ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠶᠠᠷ ᠱᠠᠲᠤᠨ ᠤ ᠬᠠᠮᠲᠤ ᠪᠠᠷ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠲᠡᠭᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 7 ᠤ ᠡᠳᠦᠷ᠂ ᠭᠦᠭᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠵᠢᠩᠬᠢᠨᠢ ᠪᠠᠷ ᠪᠠᠶᠢᠭᠤᠯᠤᠭᠳᠠᠭᠰᠠᠨ ᠪᠥᠭᠡᠳ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠡᠨᠡ ᠪᠣᠯ ᠠᠩᠬᠠᠳᠠᠭᠴᠢ ᠥᠪᠡᠷᠲᠡᠭᠡᠨ ᠵᠠᠰᠠᠬᠤ ᠣᠷᠣᠨ᠂ ᠭᠦᠭᠡᠬᠤᠲᠠ ᠬᠤᠶᠠᠷ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠬᠠᠮᠲᠤ ᠪᠠᠷ ᠪᠠᠶᠢᠭᠤᠯᠤᠭᠰᠠᠨ ᠦᠨᠳᠦᠰᠦᠲᠡᠨ ᠤ ᠣᠨᠴᠠᠯᠢᠭ ᠪᠦᠬᠦᠢ ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠣᠯᠣᠨ᠎ᠠ᠃      ᠭᠦᠭᠡᠬᠤᠳᠠ ᠦᠨᠳᠦᠰᠦᠲᠡᠨ ᠤ ᠳᠡᠭᠡᠳᠦ ᠰᠤᠷᠭᠠᠭᠤᠯᠢ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠠᠶᠢᠭᠤᠯᠬᠤ ᠪᠠᠷ ᠳᠡᠮᠵᠢᠨ᠂ ᠶᠡᠭᠡ ᠳᠡᠭᠡᠳᠦ ᠰᠤᠷᠭᠠᠭᠤᠯᠢ ᠶᠢᠨ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠪᠠᠭᠰᠢ ᠪᠠ ᠢᠨᠵᠧᠨᠧᠷ ᠤᠨ ᠭᠡᠯᠪᠡᠷᠢ ᠶᠢᠨ ᠬᠠᠤᠯᠢ ᠶᠢᠨ ᠤᠬᠠᠭᠠᠨ ᠤ ᠪᠠᠭᠰᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠡᠭᠦᠨ ᠢ ᠨᠡᠶᠢᠭᠡᠮ ᠳᠤ ᠦᠢᠯᠡᠴᠢᠯᠡᠬᠦ ᠰᠠᠭᠤᠷᠢᠨ᠂ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠰᠠᠭᠤᠷᠢᠨ᠂ ᠶᠣᠰᠣ ᠰᠤᠷᠲᠠᠬᠤᠨ ᠬᠠᠤᠯᠢ ᠴᠠᠭᠠᠵᠠ ᠶᠢ ᠬᠠᠪᠰᠤᠷᠭᠠᠨ ᠰᠤᠷᠬᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠪᠣᠯᠭᠠᠨ ᠪᠠᠶᠢᠭᠤᠯᠤᠨ᠎ᠠ᠃ ᠡᠨᠡ ᠪᠣᠯ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠩᠭᠠᠯᠭ᠎ᠠ ᠶᠢ ᠥᠷᠭᠡᠳᠬᠡᠬᠦ᠂ ᠶᠡᠭᠡ ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠣᠨᠣᠯ ᠦᠢᠯᠡᠳᠦᠯᠭᠡ ᠶᠢᠨ ᠰᠤᠳᠤᠯᠤᠯ ᠢ ᠭᠦᠨᠵᠡᠭᠡᠶᠢᠷᠡᠭᠦᠯᠬᠦ ᠠᠰᠢᠭᠲᠠᠢ ᠰᠦᠪᠡᠭᠴᠢᠯᠡᠯᠲᠡ ᠪᠠᠶᠢᠵᠤ᠂ ︽ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠭᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠬᠦ᠂ ᠴᠢᠳᠠᠪᠤᠷᠢᠲᠠᠨ ᠢ ᠬᠥᠮᠥᠵᠢᠭᠦᠯᠬᠦ︾ ᠶᠢ ᠨᠢᠭᠡ ᠴᠣᠭᠴᠠᠵᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠳᠦᠯᠭᠡ ᠶᠢᠨ ᠲᠠᠪᠴᠠᠩ ᠢ ᠪᠠᠶᠢᠭᠤᠯᠵᠤ᠂ ᠦᠨᠳᠦᠰᠦᠲᠡᠨ ᠤ ᠣᠨᠴᠠᠯᠢᠭ ᠲᠠᠢ ᠬᠠᠤᠯᠢ ᠴᠠᠭᠠᠵᠠ ᠶᠢᠨ ᠲᠤᠰᠠᠯᠠᠮᠵᠢ ᠶᠢᠨ ᠨᠠᠷᠠᠲᠤ ᠲᠥᠷᠥᠯ ᠲᠡᠮᠳᠡᠭ ᠢ ᠪᠤᠶ ᠪᠣᠯᠭᠠᠨ᠎ᠠ᠃      ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ ᠭᠦᠭᠡᠬᠤᠲᠠ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠪᠣᠯᠣᠨ ᠭᠦᠭᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠡᠨᠡ ᠬᠦ ᠲᠠᠪᠴᠠᠩ ᠢ ᠰᠠᠶᠢᠲᠤᠷ ᠬᠡᠷᠡᠭᠯᠡᠨ᠂ ᠦᠢᠯᠡᠴᠢᠯᠡᠭᠡᠨ ᠤ ᠴᠣᠩᠬᠤᠪᠴᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠰᠤᠷᠭᠠᠭᠤᠯᠢ ᠳᠤ ᠪᠠᠶᠢᠭ᠎ᠠ ᠪᠠᠭᠰᠢ ᠰᠣᠷᠣᠬᠴᠢ᠂ ᠡᠷᠭᠢᠨ ᠲᠣᠭᠤᠷᠢᠨ ᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠨᠥᠯᠥᠭᠡ ᠪᠠᠷ ᠥᠷᠭᠡᠨ᠂ ᠣᠯᠠᠨ ᠡᠰᠢᠵᠢᠭᠰᠡᠨ᠂ ᠶᠡᠷᠦᠩᠬᠡᠶᠢᠯᠡᠭᠰᠡᠨ ᠴᠢᠨᠠᠷᠲᠠᠢ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠶᠢ ᠪᠤᠶ ᠪᠤᠯᠭᠠᠬᠤ ᠶᠢ ᠢᠳᠡᠪᠬᠢᠲᠡᠢ ᠠᠬᠢᠭᠤᠯᠵᠤ᠂ ᠬᠠᠤᠯᠢ ᠪᠠᠷ ᠣᠷᠣᠨ ᠢᠶᠠᠨ ᠵᠠᠰᠠᠬᠤ ᠶᠢ  ᠪᠦᠭᠦ ᠲᠠᠯ᠎ᠠ ᠪᠠᠷ ᠠᠬᠢᠭᠤᠯᠬᠤ᠂ ᠬᠠᠤᠯᠢᠵᠢᠯ ᠤᠨ ᠥᠪᠥᠷ ᠮᠣᠩᠭᠤᠯ ᠢ ᠲᠦᠷᠭᠡᠳᠬᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号