ᠦᠷᠭᠦᠯᠵᠢ ᠳᠤᠷ᠎ᠠ ᠵᠣᠷᠢᠭ ᠢᠶᠠᠷ ᠢᠶᠠᠨ ᠠᠭᠠᠰᠢᠯᠠᠳᠠᠭ ᠬᠡᠦᠬᠡᠳ ᠢ ᠶᠠᠭᠠᠬᠢᠪᠠᠯ ᠵᠣᠬᠢᠬᠤ ᠪᠤᠢ⁈
ᠨᠡᠶᠢᠲᠡᠯᠡᠭᠰᠡᠨ ᠴᠠᠭ᠄
2023/12/13
     ᠭᠡᠷ ᠤᠨ ᠠᠬᠠᠮᠠᠳ ᠲᠦᠷᠪᠡᠨ ᠨᠠᠰᠤᠲᠠᠢ ᠬᠡᠦᠬᠡᠳ ᠤᠨ ᠢᠶᠠᠨ ᠶᠠᠪᠤᠬᠤ ᠳᠤᠳᠤᠮ ᠳᠤᠷ᠎ᠠ ᠵᠣᠷᠢᠭ ᠢᠶᠠᠷ ᠢᠶᠠᠨ ᠪᠣᠯᠵᠤ᠂ ᠳᠥᠩᠭᠡᠰᠬᠢᠪᠡᠯ ᠠᠭᠤᠷ ᠤᠴᠠᠭᠠᠷ ᠭᠠᠷᠭᠠᠵᠤ᠂ ᠵᠢᠭᠠᠬᠠᠨ ᠰᠠᠨᠠᠭᠠᠨ ᠳᠤᠨᠢ ᠲᠠᠭᠠᠷᠠᠬᠤ ᠦᠭᠡᠢ ᠪᠣᠯ ᠡᠯᠳᠡᠪ  ᠢᠶᠠᠷ ᠠᠭᠠᠰᠢᠯᠠᠵᠤ ᠪᠠᠶᠢᠬᠤ ᠶᠢ ᠬᠠᠷᠠᠭᠠᠳ ᠶᠠᠭᠠᠬᠢᠬᠤ ᠪᠠᠨ ᠣᠯᠬᠤ ᠦᠭᠡᠢ ᠭᠠᠷ ᠢᠶᠠᠨ ᠨᠤᠬᠤᠯᠠᠨ ᠭᠠᠴᠢᠭᠳᠠᠵᠤ ᠪᠠᠶᠢᠯ᠎ᠠ᠃ ᠲᠡᠭᠡᠪᠡᠯ ᠬᠡᠦᠬᠡᠳ ᠴᠣᠬᠤᠮ ᠶᠠᠮᠠᠷ ᠰᠢᠯᠲᠠᠭᠠᠨ ᠠᠴᠠ ᠡᠶᠢᠮᠦ ᠪᠣᠯᠵᠤ ᠬᠤᠪᠢᠷᠠᠳᠠᠭ ᠪᠤᠢ︖ᠭᠡᠷ ᠠᠬᠠᠮᠠᠳ ᠤᠳ ᠶᠠᠭᠠᠬᠢᠵᠤ ᠬᠢᠪᠡᠯ ᠵᠣᠬᠢᠬᠤ ᠪᠤᠢ︖      ᠲᠤᠰᠬᠠᠢ ᠮᠡᠷᠭᠡᠵᠢᠯᠲᠡᠨ ᠤ ᠦᠵᠡᠯᠲᠡ      ᠴᠦᠨ ᠵᠢᠶᠠᠩ ᠬᠡᠦᠬᠡᠳ ᠤᠨ ᠴᠡᠴᠡᠷᠯᠢᠭ ᠤᠨ ᠪᠠᠭᠰᠢ ᠦ᠋ ᠶᠠ ᠴᠢᠩ᠄ ᠬᠡᠦᠬᠡᠳ ᠤᠨ ᠳᠤᠷ᠎ᠠ ᠵᠣᠷᠢᠭ  ᠢᠶᠠᠷ ᠢᠶᠠᠨ ᠠᠭᠠᠰᠢᠯᠠᠬᠤ ᠨᠢ ᠦᠨᠡᠨ ᠳᠡᠭᠡᠨ ᠡᠴᠢᠭᠡ ᠡᠬᠡ ᠲᠠᠢ ᠪᠠᠨ ᠡᠰᠡᠷᠭᠦᠴᠡᠯᠳᠦᠬᠦ‍ ᠨᠢᠭᠡ ᠵᠦᠢᠯ ᠤᠨ ᠰᠥᠷᠭᠡᠦ ᠰᠡᠳᠬᠢᠴᠡ ᠮᠥᠨ᠂ ᠡᠭᠦᠨ ᠤ ᠦᠨᠳᠦᠰᠦ ᠰᠤᠷᠪᠤᠯᠵᠢ ᠨᠢ ᠡᠴᠢᠭᠡ ᠡᠬᠡ ᠪᠣᠯᠣᠭᠰᠠᠳ ᠲᠡᠳᠡᠨ ᠤ ᠰᠡᠳᠬᠢᠴᠡ ᠶᠢᠨ ᠱᠠᠭᠠᠷᠳᠠᠯᠭ᠎ᠠ ᠶᠢ ᠴᠢᠬᠤᠯᠠᠴᠢᠯᠠᠭᠰᠠᠨ ᠦᠭᠡᠢ ᠠᠴᠠ ᠪᠣᠯᠤᠭᠰᠠᠨ ᠶᠤᠮ᠃ ᠡᠭᠦᠨ ᠤ ᠬᠠᠮᠲᠤ᠂ ᠬᠡᠦᠬᠡᠳ ᠤᠨ ᠡᠶᠢᠮᠦᠷᠬᠦᠦ ᠦᠢᠯᠡ ᠠᠵᠢᠯᠯᠠᠭ᠎ᠠ ᠨᠢ ᠪᠠᠰᠠ ᠡᠴᠢᠭᠡ ᠡᠬᠡ ᠨᠢ ᠬᠡᠲᠦᠷᠬᠡᠢ ᠢᠯᠳᠠᠷ ᠬᠠᠶᠠᠵᠤ᠂ ᠦᠭᠡ ᠶᠢ ᠨᠢ ᠰᠣᠨᠣᠰᠴᠤ ᠠᠶ᠎ᠠ ᠪᠠᠷ  ᠨᠢ ᠲᠠᠯᠪᠢᠭᠰᠠᠨ ᠠᠴᠠ ᠪᠤᠯᠳᠠᠬ᠃ ᠡᠭᠦᠨ ᠠᠴᠠ ᠭᠠᠳᠠᠨ᠎ᠠ᠂ ᠬᠡᠦᠬᠡᠳ ᠲᠤ ᠡᠶᠢᠮᠦ ᠪᠠᠶᠢᠳᠠᠯ ᠭᠠᠷᠬᠤ ᠨᠢ ᠨᠠᠶᠢᠵᠠ ᠨᠥᠬᠦᠳ ᠲᠠᠢ ᠪᠠᠨ ᠶᠠᠪᠤᠯᠴᠠᠬᠤ ᠵᠠᠪᠰᠢᠶᠠᠨ ᠳᠤᠲᠠᠮᠠᠭ ᠠᠴᠠ ᠪᠣᠯᠤᠭᠰᠠᠨ ᠪᠠᠶᠢᠵᠤ ᠮᠡᠳᠡᠨ᠎ᠡ᠃      ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠳᠤ ᠭᠡᠷ ᠤᠨ ᠠᠬᠠᠮᠠᠳ ᠳᠣᠣᠷᠠᠬᠢ ᠠᠷᠭ᠎ᠠ ᠨᠤᠭᠤᠳ ᠢ ᠬᠡᠷᠡᠭᠯᠡᠵᠦ ᠪᠣᠯᠣᠨ᠎ᠠ᠃ ᠨᠢᠭᠡᠳᠦᠭᠡᠷ ᠲᠤ᠂ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠦᠶ᠎ᠡ ᠳᠤ᠂ ᠡᠴᠢᠭᠡ ᠡᠬᠡ ᠪᠣᠯᠣᠭᠰᠠᠳ ᠬᠡᠦᠬᠡᠳ ᠤᠨ ᠢᠶᠠᠨ ᠪᠤᠰᠤᠳ ᠰᠢᠨ᠎ᠡ ᠰᠣᠷᠭᠤᠭ ᠬᠡᠷᠡᠭ ᠪᠣᠳᠠᠰ ᠲᠤ ᠠᠮᠠᠷᠬᠠᠨ ᠲᠠᠲᠠᠭᠳᠠᠳᠠᠭ ᠰᠡᠳᠬᠢᠴᠡ ᠶᠢᠨ ᠣᠨᠴᠠᠯᠢᠭ ᠢ ᠠᠰᠢᠭᠯᠠᠨ᠂ ᠬᠡᠦᠬᠡᠳ ᠤᠨ ᠢᠶᠠᠨ ᠠᠩᠬᠠᠷᠤᠯ ᠢ ᠵᠠᠪᠠᠯ ᠬᠢᠨ᠎ᠡ ᠭᠡᠵᠦ ᠵᠢᠳᠬᠦᠵᠦ ᠪᠠᠶᠢᠭ᠎ᠠ ᠶᠠᠪᠤᠳᠠᠯ ᠠᠴᠠ ᠨᠢ ᠰᠢᠯᠵᠢᠭᠦᠯᠵᠦ ᠪᠣᠯᠣᠨ᠎ᠠ᠃      ᠬᠤᠶᠠᠳᠤᠭᠠᠷ ᠲᠤ᠂ ᠡᠴᠢᠭᠡ ᠡᠬᠡ ᠪᠣᠯᠣᠭᠰᠠᠳ ᠬᠡᠦᠬᠡᠳ ᠢᠶᠠᠨ ᠬᠠᠮᠲᠤ ᠨᠥᠬᠦᠳ ᠲᠠᠢ ᠨᠢ ᠢᠯᠡᠭᠦᠬᠡᠨ ᠨᠠᠭᠠᠳᠤᠭᠤᠯᠪᠠᠯ ᠵᠣᠬᠢᠨ᠎ᠠ᠂ ᠤᠴᠢᠷ ᠨᠢ ᠦᠶ᠎ᠡ ᠬᠤᠷᠠᠭᠴᠤᠤᠯ ᠤᠨ ᠢᠶᠠᠨ ᠳᠤᠮᠳᠠ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠪᠠᠯ ᠪᠤᠰᠤᠳ ᠬᠡᠦᠬᠡᠳ ᠤᠳ ᠬᠠᠮᠲᠤ ᠳᠠᠭᠠᠨ ᠲᠣᠭᠯᠠᠬᠤ ᠪᠠᠨ ᠪᠠᠶᠢᠵᠤ᠂ ᠠᠭᠠᠵᠢᠮ ᠳᠠᠭᠠᠨ ᠠᠭᠠᠰᠢ ᠭᠠᠷᠭᠠᠬᠤ ᠦᠢᠯᠡ ᠠᠵᠢᠯᠯᠠᠭ᠎ᠠ ᠪᠠᠨ ᠬᠤᠪᠢᠷᠠᠭᠤᠯᠳᠠᠭ᠃      ᠭᠤᠷᠪᠠᠳᠤᠭᠠᠷ ᠲᠤ᠂ ᠭᠡᠷ ᠤᠨ ᠠᠬᠠᠮᠠᠳ ᠪᠣᠯᠣᠭᠰᠠᠳ ᠬᠡᠦᠬᠡᠳ ᠢᠶᠠᠨ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠤᠯᠭᠠᠵᠤ᠂ ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ ᠪᠣᠯᠣᠨ᠎ᠠ᠃ ᠡᠴᠢᠭᠡ ᠡᠬᠡ ᠪᠣᠯᠣᠭᠰᠠᠳ ᠬᠡᠦᠬᠡᠳ ᠢᠶᠠᠨ ᠬᠠᠷᠠᠬᠠᠨ ᠪᠠᠭ᠎ᠠ ᠠᠴᠠ ᠨᠢ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠤᠯᠭᠠᠵᠤ᠂ ᠶᠠᠪᠤᠳᠠᠯ ᠪᠣᠯᠭᠠᠨ ᠢ ᠵᠠᠷᠴᠢᠮ ᠶᠣᠰᠣᠭᠠᠷ ᠶᠠᠪᠤᠭᠳᠠᠭᠤᠯᠪᠠᠯ ᠬᠡᠦᠬᠡᠳ ᠨᠢ ᠤᠬᠠᠮᠰᠠᠷ ᠠᠴᠠ ᠪᠠᠨ ᠡᠴᠢᠭᠡ ᠡᠬᠡ ᠲᠠᠢ ᠪᠠᠨ ᠨᠢᠭᠡᠳᠦᠯᠲᠡᠢ ᠪᠠᠶᠢᠵᠤ ᠴᠢᠳᠠᠨ᠎ᠠ᠃      ᠳᠥᠷᠪᠡᠳᠦᠭᠡᠷ ᠲᠤ᠂ ᠡᠴᠢᠭᠡ ᠡᠬᠡ ᠪᠣᠯᠣᠭᠰᠠᠳ ᠰᠡᠳᠬᠢᠯᠭᠡ ᠶᠢᠨ ᠲᠠᠯ᠎ᠠ ᠪᠠᠷ ᠣᠶᠢᠯᠠᠭᠠᠵᠤ ᠪᠠᠶᠢᠬᠤ ᠪᠠᠨ ᠢᠯᠡᠳᠬᠡᠬᠦ ᠬᠡᠷᠡᠭᠲᠡᠢ᠂ ᠭᠡᠪᠡᠴᠦ ᠦᠢᠯᠡ ᠠᠵᠢᠯᠯᠠᠭ᠎ᠠ ᠶᠢᠨ ᠲᠠᠯ᠎ᠠ ᠪᠠᠷ ᠬᠡᠦᠬᠡᠳ ᠢᠶᠠᠨ ᠬᠢᠵᠠᠭᠠᠷᠯᠠᠬᠤ ᠶᠢ ᠪᠠᠷᠢᠮᠲᠠᠯᠠᠬᠤ ᠬᠡᠷᠡᠭᠲᠡᠢ᠃ ᠵᠢᠱᠢᠶᠡᠯᠡᠪᠡᠯ ᠬᠤᠭᠤᠯᠠ ᠢᠳᠡᠵᠦ ᠪᠠᠶᠢᠬᠤ ᠦᠶ᠎ᠡ ᠳᠤ ᠬᠡᠦᠬᠡᠳ ᠨᠢ ᠰᠢᠷᠡᠭᠡᠨ ᠳᠡᠭᠡᠷ᠎ᠡ ᠥᠪᠡᠷ ᠤᠨ ᠢᠳᠡᠬᠦ ᠳᠤᠷᠠᠲᠠᠢ ᠨᠣᠭᠤᠭ᠎ᠠ ᠪᠠᠶᠢᠬᠤ ᠦᠭᠡᠢ ᠶᠢ ᠦᠵᠡᠭᠡᠳ ᠠᠭᠤᠷ ᠨᠢ ᠬᠦᠷᠴᠦ ᠬᠤᠭᠤᠯᠠ ᠢᠳᠡᠬᠦ ᠦᠭᠡᠢ ᠭᠡᠵᠦ ᠠᠭᠠᠰᠢᠯᠠᠬᠤ ᠦᠶᠡᠰ ᠭᠡᠷ ᠤᠨ ᠠᠬᠠᠮᠠᠳ ᠬᠡᠦᠬᠡᠳ ᠢᠶᠠᠨ ᠬᠥᠲᠥᠯᠥᠨ ᠵᠢᠯᠤᠭᠤᠳᠬᠤ ᠬᠡᠷᠡᠭᠲᠡᠢ᠃      ᠲᠠᠪᠤᠳᠤᠭᠠᠷ ᠲᠤ᠂ ᠬᠡᠦᠬᠡᠳ ᠳᠤᠷ᠎ᠠ ᠵᠣᠷᠢᠭ ᠢᠶᠠᠷ ᠢᠶᠠᠨ ᠠᠭᠠᠰᠢᠯᠠᠵᠤ ᠪᠠᠶᠢᠬᠤ ᠨᠢ ᠦᠷᠭᠦᠯᠵᠢ ᠠᠪᠤ ᠡᠵᠢ ᠶᠢᠨ ᠢᠶᠠᠨ ᠡᠮᠵᠡᠭ ᠲᠠᠯ᠎ᠠ ᠶᠢ ᠪᠠᠷᠢᠭᠰᠠᠨ ᠠᠴᠠ ᠪᠤᠯᠳᠠᠭ᠂ ᠠᠪᠤ ᠡᠵᠢ ᠨᠢ ᠬᠡᠦᠬᠡᠳ ᠤᠨ ᠢᠶᠠᠨ ᠣᠭᠢᠯᠠᠬᠤ ᠠᠴᠠ ᠠᠶᠤᠬᠤ ᠲᠣᠳᠣᠮ ᠬᠡᠦᠬᠡᠳ ᠨᠢ ᠣᠭᠢᠯᠠᠭᠠᠳ ᠵᠤᠬᠰᠤᠬᠤ ᠦᠭᠡᠢ ᠪᠠᠶᠢᠳᠠᠭ᠃ ᠡᠴᠢᠭᠡ ᠡᠬᠡ ᠨᠢ ᠬᠡᠦᠬᠡᠳ ᠢᠶᠠᠨ ᠭᠠᠵᠠᠷ ᠥᠩᠬᠦᠷᠢᠭᠦᠯᠬᠦ ᠠᠴᠠ ᠠᠶᠤᠬᠤ ᠲᠤᠲᠤᠮ ᠬᠡᠦᠬᠡᠳ ᠨᠢ ᠭᠠᠵᠠᠷ ᠥᠩᠬᠦᠷᠢᠲᠦᠭᠡᠳ ᠪᠠᠶᠢᠳᠠᠭ᠃ ᠡᠶᠢᠮᠦ ᠠᠴᠠ ᠬᠡᠦᠬᠡᠳ ᠠᠭᠤᠷᠯᠠᠬᠤ ᠦᠶᠡᠰ ᠡᠴᠢᠭᠡ ᠡᠬᠡ ᠪᠣᠯᠣᠭᠰᠠᠳ ᠵᠠᠪᠠᠯ ᠵᠠᠷᠴᠢᠮ ᠢᠶᠠᠨ ᠪᠠᠷᠢᠮᠲᠠᠯᠠᠵᠤ᠂ ᠲᠡᠪᠴᠢᠬᠦ ᠴᠢᠬᠤᠯᠠᠲᠠᠢ ᠦᠶ᠎ᠡ ᠳᠤ ᠡᠷᠡᠰ ᠲᠡᠪᠴᠢᠬᠦ ᠬᠡᠷᠡᠭᠲᠡᠢ᠃      ᠵᠢᠷᠭᠤᠳᠤᠭᠠᠷ ᠲᠤ᠂ ᠵᠠᠷᠢᠮ ᠡᠴᠢᠭᠡ ᠡᠬᠡᠴᠦᠦᠯ ᠬᠡᠦᠬᠡᠳ ᠤᠨ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠶᠠᠪᠤᠳᠠᠯ ᠢ ᠬᠤᠪᠢᠷᠠᠭᠤᠯᠵᠤ ᠴᠢᠳᠠᠬᠤ ᠦᠭᠡᠢ ᠭᠡᠵᠦ ᠦᠵᠡᠳᠡᠭ᠃ ᠦᠨᠡᠨ ᠳᠡᠭᠡᠨ ᠲᠡᠶᠢᠮᠦ ᠪᠢᠰᠢ᠂ ᠬᠡᠦᠬᠡᠳ ᠤᠨ ᠨᠠᠰᠤ ᠪᠠᠭ᠎ᠠ ᠪᠠᠶᠢᠭ᠎ᠠ ᠤᠴᠢᠷ ᠠᠴᠠ ᠠᠪᠤ ᠡᠵᠢ ᠨᠢ ᠠᠯᠬᠤᠮ ᠳᠠᠷᠠᠭ᠎ᠠ ᠲᠠᠢ ᠪᠠᠷ ᠬᠥᠲᠥᠯᠥᠨ ᠵᠢᠯᠣᠭᠤᠳᠳᠠᠭ ᠯᠠ ᠶᠤᠮ ᠪᠣᠯ ᠳᠤᠷ᠎ᠠ ᠵᠣᠷᠢᠭ ᠢᠶᠠᠷ ᠢᠶᠠᠨ ᠠᠭᠠᠰᠢᠯᠠᠬᠤ ᠭᠡᠮ ᠢ ᠨᠢ ᠯᠠᠪᠲᠠᠢ ᠬᠤᠪᠢᠷᠠᠭᠤᠯᠵᠤ ᠴᠢᠳᠠᠨ᠎ᠠ᠃      ᠬᠡᠦᠬᠡᠳ ᠠᠭᠤᠷᠯᠠᠬᠤ ᠦᠶᠡᠰ ᠵᠦᠪᠭᠡᠨ ᠨᠢᠳᠦᠨ ᠡᠮᠦᠨᠡᠬᠢ ᠠᠰᠠᠭᠤᠳᠠᠯ ᠢ ᠨᠢ ᠰᠢᠢᠳᠪᠦᠷᠢᠯᠡᠵᠦ ᠪᠤᠯᠬᠤ ᠦᠭᠡᠢ᠂ ᠨᠡᠩ ᠴᠢᠬᠤᠯᠠ ᠨᠢ ᠬᠡᠦᠬᠡᠳ ᠤᠨ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠪᠠ ᠠᠮᠢᠳᠤᠷᠠᠯ ᠤᠨ ᠶᠣᠰᠣ ᠳᠦᠷᠢᠮ ᠢ ᠬᠥᠮᠥᠵᠢᠭᠦᠯᠬᠦ ᠬᠡᠷᠡᠭᠲᠡᠢ᠃ ᠬᠡᠦᠬᠡᠳ ᠲᠤ ᠠᠭᠤᠷᠯᠠᠭᠠᠳ ᠥᠪᠡᠷ ᠤᠨ ᠬᠦᠰᠡᠭᠰᠡᠨ ᠵᠦᠢᠯ ᠵᠶ᠋ᠡᠨ‌ᠣᠯᠵᠤ ᠴᠢᠳᠠᠬᠤ ᠦᠭᠡᠢ ᠭᠡᠳᠡᠭ ᠢ ᠲᠠᠨᠢᠭᠤᠯᠵᠤ᠂ ᠨᠡᠩ ᠶᠠᠮᠠᠷ ᠴᠤ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠭᠡᠳᠡᠭ ᠢ ᠮᠡᠳᠡᠭᠦᠯᠵᠦ᠂ ᠬᠡᠦᠬᠡᠳ ᠲᠤ ᠵᠠᠷᠢᠮ ᠦᠶᠡᠰ ᠠᠭᠤᠷ ᠤᠴᠠᠭᠠᠷ ᠬᠦᠷᠬᠦ ᠨᠢ ᠬᠡᠪ ᠤᠨ ᠪᠠᠶᠢᠳᠠᠯ ᠪᠠᠶᠢᠵᠤ᠂ ᠭᠡᠪᠡᠴᠦ ᠠᠰᠠᠭᠤᠳᠠᠯ ᠲᠤᠯᠭᠠᠷᠠᠪᠠᠯ ᠥᠪᠡᠷ ᠤᠨ ᠦᠵᠡᠯ ᠪᠤᠳᠣᠯ ᠪᠣᠯᠣᠨ ᠲᠥᠷᠥᠭᠳᠡᠯ ᠢᠶᠠᠨ ᠲᠣᠬᠢᠷᠠᠮᠵᠢᠲᠠᠢ ᠠᠷᠭ᠎ᠠ ᠪᠠᠷ ᠢᠯᠡᠳᠬᠡᠵᠦ ᠰᠤᠷᠬᠤ ᠶᠢ ᠰᠤᠷᠭᠠᠬᠤ ᠬᠡᠷᠡᠭᠲᠡᠢ᠃ ᠭᠡᠷ ᠤᠨ ᠠᠬᠠᠮᠠᠳ ᠪᠣᠯᠣᠭᠰᠠᠳ ᠴᠦ ᠬᠡᠦᠬᠡᠳ ᠤᠨ ᠠᠭᠤᠷ ᠤᠴᠠᠭᠠᠷ ᠭᠠᠷᠭᠠᠬᠤ ᠳᠤ ᠵᠣᠬᠢᠬᠤ ᠬᠡᠮᠵᠢᠶᠡᠨ ᠤ ᠲᠡᠰᠪᠦᠷᠢ ᠲᠡᠪᠴᠢᠶᠡᠷᠢ ᠪᠣᠯᠣᠨ ᠤᠷ᠎ᠠ ᠮᠡᠷᠭᠡᠵᠢᠯ ᠲᠠᠢ ᠪᠠᠶᠢᠬᠤ ᠬᠡᠷᠡᠭᠲᠡᠢ᠂ ᠢᠩᠭᠢᠪᠡᠯ ᠰᠠᠶ᠋ᠢ ᠬᠡᠦᠬᠡᠳ ᠲᠠᠢ ᠪᠠᠨ ᠨᠡᠩ ᠡᠶ᠎ᠡ ᠡᠪᠲᠡᠢ ᠰᠠᠶᠢᠬᠠᠨ ᠬᠠᠷᠢᠴᠠᠵᠤ ᠲᠡᠶᠢᠯᠦᠨ᠎ᠡ᠃      ︵︽ᠠᠷᠠᠳ ᠤᠨ ᠰᠦᠯᠵᠢᠶ᠎ᠡ︾ ᠠᠴᠠ ᠣᠷᠴᠢᠭᠤᠯᠤᠨ ᠨᠠᠶᠢᠷᠠᠭᠤᠯᠪᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号