ᠦᠰᠦᠭ ᠪᠢᠴᠢᠭ ᠤᠨ ᠲᠠᠶᠢᠯᠤᠮᠵᠢ᠄  ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2023/12/13
     11 ᠰᠠᠷ᠎ᠠ ᠶᠢᠨ 20 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠴᠢᠶᠠᠩ ᠤᠨ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ‌‍ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠢ᠃            ᠨᠢᠭᠡ᠂ ᠬᠤᠷᠠᠯ ᠠᠴᠠ ᠡᠯ᠎ᠡ ᠲᠣᠭᠤᠷᠢᠭ ᠤᠨ ᠳᠡᠳ᠋ ᠳᠠᠷᠤᠭ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾᠂ ᠥᠪᠡᠷᠲᠡᠭᠡᠨ ᠵᠠᠰᠠᠬᠤ ᠣᠷᠣᠨ ᠤ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ︽ᠰᠠᠨᠠᠯ︾᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠨᠠᠶᠢᠳᠠᠪᠤᠷᠢᠵᠢᠭᠤᠯᠬᠤ ᠲᠤᠬᠠᠢ ︽ᠰᠠᠨᠠᠯ︾ ᠤᠨ ᠭᠤᠣᠯᠳᠠᠯᠭ᠎ᠠ ᠲᠠᠢ ᠡᠭᠦᠷᠭᠡ ᠶᠢᠨ ᠲᠣᠳᠣᠷᠬᠠᠢ ᠬᠠᠭᠤᠳᠠᠰᠤ ︵ᠬᠢᠨᠠᠨ ᠵᠥᠪᠯᠡᠬᠦ ᠨᠣᠣᠷᠠᠭ︶ ᠵᠢᠴᠢ ᠰᠠᠶᠢᠬᠠᠨ ᠲᠣᠭᠤᠷᠢᠭ ᠤᠨ ︽︿ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀ ᠤᠨ ᠭᠤᠣᠯᠳᠠᠯᠭ᠎ᠠ ᠲᠠᠢ ᠡᠭᠦᠷᠭᠡ ᠶᠢᠨ ᠲᠣᠳᠣᠷᠬᠠᠢ ᠬᠠᠭᠤᠳᠠᠰᠤ︾ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠃            ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾ ᠪᠣᠯ ᠶᠡᠷᠦᠩᠬᠡᠢ ᠱᠦᠵᠢ ᠰᠢ ᠶᠢᠨ ᠫᠢᠩ ‍ᠤᠨ‌ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠶᠡᠷᠦᠩᠬᠡᠶᠢᠯᠡᠨ ᠵᠢᠯᠤᠭᠤᠳᠬᠤ ᠴᠢᠨᠠᠷᠲᠠᠢ ᠱᠠᠭᠠᠷᠳᠠᠯᠭ᠎ᠠ ᠪᠣᠯᠣᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ︽ᠰᠠᠨᠠᠯ︾ ᠢ ᠨᠡᠶᠢᠲᠡᠯᠡᠭᠰᠡᠨ ᠨᠢ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ‌‍ᠤ ᠳᠠᠷᠠᠭ᠎ᠠ ᠲᠣᠭᠲᠠᠭᠠᠵᠤ ᠬᠡᠷᠡᠭᠵᠢᠭᠦᠯᠦᠭᠰᠡᠨ ᠴᠢᠬᠤᠯᠠ ᠪᠢᠴᠢᠭ ᠮᠠᠲᠧᠷᠢᠶᠠᠯ ᠪᠣᠯᠣᠨ᠎ᠠ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ‌ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠵᠢᠨ‌‍ᠲ᠋ᠣᠭᠤᠷᠢᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ ᠬᠤᠷᠠᠯ ᠠᠴᠠ᠂ ᠪᠦᠬᠦ ᠲᠣᠭᠤᠷᠢᠭ ᠢᠶᠠᠷ ᠢᠶᠠᠨ ᠠᠴᠢ ᠬᠠᠷᠢᠭᠤᠯᠠᠬᠤ ᠰᠡᠳᠬᠢᠯ ᠪᠣᠯᠣᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠰᠠᠨᠠᠯ︾ ᠢ ᠨᠡᠶᠢᠲᠡᠯᠡᠬᠦ ᠴᠢᠬᠤᠯᠠ ᠶᠡᠭᠡ ᠲᠡᠦᠬᠡ ᠶᠢᠨ ᠠᠵᠠ‌‍ᠲ᠋ᠣᠬᠢᠶᠠᠯ ᠢ ᠴᠢᠩᠭ᠎ᠠ ᠠᠳᠬᠤᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠠᠵᠢᠯᠯᠠᠵᠤ᠂ ︽ᠰᠠᠨᠠᠯ︾  ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠦᠷᠦ ᠶᠢᠨ ᠪᠣᠳᠣᠯᠭ᠎ᠠ ᠳᠤ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠪᠣᠯᠣᠨ ᠴᠢᠳᠠᠪᠤᠷᠢ ᠶᠢ ᠭᠦᠢᠴᠡᠳ ᠠᠭᠤᠳᠠᠯᠵᠤ᠂ ︽ᠰᠠᠨᠠᠯ︾  ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃            ᠬᠤᠶᠠᠷ᠂ ᠬᠤᠷᠠᠯ ᠠᠴᠠ ᠮᠠᠨ ᠤ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ‌‍ᠶᠢ ᠰᠣᠨᠣᠰᠪᠠ᠃ ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠪᠣᠯ ᠭᠠᠵᠠᠷ ᠣᠷᠣᠨ ᠤ ᠤᠯᠤᠰ ᠲᠦᠷᠦ ᠶᠢᠨ ᠠᠮᠢ ᠠᠬᠤᠢ᠂ ᠠᠵᠤ ᠠᠬᠤᠢ ᠶᠢᠨ ᠠᠮᠢ ᠠᠬᠤᠢ᠂ ᠨᠡᠶᠢᠭᠡᠮ ᠤᠨ ᠠᠮᠢ ᠠᠬᠤᠢ ᠶᠢᠨ ᠶᠡᠷᠦᠩᠬᠡᠶᠢᠯᠡᠭᠰᠡᠨ ᠲᠤᠰᠬᠠᠯ ᠮᠥᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠲᠡᠢ ᠲᠤᠯᠭᠠᠭᠤᠷᠢᠯᠠᠯ ᠮᠥᠨ᠃ ︽ᠣᠷᠣᠨ ᠤ ᠦᠨᠡᠯᠡᠯᠲᠡ︾ ᠶᠢᠨ ᠠᠵᠢᠯ ᠪᠣᠯ ᠥᠪᠡᠷᠲᠡᠭᠡᠨ ᠵᠠᠰᠠᠬᠤ ᠣᠷᠣᠨ ᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠢ ᠭᠦᠨᠵᠡᠭᠡᠢ ᠬᠡᠷᠡᠭᠵᠢᠭᠦᠯᠦᠨ ᠲᠣᠭᠲᠠᠭᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠨ ᠵᠢᠱᠢᠬᠦ ᠠᠷᠭ᠎ᠠ ᠪᠣᠯᠣᠨ᠎ᠠ᠃ ᠠᠵᠤ ᠠᠬᠤᠢ ᠶᠢᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠪᠠᠨ ᠴᠢᠩᠭᠠᠳᠬᠠᠵᠤ᠂ ᠡᠭᠦᠷᠭᠡ ᠶᠢᠨ ᠱᠠᠭᠠᠷᠳᠠᠯᠭ᠎ᠠ ᠪᠣᠯᠣᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂︽ᠲᠣᠭᠤᠷᠢᠭ ᠤᠨ ᠦᠨᠡᠯᠡᠯᠲᠡ︾ ᠶᠢᠨ ᠰᠢᠯᠢᠳᠡᠭ ᠬᠢᠷᠢ ᠪᠦᠲᠦᠮᠵᠢ ᠣᠯᠬᠤ ᠪᠠᠷ ᠪᠦᠬᠦ  ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠳᠠᠶᠢᠴᠢᠯᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃          ᠭᠤᠷᠪᠠ᠂ ᠬᠤᠷᠠᠯ ᠠᠴᠠ ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠪᠦᠬᠦ ᠤᠯᠤᠰ ᠤᠨ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠲᠠ  ᠶᠢ ᠡᠭᠦᠳᠦᠨ ᠪᠠᠶᠢᠭᠤᠯᠬᠤ ᠡᠴᠦᠰ ᠤᠨ ᠵᠢᠯ᠂ ᠰᠢᠢᠳᠪᠦᠷᠢᠲᠦ ᠪᠠᠶᠢᠯᠳᠤᠭᠠᠨ ᠬᠢᠬᠦ ᠵᠢᠯ ᠮᠥᠨ᠂ ᠣᠳᠣᠬᠠᠨ ᠳᠤ ᠪᠦᠬᠦ ᠤᠯᠤᠰ ᠤᠨ ᠪᠣᠯᠪᠠᠰᠤᠨ ᠬᠤᠲᠠ  ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠰᠢᠪᠲᠤᠯᠤᠯᠲᠠ ᠬᠢᠵᠦ ᠪᠡᠷᠬᠡ ᠰᠡᠳᠦᠪ  ᠢ ᠰᠢᠢᠳᠪᠦᠷᠢᠯᠡᠬᠦ ᠱᠠᠲᠤᠨ ᠳᠤ ᠣᠷᠣᠭᠠᠳ ᠪᠠᠶᠢᠨ᠎ᠠ᠂ ᠡᠯ᠎ᠡ ᠲᠠᠯ᠎ᠠ ᠶᠢᠨ  ᠬᠢᠨ ᠤ ᠬᠤᠯᠪᠣᠭ᠎ᠠ ᠶᠢᠨ ᠤᠳᠤᠷᠢᠳᠤᠯᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠣᠶᠢᠯᠠᠭᠠᠭᠳᠠᠬᠤᠨ ᠢ ᠡᠭᠦᠳᠦᠨ ᠪᠠᠶᠢᠭᠤᠯᠬᠤ  ᠶᠢ ᠢᠮᠠᠭᠲᠠ ᠴᠡᠭᠡᠵᠢᠯᠡᠵᠦ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠭᠤᠷᠢᠯᠠᠨ᠂ ᠣᠶᠢᠯᠠᠭᠠᠭᠳᠠᠬᠤᠨ ᠠᠷᠭ᠎ᠠ ᠶᠢᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠤᠲᠠᠭᠤᠳᠠᠯ ᠢ ᠱᠠᠯᠠᠪᠳᠠᠨ ᠨᠥᠬᠦᠪᠦᠷᠢᠯᠡᠵᠦ᠂ ᠨᠠᠷᠢᠨ ᠵᠦᠢᠯᠡᠰ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠪᠣᠯᠪᠠᠰᠤᠨ ᠬᠤᠳᠠ ᠶᠢᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠤᠳᠠ ᠶᠢᠨ ᠴᠢᠨᠠᠷ ᠴᠢᠨᠰᠠᠭ᠎ᠠ᠂ ᠬᠤᠳᠠ ᠶᠢᠨ ᠳᠦᠷᠢ ᠲᠥᠷᠬᠦ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢᠨ ᠪᠣᠯᠪᠠᠰᠤᠨ ᠤ ᠬᠡᠮᠵᠢᠶ᠎ᠡ ᠪᠣᠯᠣᠨ ᠵᠠᠰᠠᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                  ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号