ᠮᠥᠩᠬᠡᠳᠦ᠋ᠭᠦᠷᠡᠩ ᠵᠡᠷᠭᠡ 15 ᠬᠥᠮᠥᠨ ᠡᠨᠡ ᠬᠦ ︽ᠨᠡᠷᠡᠰ ᠤᠨ ᠵᠢᠭᠰᠠᠭᠠᠯᠲᠠ︾ ᠳᠤ ᠲᠣᠳᠣᠷᠠᠪᠠ
ᠨᠡᠶᠢᠲᠡᠯᠡᠭᠰᠡᠨ ᠴᠠᠭ᠄
2023/12/13
     12 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠳᠠᠭᠠᠭᠠᠴᠢᠯᠠᠨ ᠡᠷᠭᠢᠯᠡᠭᠰᠡᠨ 2023 ᠣᠨ ᠤ ᠳᠥᠷᠪᠡᠳᠦᠭᠡᠷ ᠤᠯᠠᠷᠢᠯ ᠤᠨ ᠥᠪᠥᠷ ᠮᠣᠩᠭᠤᠯ ᠤᠨ ᠰᠠᠶᠢᠨ ᠬᠥᠮᠥᠨ ᠤ ᠨᠡᠷᠡᠰ ᠵᠢᠴᠢ ᠳᠣᠯᠣᠳᠤᠭᠠᠷ ᠬᠤᠭᠤᠴᠠᠭᠠᠨ ᠤ ᠠᠯᠠᠱᠠ ᠠᠶᠢᠮᠠᠭ ᠤᠨ ᠶᠣᠰᠣ ᠮᠣᠷᠠᠯ ᠤᠨ ᠵᠢᠱᠢᠶᠡᠴᠢ ᠶᠢ ᠨᠡᠶᠢᠲᠡᠯᠡᠬᠦ ᠶᠣᠰᠣᠯᠠᠯ ᠠᠯᠠᠱᠠ ᠠᠶᠢᠮᠠᠭ ᠲᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ 2023 ᠣᠨ ᠤ ᠳᠥᠷᠪᠡᠳᠦᠭᠡᠷ ᠤᠯᠠᠷᠢᠯ ᠤᠨ︽ᠥᠪᠥᠷ ᠮᠣᠩᠭᠤᠯ ᠤᠨ ᠰᠠᠶᠢᠨ ᠬᠥᠮᠥᠨ ᠤ ᠨᠡᠷᠡᠰ ᠤᠨ ᠵᠢᠭᠰᠠᠭᠠᠯᠲᠠ︾᠂ ᠳᠣᠯᠣᠳᠤᠭᠠᠷ ᠬᠤᠭᠤᠴᠠᠭᠠᠨ ᠤ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠮᠥᠩᠬᠡᠳᠦ᠋ᠭᠦᠷᠡᠩ ᠵᠡᠷᠭᠡ 15 ᠬᠥᠮᠥᠨ ᠲᠤᠰ ᠲᠤᠰ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠬᠰᠠᠨ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ᠂ ᠦᠨᠡᠨᠴᠢ ᠢᠲᠡᠭᠡᠮᠵᠢᠲᠡᠢ ᠶᠠᠪᠤᠭᠰᠠᠨ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ᠂ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠭᠰᠠᠨ ᠵᠡᠷᠭᠡ ᠦᠢᠯᠡ ᠠᠵᠢᠯᠯᠠᠭ᠎ᠠ  ᠪᠠᠷ ᠢᠶᠠᠨ 2023 ᠣᠨ ᠤ ᠳᠥᠷᠪᠡᠳᠦᠭᠡᠷ ᠤᠯᠠᠷᠢᠯ ᠤᠨ ︽ᠥᠪᠥᠷ ᠮᠣᠩᠭᠤᠯ ᠤᠨ ᠰᠠᠶᠢᠨ ᠬᠥᠮᠥᠨ ᠤ ᠨᠡᠷᠡᠰ ᠤᠨ ᠵᠢᠭᠰᠠᠭᠠᠯᠲᠠ︾ ᠳᠤ ᠳᠤᠲᠤᠷᠠᠵᠠᠢ; ᠸᠠᠩ ᠮᠢᠩ ᠴᠢᠩ ᠵᠡᠷᠭᠡ 19 ᠬᠥᠮᠥᠨ ᠳᠣᠯᠣᠳᠤᠭᠠᠷ ᠬᠤᠭᠤᠴᠠᠭᠠᠨ ᠤ ᠠᠯᠠᠱᠠ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠭᠥᠷᠳᠡᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠳᠤ ᠱᠠᠩᠨᠠᠯ ᠣᠯᠭᠤᠬᠤ ᠶᠣᠰᠣᠯᠠᠯ᠂ ᠰᠠᠶᠢᠨ ᠬᠥᠮᠥᠨ ᠤ ᠦᠶᠯᠡ ᠠᠵᠢᠯᠯᠠᠭ᠎ᠠ ᠶᠢ ᠪᠤᠴᠠᠭᠠᠨ ᠬᠠᠷᠠᠭᠤᠯᠬᠤ᠂ ᠲᠤᠬᠠᠢ ᠶᠢᠨ ᠲᠠᠯᠠᠪᠤᠷ ᠲᠤ ᠰᠤᠷᠪᠤᠯᠵᠢᠯᠠᠨ ᠶᠠᠷᠢᠯᠴᠠᠬᠤ᠂ ᠤᠷᠠᠨ ᠰᠠᠶᠢᠬᠠᠨ ᠤ ᠫᠷᠣᠭ᠍ᠷᠠᠮ ᠢ ᠰᠣᠯᠪᠢᠴᠠᠭᠤᠯᠤᠨ ᠨᠡᠪᠲᠡᠷᠡᠭᠦᠯᠬᠦ ᠭᠡᠯᠪᠡᠷᠢ ᠶᠢ ᠠᠪᠴᠤ᠂ ᠦᠨᠡᠨ ᠰᠠᠶᠢᠨ ᠰᠠᠶᠢᠬᠠᠨ ᠢ ᠪᠠᠳᠠᠷᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠪᠠ᠃ ᠣᠶᠢᠷ᠎ᠠ ᠶᠢᠨ ᠵᠢᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠭᠦ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠪᠠ ᠦᠢᠯᠡᠳᠦᠯᠭᠡᠵᠢᠭᠦᠯᠬᠦ ᠶᠢ ᠠᠬᠢᠭᠤᠯᠵᠤ᠂ ᠠᠷᠠᠳ ᠢᠷᠭᠡᠳ ᠤᠨ ᠶᠣᠰᠣ ᠰᠤᠷᠲᠠᠬᠤᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠨᠢᠭᠡ ᠪᠦᠯᠦᠭ ᠲᠣᠪᠣᠶᠢᠮ᠎ᠠ ᠦᠢᠯᠡ ᠠᠵᠢᠯᠯᠠᠭ᠎ᠠ ᠲᠠᠢ᠂ ᠤᠯᠠᠨ ᠲᠦᠮᠡᠨ ᠳᠤ ᠮᠡᠳᠡᠷᠡᠭᠳᠡᠭᠰᠡᠨ᠂ ᠢᠯᠡ ᠲᠣᠳᠣ ᠴᠠᠭ ᠦᠶ᠎ᠡ ᠶᠢᠨ ᠣᠨᠴᠠᠯᠢᠭ ᠲᠠᠢ ᠪᠥᠭᠡᠳ ᠨᠡᠶᠢᠲᠡᠯᠢᠭ ᠴᠢᠨᠠᠷᠲᠠᠢ ᠵᠢᠱᠢᠶ᠎ᠡ ᠦᠵᠡᠭᠦᠯᠭᠦ ᠴᠢᠨᠠᠷ ᠢᠶᠠᠷ ᠴᠢᠩᠭ᠎ᠠ ᠲᠡᠷᠢᠭᠦᠨ ᠤ ᠬᠤᠪᠢ ᠬᠥᠮᠥᠨ ᠴᠣᠯᠭᠤᠷᠠᠨ ᠭᠠᠷᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号