᠨ᠎ᠠ᠃ ᠲᠣᠭᠤᠷᠢᠭ ᠤᠨ ᠬᠠᠷᠢᠶ᠎ᠠ ᠡᠯ᠎ᠡ ᠪᠠᠯᠭᠠᠰᠤ᠂ ᠵᠡᠭᠡᠯᠢ ᠭᠤᠳᠤᠮᠵᠢ ᠪᠠ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠪᠠᠩᠬᠢ ᠶᠢᠨ ᠲᠣᠣᠷ ᠴᠡᠭ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠯᠤᠭ᠎ᠠ ᠶᠢᠨ ᠬᠠᠮᠵᠢᠯᠴᠠᠭ᠎ᠠ ᠪᠠᠨ ᠢᠳᠡᠪᠬᠢᠲᠡᠢ ᠴᠢᠩᠭᠠᠳᠬᠠᠵᠤ᠂ ᠰᠦᠯᠵᠢᠶᠡᠨ ᠳᠡᠭᠡᠷ᠎ᠡ ᠤᠬᠠᠭᠤᠯᠬᠤ᠂ ᠴᠡᠭ ᠭᠠᠷᠭᠠᠨ ᠤᠬᠠᠭᠤᠯᠬᠤ᠂ ᠠᠶᠢᠯ ᠡᠷᠦᠬᠡ ᠳᠤ ᠬᠦᠷᠴᠦ ᠰᠤᠷᠪᠤᠯᠵᠢᠯᠠᠬᠤ᠂ ᠭᠤᠣᠯ ᠰᠡᠳᠦᠪᠲᠦ ᠨᠠᠮ ᠤᠨ ᠡᠳᠦᠷ᠂ ᠰᠠᠶᠢᠨ‌‍ᠲ᠋ᠤᠷ᠎ᠠ ᠶᠢᠨ ᠦᠢᠯᠡᠴᠢᠯᠡᠭᠡ ᠵᠡᠷᠭᠡ ᠬᠡᠯᠪᠡᠷᠢ ᠶᠢ ᠭᠦᠢᠴᠡᠳ ᠬᠡᠷᠡᠭᠯᠡᠵᠦ᠂ ᠰᠡᠷᠡᠮᠵᠢᠯᠡᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠨᠢᠭᠡᠴᠡ᠂ ᠨᠡᠶᠢᠭᠡᠮ ᠲᠣᠭᠤᠷᠢᠭ᠂ ᠵᠠᠬ᠎ᠠ ᠳᠡᠯᠭᠡᠭᠦᠷ᠂ ᠰᠤᠷᠭᠠᠭᠤᠯᠢ ᠶᠢᠨ ᠬᠦᠷᠢᠶᠡᠨ ᠳᠤ᠂ ᠠᠵᠤ ᠠᠬᠤᠶᠢᠯᠠᠯ᠂ ᠴᠠᠭᠳᠠᠭ᠎ᠠ ᠶᠢᠨ ᠬᠤᠸᠠᠷᠠᠨ ᠳᠤ ᠣᠷᠣᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠭᠦᠨ ᠤ ᠬᠠᠮᠲᠤ ᠨᠡᠭᠦᠳᠡᠯ ᠬᠥᠮᠥᠨ ᠠᠮᠠ᠂ ᠨᠠᠰᠤᠲᠠᠶᠢᠴᠤᠳ ᠤᠨ ᠬᠠᠮᠲᠤᠯᠢᠭ᠂ ᠠᠵᠢᠯ ᠠᠴᠠ ᠠᠮᠠᠷᠠᠭᠰᠠᠨ‌ᠠᠵᠢᠯᠲᠠᠨ ᠠᠵᠢᠯᠴᠢᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠂ ᠳᠡᠭᠡᠳᠦ ᠰᠤᠷᠭᠠᠭᠤᠯᠢ ᠶᠢᠨ ᠪᠠᠭᠰᠢ ᠰᠣᠷᠣᠭᠴᠢ᠂ ᠡᠳ᠋ ᠤᠨ ᠶᠠᠪᠤᠳᠠᠯ ᠤᠨ ᠠᠵᠢᠯᠲᠠᠨ ᠵᠡᠷᠭᠡ ᠡᠯ᠎ᠡ ᠲᠥᠷᠥᠯ ᠤᠨ ᠬᠥᠮᠥᠰ ᠲᠤ ᠴᠢᠭᠯᠡᠭᠦᠯᠦᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠰᠡᠷᠡᠮᠵᠢᠯᠡᠭᠦᠯᠬᠦ ᠤᠬᠠᠭᠤᠯᠭ᠎ᠠ ᠶᠢ ᠥᠷᠨᠢᠭᠦᠯᠵᠦ᠂ ᠣᠲᠣ ᠪᠣᠯᠲᠠᠯ᠎ᠠ᠂ ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠡᠷᠡᠮᠵᠢᠯᠡᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ 500 ᠭᠠᠷᠤᠢ ᠤᠳᠠᠭ᠎ᠠ ᠥᠷᠨᠢᠭᠦᠯᠵᠦ᠂ ᠪᠥᠬᠦ ᠠᠷᠠᠳ ᠢᠶᠠᠷ ᠢᠶᠠᠨ ᠮᠡᠬᠡᠯᠡᠬᠦ ᠶᠢ ᠡᠰᠡᠷᠭᠦᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠳᠥᠷᠪᠡ᠂ ᠬᠦᠨᠳᠦ ᠬᠡᠴᠡᠭᠦᠦ ᠪᠠᠶᠢᠳᠠᠯ ᠢ ᠣᠨᠣᠪᠴᠢᠲᠠᠶ ᠡᠵᠡᠮᠳᠡᠵᠦ᠂ ᠡᠯ᠎ᠡ ᠴᠠᠭᠳᠠᠭᠠᠨ ᠤ ᠲᠥᠷᠥᠯ  ᠢ ᠡᠮᠬᠢᠯᠡᠨ ᠨᠡᠶᠢᠯᠡᠭᠦᠯᠵᠦ᠂ ᠴᠣᠬᠢᠯᠲᠠ ᠥᠭᠴᠦ ᠵᠠᠰᠠᠬᠤ ᠠᠵᠢᠯ ᠳᠤ ᠳᠠᠬᠢᠨ ᠰᠢᠨ᠎ᠡ ᠠᠮᠵᠢᠯᠲᠠ ᠪᠦᠲᠦᠮᠵᠢ ᠭᠠᠷᠭᠠᠬᠤ  ᠶᠢ ᠲᠦᠯᠬᠢᠨ ᠠᠬᠢᠭᠤᠯᠤᠨ᠎ᠠ            ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ‌‍ᠶᠢᠨ ᠮᠡᠬᠡᠯᠡᠨ ᠬᠢᠬᠠᠬᠤ ᠶᠢ ᠡᠰᠡᠷᠭᠦᠴᠡᠬᠦ ᠲᠥᠪ ᠨᠢ ᠡᠯ᠎ᠡ ᠬᠤᠳᠠᠯᠳᠤᠭᠠᠨ ᠤ ᠪᠠᠩᠬᠢ᠂ ᠴᠢᠮᠡᠭᠡ ᠬᠤᠯᠪᠣᠭ᠎ᠠ ᠶᠢᠨ ᠡᠵᠡᠩᠨᠡᠯᠲᠡ ᠶᠢᠨ ᠬᠤᠳᠠᠯᠳᠤᠭᠠᠴᠢᠨ᠂ ᠢᠨᠲ᠋ᠧᠷ ᠰᠦᠯᠵᠢᠶ᠎ᠡ ᠶᠢᠨ ᠲᠠᠪᠴᠠᠩ ᠲᠠᠢ ᠨᠢᠭᠲᠠ ᠬᠠᠮᠵᠢᠯᠴᠠᠵᠤ᠂ ᠣᠯᠠᠨ ᠰᠠᠯᠠᠭ᠎ᠠ ᠮᠥᠴᠢᠷ ᠬᠠᠮᠲᠤᠷᠠᠨ‌‍ᠴᠡᠭᠴᠡᠯᠡᠨ ᠵᠠᠰᠠᠬᠤ ᠪᠦᠲᠦᠮᠵᠢᠲᠡᠶ ᠪᠦᠷᠢᠨ ᠲᠥᠬᠦᠷ ᠲᠣᠭᠲᠠᠴᠠ ᠶᠢ ᠪᠠᠶᠢᠭᠤᠯᠤᠨ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠮᠡᠷᠭᠡᠵᠢᠯ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ︽ᠴᠣᠬᠢᠯᠲᠠ ᠥᠭᠬᠦ ᠶᠢ ᠨᠢᠭᠲᠠᠷᠠᠭᠤᠯᠬᠤ︾ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ ᠬᠠᠮᠲᠤ ᠶᠢᠨ ᠴᠢᠷᠮᠠᠶᠢᠯᠭ᠎ᠠ ᠪᠠᠷ᠂ ᠨᠢᠭᠡ ᠪᠦᠯᠦᠭ ᠮᠡᠬᠡᠯᠡᠨ ᠬᠢᠬᠠᠬᠤ ᠳᠤ ᠬᠤᠯᠪᠣᠭᠳᠠᠭᠰᠠᠨ ᠶᠠᠯᠠᠲᠤ ᠪᠦᠯᠦᠭ ᠲᠤ ᠪᠦᠲᠦᠮᠵᠢᠲᠡᠶ ᠪᠠᠷ ᠴᠣᠬᠢᠯᠲᠠ ᠥᠭᠴᠦ᠂ ᠮᠡᠬᠡᠯᠡᠨ ᠬᠢᠬᠠᠬᠤ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠷᠣᠨ ᠵᠠᠢ ᠶᠢ ᠪᠦᠬᠦ ᠲᠠᠯ᠎ᠠ ᠪᠠᠷ ᠰᠢᠬᠠᠨ ᠳᠠᠷᠤᠪᠠ᠃ ᠡᠨᠡ ᠵᠢᠯ ᠤᠨ 9 ᠰᠠᠷ᠎ᠠ ᠶᠢᠨ 12 ᠤᠨ ᠡᠳᠦᠷ ᠪᠣᠯᠲᠠᠯ᠎ᠠ᠂ ᠮᠠᠨ ᠤ ᠲᠣᠭᠤᠷᠢᠭ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 19.3% ᠪᠠᠷ ᠪᠠᠭᠤᠷᠠᠵᠤ᠂ ᠣᠯᠠᠨ ᠲᠦᠮᠡᠨ ᠤ ᠬᠤᠬᠢᠷᠠᠯ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.4%  ᠪᠠᠷ ᠪᠠᠭᠤᠷᠠᠵᠤ᠂ ᠬᠡᠷᠡᠭ ᠢᠯᠡᠷᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 58.3% ᠪᠠᠷ ᠨᠡᠮᠡᠭᠳᠡᠵᠡᠢ᠃ ᠴᠣᠬᠢᠯᠲᠠ ᠥᠭᠬᠦ ᠡᠷᠴᠢᠮ ᠤᠨ ᠲᠦᠷᠭᠡᠨ ᠢᠶᠠᠷ ᠴᠢᠩᠭᠠᠷᠠᠬᠤ ᠶᠢ ᠳᠠᠭᠠᠯᠳᠤᠨ᠂ ᠮᠠᠨ ᠤ ᠲᠣᠭᠤᠷᠢᠭ ᠬᠡᠷᠡᠭ ᠪᠣᠯᠭᠠᠨ ᠳᠠᠩᠰᠠᠯᠠᠬᠤ ᠠᠵᠢᠯ ᠵᠡᠷᠭᠡᠪᠡᠷ ᠪᠠᠭᠤᠷᠠᠵᠤ᠂ ᠵᠠᠰᠠᠯᠲᠠ ᠶᠢᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠃            ᠲᠣᠭᠤᠷᠢᠭ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠮᠠᠨ ᠤ ᠲᠣᠭᠤᠷᠢᠭ 2023 ᠣᠨ ᠤ ᠨᠢᠭᠡᠳᠦᠭᠡᠷ ᠤᠯᠠᠷᠢᠯ ᠤᠨ ᠰᠠᠭᠤᠷᠢᠨ ᠳᠡᠭᠡᠷ᠎ᠡ᠂ ︽ᠬᠤᠶᠠᠳᠤᠭᠠᠷ ᠤᠯᠠᠷᠢᠯ ᠳᠤ ᠬᠠᠭᠠᠰ ᠢᠶᠠᠷ ᠬᠠᠰᠤᠵᠤ᠂ ᠭᠤᠷᠪᠠᠳᠤᠭᠠᠷ ᠤᠯᠠᠷᠢᠯ ᠳᠤ ᠳᠠᠬᠢᠨ ᠬᠠᠭᠠᠰ ᠢᠶᠠᠷ ᠬᠠᠰᠤᠵᠤ᠂ ᠳᠥᠷᠪᠡᠳᠦᠭᠡᠷ ᠤᠯᠠᠷᠢᠯ ᠳᠤ ᠲᠣᠭᠲᠠᠭᠤᠨ ᠪᠠᠶᠢᠳᠠᠯ ᠢ ᠰᠡᠷᠭᠦᠭᠡᠬᠦ︾ ᠬᠠᠷᠠᠯᠲᠠ ᠡᠭᠦᠷᠭᠡ ᠶᠢ ᠲᠣᠭᠲᠠᠭᠠᠵᠠᠢ᠂ ᠣᠳᠣᠬᠠᠨ ᠤ ᠪᠠᠶᠢᠳᠠᠯ ᠠᠴᠠ ᠦᠵᠡᠪᠡᠯ᠂ ᠬᠤᠶᠠᠳᠤᠭᠠᠷ᠂ ᠭᠤᠷᠪᠠᠳᠤᠭᠠᠷ ᠤᠯᠠᠷᠢᠯ ᠳᠤ ᠲᠣᠭᠤᠷᠢᠭ ᠤᠨ ᠬᠠᠷᠢᠶ᠎ᠠ ᠡᠯ᠎ᠡ ᠪᠠᠯᠭᠠᠰᠤ᠂ ᠵᠡᠭᠡᠯᠢ ᠭᠤᠳᠤᠮᠵᠢ ᠳᠤ ᠭᠠᠷᠤᠭᠰᠠᠨ ᠬᠡᠷᠡᠭ ᠨᠢ ᠨᠡᠶᠢᠳᠡᠮ ᠳᠡᠭᠡᠨ ᠪᠠᠭᠠᠰᠤᠭᠰᠠᠨ ᠪᠣᠯᠪᠠᠴᠤ ᠬᠠᠷᠠᠯᠲᠠ ᠪᠠᠨ ᠪᠡᠶᠡᠯᠡᠭᠦᠯᠬᠦ ᠠᠴᠠ ᠪᠠᠰᠠ ᠵᠣᠬᠢᠬᠤ ᠵᠠᠢ‌‍ᠲ᠋ᠠᠶ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠭᠤᠷᠢᠭ ᠬᠠᠷᠠᠯᠲᠠ ᠡᠭᠦᠷᠭᠡ ᠪᠠᠨ ᠦᠷᠭᠦᠯᠵᠢᠯᠡᠨ ᠴᠢᠩᠭ᠎ᠠ ᠠᠩᠬᠠᠷᠴᠤ᠂ ᠡᠪᠬᠡᠮᠡᠯ ᠲᠤᠰᠢᠶᠠᠬᠤ ᠤᠬᠠᠮᠰᠠᠷ ᠪᠣᠯᠣᠨ‌‍ᠲ᠋ᠠᠩᠰᠠ ᠮᠡᠳᠡᠭᠦᠯᠬᠦ ᠤᠬᠠᠮᠰᠠᠷ ᠢ ᠪᠠᠲᠤ ᠪᠤᠢ ᠪᠣᠯᠭᠠᠵᠤ᠂ ᠠᠮᠤᠷ ᠠᠮᠤᠭᠤᠯᠠᠩ ᠰᠠᠶᠢᠬᠠᠨ ᠬᠠᠨ ᠢ ᠲᠠᠬᠢᠨ ᠰᠢᠨ᠎ᠡ ᠳᠡᠭᠲᠡᠷ ᠲᠤ ᠬᠦᠷᠬᠦ ᠪᠠᠷ ᠠᠬᠢᠭᠤᠯᠵᠤ᠂ ᠪᠦᠬᠦ ᠬᠤᠳᠠ ᠶᠢᠨ ᠥᠨᠳᠥᠷ ᠲᠦᠪᠰᠢᠨ ᠤ ᠬᠠᠮᠠᠭᠠᠯᠠᠯᠲᠠ᠂ ᠥᠨᠳᠥᠷ ᠦᠷ᠎ᠡ ᠪᠦᠲᠦᠮᠵᠢ ᠶᠢᠨ ᠵᠠᠰᠠᠯᠲᠠ ᠶᠢ ᠪᠡᠶᠡᠯᠡᠭᠦᠯᠬᠦ ᠳᠤ ᠨᠡᠩ ᠤᠯᠠᠨ ᠰᠠᠶᠢᠬᠠᠨ ᠬᠠᠨ ᠤ ᠬᠦᠴᠦᠨ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃                          ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                             2023 ᠣᠨ ᠤ 9 ᠰᠠᠷ᠎ᠠ ᠶᠢᠨ 15
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号