ᠣᠯᠠᠨ ᠲᠦᠮᠡᠨᠴᠢ ᠤᠷᠤᠯᠳᠤᠭᠠᠨ ᠤ ᠲᠥᠷᠥᠯ ᠤᠨ ᠠᠵᠢᠯᠲᠠᠨ ᠤ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/12/13
     12 ᠰᠠᠷ᠎ᠠ ᠶᠢᠨ 11 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠲᠦᠷᠭᠡᠨ ᠲᠡᠰᠢᠯᠲᠡ᠂ ᠬᠡᠭᠡᠷᠡᠯᠡᠬᠦ ᠴᠡᠨᠡᠯᠡᠯᠲᠡ ᠶᠢᠨ ᠲᠥᠷᠥᠯ ᠤᠨ ᠠᠵᠢᠯᠲᠠᠨ ᠤ ᠪᠣᠯᠪᠠᠰᠤᠷᠠᠯ ᠤᠨ ᠠᠩᠭᠢ ᠭᠦᠭᠡᠬᠤᠲᠠ ᠳᠤ ᠡᠬᠢᠯᠡᠪᠡ᠃      ᠲᠣᠰ ᠤᠳᠠᠭᠠᠨ ᠤ ᠪᠣᠯᠪᠠᠰᠤᠷᠠᠯ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠲᠦᠷᠭᠡᠨ ᠲᠡᠰᠢᠯᠲᠡ᠂ ᠬᠡᠭᠡᠷᠡᠯᠡᠬᠦ ᠴᠡᠨᠡᠯᠡᠯᠲᠡ ᠶᠢᠨ ᠲᠥᠷᠥᠯ ᠤᠨ ᠠᠵᠢᠯ ᠤᠨ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠰᠤ ᠮᠥᠰᠥᠨ ᠤ ᠲᠠᠮᠢᠷ ᠤᠨ ᠲᠥᠷᠥᠯ ᠤᠨ ᠲᠤᠰᠬᠠᠢ ᠮᠡᠷᠭᠡᠵᠢᠯ ᠤᠨ ᠡᠩᠨᠡᠭᠡ ᠪᠠ ᠬᠢᠨᠠᠭᠴᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ ᠣᠷᠣᠨ ᠨᠤᠲᠤᠭᠵᠢᠭᠤᠯᠤᠨ ᠬᠥᠮᠥᠵᠢᠭᠦᠯᠬᠦ ᠪᠠ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠣᠷᠣᠨ ᠤ ᠡᠪᠦᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠤ ᠲᠥᠷᠥᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠪᠠ ᠪᠣᠳᠠᠲᠤ ᠬᠦᠴᠦᠨ ᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠤ ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠪᠦᠯᠭᠦᠮ ᠤᠨ ᠪᠠᠶᠢᠭᠤᠯᠤᠯᠲᠠ ᠶᠢ ᠴᠢᠩᠭᠠᠳᠬᠠᠨ᠎ᠠ᠃      230 ᠭᠠᠷᠤᠢ ᠪᠣᠯᠪᠠᠰᠤᠷᠠᠯ ᠳᠤ ᠣᠷᠣᠯᠴᠠᠭᠰᠠᠳ 4 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠤᠨ ᠳᠤᠮᠳᠠ᠂ ᠡᠪᠦᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠤ ᠲᠥᠷᠥᠯ ᠤᠨ ᠡᠭᠦᠰᠦᠯ ᠪᠠ ᠬᠥᠭᠵᠢᠯᠲᠡ᠂ ᠲᠦᠷᠭᠡᠨ ᠲᠡᠰᠢᠯᠲᠡ ᠪᠠ ᠬᠡᠭᠡᠷᠡᠯᠡᠬᠦ ᠴᠡᠨᠡᠯᠡᠯᠲᠡ ᠶᠢᠨ ᠮᠡᠷᠭᠡᠵᠢᠯ ᠤᠨ ᠣᠨᠣᠯ ᠪᠠ ᠬᠢᠨᠠᠭᠴᠢ ᠶᠢᠨ ᠠᠵᠢᠯ ᠤᠨ ᠠᠷᠭ᠎ᠠ᠂ ᠲᠡᠮᠳᠡᠭᠯᠡᠯ ᠨᠠᠶᠢᠷᠠᠭᠤᠯᠤᠨ ᠵᠢᠭᠰᠠᠭᠠᠬᠤ ᠳᠦᠷᠢᠮ ᠪᠠ ᠠᠵᠢᠯᠯᠠᠬᠤ ᠠᠷᠭ᠎ᠠ᠂ ᠲᠦᠷᠭᠡᠨ ᠲᠡᠰᠢᠯᠲᠡ ᠪᠠ ᠬᠡᠭᠡᠷᠡᠯᠡᠬᠦ ᠴᠡᠨᠡᠯᠡᠯᠲᠡ ᠶᠢᠨ ᠬᠢᠨᠠᠭᠴᠢ ᠶᠢᠨ ᠵᠢᠭᠠᠨ ᠰᠤᠷᠭᠠᠯᠲᠠ ᠪᠠ ᠰᠢᠯᠭᠠᠯᠲᠠ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠬᠤ ᠪᠣᠯᠣᠨ᠎ᠠ᠃      ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠣᠯᠠᠨ ᠲᠦᠮᠡᠨᠴᠢ ᠤᠷᠤᠯᠳᠤᠭᠠᠨ 2024 ᠣᠨ ᠤ 1 ᠰᠠᠷ᠎ᠠ ᠶᠢᠨ 13 ᠤ ᠡᠳᠦᠷ ᠠᠴᠠ 14 ᠤ ᠡᠳᠦᠷ ᠪᠤᠯᠲᠠᠯ᠎ᠠ ᠭᠦᠭᠡᠬᠤᠲᠠ ᠳᠤ ᠶᠠᠪᠤᠭᠳᠠᠬᠤ ᠪᠣᠯᠣᠨ᠎ᠠ᠃ ᠤᠷᠤᠯᠳᠤᠭᠠᠨ ᠤ ᠲᠦᠷᠦᠯ ᠳᠤ ᠲᠦᠷᠭᠡᠨ ᠲᠡᠰᠢᠯᠲᠡ᠂ ᠬᠡᠭᠡᠷᠡᠯᠡᠬᠦ ᠴᠡᠨᠡᠯᠡᠯᠲᠡ ᠵᠡᠷᠭᠡ 2 ᠶᠡᠭᠡ ᠲᠦᠷᠦᠯ᠂ 4 ᠪᠠᠭ᠎ᠠ ᠲᠦᠷᠦᠯ ᠪᠠᠭᠲᠠᠵᠤ᠂ ᠪᠦᠭᠦ ᠤᠯᠤᠰ ᠤᠨ 19 ᠮᠤᠵᠢ ᠣᠷᠣᠨ ᠬᠤᠲᠠ ᠵᠢᠴᠢ ᠠᠵᠢᠯ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ 400 ᠭᠠᠷᠤᠢ ᠲᠠᠮᠢᠷᠴᠢᠳ ᠣᠷᠣᠯᠴᠠᠨ᠎ᠠ᠃      ︽ᠭᠦᠭᠡᠬᠤᠲᠠ ᠲᠣᠰ ᠤᠳᠠᠭᠠᠨ ᠤ ᠤᠷᠤᠯᠳᠤᠭᠠᠨ ᠤ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠢ ᠵᠣᠬᠢᠴᠠᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠲᠤᠰᠬᠠᠢ ᠮᠡᠷᠭᠡᠵᠢᠯᠲᠡᠨ ᠢ ᠤᠷᠢᠵᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠭᠠᠵᠤ᠂ ᠤᠷᠤᠯᠳᠤᠭᠠᠨ ᠤ ᠲᠠᠯᠠᠪᠤᠷ ᠤᠨ ᠵᠠᠮ ᠱᠤᠭᠤᠮ ᠢ ᠵᠢᠷᠤᠵᠤ ᠲᠥᠯᠥᠪᠯᠡᠵᠡᠢ᠃ ᠪᠠᠰᠠ ᠪᠡᠯᠡᠳᠬᠡᠯ ᠠᠵᠢᠯ ᠤᠨ ᠠᠯᠪᠠᠨ ᠭᠡᠷ ᠪᠠᠶᠢᠭᠤᠯᠵᠤ ᠲᠤᠰᠬᠠᠢ ᠠᠵᠢᠯᠲᠠᠨ ᠲᠣᠮᠢᠯᠠᠨ ᠤᠬᠠᠭᠤᠯᠭ᠎ᠠ᠂ ᠤᠷᠤᠯᠳᠤᠭᠠᠨ᠂ ᠲᠠᠯᠠᠪᠤᠷ᠂ ᠠᠮᠤᠷ ᠢ ᠬᠠᠮᠠᠭᠠᠯᠠᠬᠤ᠂ ᠭᠥᠯᠢᠶᠡᠨ ᠠᠪᠬᠤ ᠵᠡᠷᠭᠡ ᠲᠠᠯ᠎ᠠ ᠶᠢᠨ ᠠᠵᠢᠯ ᠤᠨ ᠲᠥᠰᠥᠯ ᠢ ᠡᠮᠬᠢᠳᠬᠡᠨ ᠨᠠᠶᠢᠷᠠᠭᠤᠯᠵᠤ᠂ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠣᠳᠣᠬᠠᠨ ᠳᠤ ᠡᠯ᠎ᠡ ᠲᠠᠯ᠎ᠠ ᠶᠢᠨ ᠠᠵᠢᠯ ᠴᠥᠮ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ︾ ᠭᠡᠵᠦ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠴᠧᠨ ᠫᠧᠢ ᠲᠠᠨᠢᠯᠴᠠᠭᠤᠯᠤᠯ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号